ᠬᠠᠷᠢᠭᠤᠴᠠᠯᠭ᠎ᠠ ᠭᠡᠳᠡᠭ ᠬᠡᠴᠢᠨᠡᠬᠡᠨ ᠴᠢᠬᠤᠯᠠ᠃ ᠡᠨᠡ ᠨᠢ ᠦᠪᠡᠷ ᠤᠨ ᠪᠡᠶ᠎ᠡ ᠳᠡᠭᠡᠨ ᠡᠵᠡᠨ ᠮᠡᠳᠡᠵᠦ᠂ ᠦᠪᠡᠷ ᠤᠨ ᠪᠡᠶ᠎ᠡ ᠪᠡᠨ ᠰᠠᠶᠢᠬᠠᠨ ᠠᠪᠴᠤ ᠶᠠᠪᠤᠬᠤ ᠵᠢᠨ ᠦᠨᠳᠦᠰᠦ ᠮᠦᠨ᠃ ᠠᠵᠢᠯ ᠢ ᠶᠡᠬᠡ ᠪᠠᠭ᠎ᠠ ᠭᠡᠵᠦ ᠭᠤᠯᠤᠯ ᠦᠭᠡᠢ᠂ ᠬᠤᠪᠢᠳᠠᠵᠤ ᠠᠪᠤᠭᠰᠠᠨ ᠠᠵᠢᠯ ᠵᠢᠡᠨ ᠨᠠᠷᠢᠨ ᠬᠢᠨᠠᠮᠠᠭᠠᠢ ᠬᠢᠵᠦ᠂ ᠡᠬᠦᠷᠬᠡ ᠬᠠᠷᠢᠭᠤᠴᠠᠯᠭ᠎ᠠ ᠪᠠᠨ ᠰᠠᠶᠢᠳᠦᠷ ᠬᠦᠢᠴᠡᠳᠭᠡᠪᠡᠯ ᠠᠯᠢᠪᠠ ᠪᠦᠬᠦᠨ ᠰᠠᠶᠢᠨ ᠰᠠᠶᠢᠬᠠᠨ ᠪᠤᠯᠬᠤ ᠤᠴᠢᠷ ᠲᠠᠢ᠃ ᠡᠬᠦᠨ ᠤ ᠡᠰᠡᠷᠬᠦ ᠪᠠᠷ᠂ ᠡᠬᠦᠷᠬᠡ ᠬᠠᠷᠢᠭᠤᠴᠠᠯᠭ᠎ᠠ ᠳᠠᠭᠠᠨ ᠬᠠᠰᠢ ᠶᠠᠰᠢ ᠬᠠᠨᠳᠤᠵᠤ᠂ ᠪᠤᠷᠤᠭᠤ ᠵᠢ ᠰᠡᠲᠦᠵᠦ᠂ ᠵᠢᠷᠭᠠᠨ ᠴᠡᠩᠬᠡᠬᠦ ᠦᠵᠡᠯ ᠰᠠᠨᠠᠭ᠎ᠠ ᠵᠢ ᠪᠠᠷᠢᠮᠲᠠᠯᠠᠵᠤ᠂ ᠬᠠᠷᠢᠭᠤᠴᠠᠯᠭ᠎ᠠ ᠪᠠᠨ ᠳᠦᠯᠬᠢᠨ᠂ ᠦᠳᠦᠭᠡᠯᠭᠡ ᠵᠢᠨ ᠡᠮᠦᠨ᠎ᠡ ᠬᠠᠷᠢᠭᠤᠴᠠᠯᠭ᠎ᠠ ᠪᠠᠨ ᠮᠠᠷᠲᠠᠵᠤ ᠬᠤᠷᠢᠭ᠎ᠠ ᠱᠤᠭᠤᠮ ᠢ ᠡᠪᠳᠡᠳᠡᠭ ᠬᠦᠮᠦᠨ ᠤ ᠤᠰᠤᠯ ᠡ᠊ᠨᠳᠡᠬᠦᠦ ᠭᠠᠷᠭᠠᠵᠦ ᠮᠡᠳᠡᠬᠦ ᠳᠤᠬᠢᠶᠠᠯᠳᠤᠮᠵᠢ ᠪᠤᠰᠤᠳ ᠠᠴᠠ ᠦᠨᠳᠦᠷ ᠪᠠᠶᠢᠵᠦ᠂ ᠰᠢᠭ᠍ᠰᠢᠭ᠍ᠳᠡᠵᠦ ᠬᠠᠶᠠᠭᠳᠠᠬᠤ᠂ ᠰᠢᠢᠳᠭᠡᠭ᠍ᠳᠡᠵᠦ ᠵᠠᠯᠬᠠᠭᠠᠭᠳᠠᠬᠤ ᠠᠶᠤᠯ ᠲᠠᠢ ᠶᠤᠮ᠃
ᠪᠠᠭ᠎ᠠ ᠶᠠᠪᠤᠳᠠᠯ ᠢ ᠰᠠᠶᠢᠨ ᠦᠯᠦ ᠬᠢᠪᠡᠰᠦ ᠶᠡᠬᠡ ᠶᠠᠪᠤᠳᠠᠯ ᠢ ᠡᠷᠬᠡᠰᠢᠶᠡᠵᠦ ᠦᠯᠦ ᠴᠢᠳᠠᠮᠤᠢ᠃ ᠶᠠᠮᠠᠷ ᠨᠢᠭᠡᠨ ᠤᠴᠢᠷ ᠲᠠᠢ ᠳᠤᠬᠢᠶᠠᠯᠳᠤᠵᠤ ᠲᠡᠭᠦᠨ ᠢ ᠪᠠᠨ ᠰᠶᠢᠳᠪᠦᠷᠢᠯᠡᠬᠦ ᠦᠶ᠎ᠡ ᠳᠤ ᠡᠨᠡ ᠶᠡᠬᠡ ᠤᠴᠢᠷ ᠪᠢᠰᠢ ᠭᠡᠵᠦ ᠲᠤᠭᠤᠮᠰᠠᠷᠯᠠᠨ᠂ ᠳᠦᠩᠭᠡᠭᠦᠯᠴᠢᠬᠡᠪᠡᠯ ᠪᠤᠯᠴᠢᠬᠠᠨ᠎ᠠ ᠭᠡᠰᠡᠨ ᠤᠪᠤᠷ ᠵᠢᠡᠷ ᠬᠠᠨᠳᠤᠵᠤ᠂ ᠡᠭᠦᠷᠭᠡᠯᠡᠬᠦ ᠬᠠᠷᠢᠭᠤᠴᠠᠯᠭ᠎ᠠ ᠪᠠᠨ ᠬᠦᠨᠳᠦ ᠬᠦᠩᠭᠡᠨ ᠭᠡᠵᠦ ᠳᠡᠰ ᠬᠤᠪᠢᠶᠠᠨ ᠢᠯᠭᠠᠵᠤ ᠪᠤᠯᠬᠤ ᠦᠭᠡᠢ᠃
ᠪᠠᠭ᠎ᠠ ᠶᠠᠪᠤᠳᠠᠯ ᠳᠤ ᠨᠠᠮᠴᠢ ᠴᠢᠨᠠᠷ ᠲᠠᠶ᠂ ᠵᠠᠷᠴᠢᠮ ᠲᠠᠶ᠂ ᠬᠥᠮᠦᠨᠴᠢ ᠴᠢᠨᠠᠷ ᠲᠠᠶ ᠪᠠᠶᠢᠳᠠᠭ᠃ ᠨᠠᠶᠢᠷ ᠲᠠᠯ᠎ᠠ ᠢᠢᠨ ᠶᠠᠪᠤᠯᠴᠠᠭ᠎ᠠ ᠪᠣᠯᠤᠨ ᠠᠰᠢᠭ ᠲᠤᠰᠠ ᠢᠢᠨ ᠥᠳᠥᠭᠡᠯᠭᠡ ᠢᠢᠨ ᠡᠮᠦᠨ᠎ᠡ ᠨᠠᠭᠠᠳᠤ ᠵᠠᠬ᠎ᠠ ᠢᠢᠨ ᠬᠣᠷᠢᠭ᠎ᠠ ᠱᠤᠭᠤᠮ ᠢ ᠪᠠᠲᠤ ᠰᠠᠬᠢᠬᠤ ᠶᠤᠮ ᠦᠦ᠂ ᠣᠯᠠᠨ ᠤ ᠠᠶ᠎ᠠ ᠢᠢ ᠳᠠᠭᠠᠬᠤ ᠶᠤᠮ ᠤᠤ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠮᠥᠨ ᠴᠢᠨᠠᠷ ᠢᠶᠠᠨ ᠪᠠᠷᠢᠮᠲᠠᠯᠠᠬᠤ ᠶᠤᠮ ᠦᠦ᠂ ᠡᠰᠡᠬᠦᠯ᠎ᠡ ᠱᠠᠯᠢᠨ ᠪᠦᠷᠢᠯᠭᠡᠵᠦ ᠵᠢᠷᠭᠠᠨ ᠴᠡᠩᠭᠡᠬᠦ ᠳᠦ ᠰᠢᠨᠤᠬᠤ ᠶᠤᠮ ᠦᠦ︖ᠡᠳᠡᠭᠡᠷ ᠨᠢ ᠵᠢᠵᠢᠭ ᠰᠠᠵᠢᠭ ᠶᠠᠪᠤᠳᠠᠯ ᠳᠡᠭᠡᠷ᠎ᠡ ᠢᠯᠡᠷᠡᠵᠦ᠂ ᠬᠠᠷᠢᠭᠤᠴᠠᠯᠭ᠎ᠠ ᠪᠠᠨ ᠰᠠᠶᠢᠨ ᠬᠦᠢᠴᠡᠳᠬᠡᠵᠦ ᠡᠰᠡᠬᠦ ᠵᠢᠨ ᠰᠢᠯᠭᠠᠭᠤᠷ ᠪᠤᠯᠳᠠᠭ᠃ ᠵᠠᠷᠢᠮ ᠳᠠᠭᠠᠨ ᠨᠢᠭᠡ ᠬᠠᠷᠢᠴᠠᠭ ᠲᠠᠮᠠᠬᠢ᠂ ᠨᠢᠭᠡ ᠺᠠᠷᠲ ᠨᠢ ᠦᠵᠡᠬᠦ ᠳᠦ ᠡ᠊ᠩ ᠦᠨ ᠰᠢᠭ ᠪᠣᠯᠪᠠᠴᠤ ᠬᠥᠮᠦᠨ ᠦ ᠰᠡᠳᠭᠢᠯ ᠢ ᠨᠡᠪᠲᠡ ᠠᠵᠢᠭᠯᠠᠬᠤ ᠲᠤᠯᠢ ᠰᠢᠭ ᠢᠶᠡᠷ ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ᠂ ᠢᠲᠡᠭᠡᠯ ᠪᠢᠰᠢᠷᠡᠯ ᠪᠣᠯᠤᠨ ᠰᠤᠷᠲᠠᠯ ᠤᠨ ᠪᠠᠷᠢᠮᠵᠢᠶ᠎ᠠ ᠢᠢ ᠲᠤᠰᠬᠠᠳᠠᠭ᠃ ᠢᠯᠵᠠᠷᠠᠯ ᠢ ᠡᠰᠡᠷᠭᠦᠴᠡᠨ ᠬᠤᠪᠢᠷᠠᠬᠤ ᠢᠢ ᠰᠡᠷᠭᠡᠶᠢᠯᠡᠬᠦ ᠰᠡᠷᠭᠡᠶᠢᠯᠡᠯᠲᠡ ᠢᠢᠨ ᠱᠤᠭᠤᠮ ᠢ ᠪᠠᠲᠤ ᠰᠠᠬᠢᠬᠤ ᠳᠤ ᠪᠠᠭ᠎ᠠ ᠶᠠᠪᠤᠳᠠᠯ ᠵᠢᠵᠢᠭ ᠤᠴᠢᠷ ᠡᠴᠡ ᠡᠬᠢᠯᠡᠨ ᠰᠠᠬᠢᠬᠤ ᠬᠡᠷᠡᠭ᠍ᠲᠡᠶ᠂ ᠡᠨᠡ ᠪᠣᠯ ᠦᠢᠯᠡᠳᠦᠯᠭᠡ ᠡᠴᠡ ᠣᠯᠤᠭᠰᠠᠨ ᠭᠦᠨᠵᠡᠭᠡᠶ ᠳ᠋ᠦᠩᠨᠡᠯᠲᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠠᠴᠠ ᠨᠠᠭᠠᠰᠢ᠂ ᠲᠥᠪ ᠬᠣᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠢᠢ ᠭᠦᠨᠵᠡᠭᠡᠢ ᠲᠤᠭᠤᠰᠢᠯᠠᠭᠤᠯᠵᠤ᠂ ᠠᠮᠠᠷᠬᠠᠨ ᠣᠮᠲᠣᠭᠠᠶᠢᠯᠠᠳᠠᠭ ᠪᠠᠭ᠎ᠠ ᠶᠠᠪᠤᠳᠠᠯ ᠵᠢᠵᠢᠭ ᠤᠴᠢᠷ ᠢ ᠬᠠᠮᠢᠶᠠᠷᠴᠤ᠂ ᠮᠠᠭᠤ ᠢᠢ ᠨᠢ ᠮᠠᠭᠤᠰᠢᠶᠠᠵᠤ ᠰᠠᠶᠢᠨ ᠢ ᠨᠢ ᠰᠠᠶᠢᠰᠢᠶᠠᠬᠤ ᠯᠤᠲᠤ ᠶᠡᠬᠡ ᠬᠤᠪᠢᠷᠠᠯᠲᠠ ᠢᠢ ᠤᠭᠲᠤᠨ ᠠᠪᠴᠢᠷᠠᠪᠠ᠃ ᠡᠨᠡ ᠨᠢ ᠰᠤᠷᠲᠠᠯ ᠤᠨ ᠪᠠᠶᠢᠭᠤᠯᠤᠯᠲᠠ ᠢᠢ ᠠᠳᠬᠤᠬᠤ ᠳᠤ ᠪᠠᠭ᠎ᠠ ᠶᠠᠪᠤᠳᠠᠯ ᠠᠴᠠ ᠡᠬᠢᠯᠡᠨ ᠠᠳᠬᠤᠵᠤ᠂ ᠪᠠᠭ᠎ᠠ ᠶᠠᠪᠤᠳᠠᠯ ᠠᠴᠠ ᠡᠬᠢᠯᠡᠨ ᠴᠢᠩᠳᠠᠯᠠᠬᠤ ᠬᠡᠷᠡᠭ᠍ᠲᠡᠶ ᠭᠡᠳᠡᠭ ᠢ ᠤᠯᠠᠮ ᠨᠢᠭᠡ ᠠᠯᠬᠤᠮ ᠰᠡᠩᠬᠡᠷᠡᠭᠦᠯᠦᠭ᠍ᠰᠡᠨ ᠪᠠᠶᠢᠨ᠎ᠠ᠃ ᠪᠠᠭ᠎ᠠ ᠶᠠᠪᠤᠳᠠᠯ ᠢ ᠤᠮᠳᠤᠭᠠᠶᠢᠯᠠᠵᠤ᠂ ᠠᠯᠪᠠ ᠬᠠᠰᠢᠵᠤ ᠪᠠᠶᠢᠬᠤ ᠨᠢ ᠮᠥᠨ ᠴᠢᠨᠠᠷ ᠳᠡᠭᠡᠷ᠎ᠡ ᠪᠡᠨ ᠬᠦᠰᠡᠯᠡᠩ ᠪᠠ ᠢᠲᠡᠭᠡᠯ ᠵᠣᠷᠢᠭ ᠤᠨ ᠰᠤᠯᠠᠷᠠᠯ ᠮᠥᠨ᠃ ᠬᠦᠰᠡᠯᠡᠩ ᠪᠠ ᠢᠲᠡᠭᠡᠯ ᠵᠣᠷᠢᠭ ᠪᠣᠯ ᠳᠠᠷᠤᠶ ᠣᠶᠣᠨ ᠰᠠᠨᠠᠭᠠᠨ ᠤ ︽ᠺᠠᠯᠼ︾ ᠮᠥᠨ᠂ ᠣᠶᠣᠨ ᠰᠠᠨᠠᠭᠠᠨ ᠤ ᠲᠠᠯ᠎ᠠ ᠪᠠᠷ ︽ᠺᠠᠯᠼ ᠳᠤᠲᠠᠭᠳᠠᠪᠠᠯ︾ ᠳᠠᠷᠤᠶ ︽ᠶᠠᠰᠤ ᠵᠥᠭᠡᠯᠡᠷᠡᠬᠦ ᠡᠪᠡᠳᠴᠢᠨ︾ ᠣᠯᠤᠨ᠎ᠠ᠃ ᠵᠠᠷᠢᠮ ᠬᠦᠮᠦᠰ ᠲᠤ ᠡᠶᠢᠮᠦ ᠲᠡᠶᠢᠮᠦ ᠠᠰᠠᠭᠤᠳᠠᠯ ᠭᠠᠷᠴᠤ ᠪᠠᠶᠢᠬᠤ ᠨᠢ ᠦᠨᠡᠨ ᠳᠡᠭᠡᠨ ᠢᠲᠡᠭᠡᠯ ᠪᠢᠰᠢᠷᠡᠯ ᠪᠠᠯᠠᠷᠬᠠᠶᠢᠰᠢᠵᠤ᠂ ᠤᠶᠤᠨ ᠰᠠᠨᠠᠭ᠎ᠠ ᠲᠥᠭᠡᠷᠢᠭ᠍ᠳᠡᠭ᠍ᠰᠡᠨ ᠡᠴᠡ ᠪᠣᠯᠤᠭᠰᠠᠨ ᠶᠤᠮ᠃ ᠵᠠᠮ ᠤᠨ ᠳ᠋ᠧᠩ ᠢ ᠴᠠᠭ ᠲᠤᠬᠠᠶ ᠳᠤᠨᠢ ᠰᠡᠯᠪᠢᠨ ᠵᠠᠰᠠᠬᠤ ᠥᠬᠡᠶ ᠪᠣᠯ ᠡ᠊ᠨᠳᠡᠯ ᠭᠠᠷᠴᠤ ᠮᠡᠳᠡᠨ᠎ᠡ᠂ ᠲᠤᠭᠠᠨ ᠤ ᠬᠦᠰᠦᠨᠦᠭ᠍ᠲᠦ ᠢᠢᠨ ᠠᠷᠪᠠᠲᠤ ᠢᠢᠨ ᠪᠤᠲᠠᠷᠬᠠᠶ ᠢᠢᠨ ᠴᠡᠭ ᠪᠤᠷᠤᠭᠤᠳᠠᠪᠠᠯ ᠮᠠᠰᠢ ᠶᠡᠬᠡ ᠠᠯᠳᠠᠭ᠎ᠠ ᠭᠠᠷᠴᠤ ᠮᠡᠳᠡᠨ᠎ᠡ ᠭᠡᠳᠡᠭ ᠢ ᠰᠢᠯᠢᠳᠡᠭ ᠺᠠᠳ᠋ᠷ ᠠᠵᠢᠯᠲᠠᠨ ᠪᠦᠷ ᠰᠠᠶᠢᠨ ᠮᠡᠳᠡᠨ᠎ᠡ᠃ ᠨᠢᠭᠡᠨ ᠨᠡᠶᠢᠭᠡᠮ ᠲᠣᠭᠣᠷᠢᠭ ᠤᠨ ᠱᠦᠵᠢ ᠢᠢᠨ ᠠᠷᠠᠳ ᠤᠨ ᠪᠠᠶᠢᠳᠠᠯ ᠤᠨ ᠲᠡᠮᠳᠡᠭ᠍ᠯᠡᠯ ᠦᠨ ᠳᠡᠪᠲᠡᠷ ᠲᠦ 37 ᠡᠷᠦᠬᠡ ᠢᠢᠨ ᠭᠠᠭᠴᠠᠭᠠᠷ ᠰᠠᠭᠤᠭ᠎ᠠ ᠨᠠᠰᠤᠲᠠᠨ ᠤ ᠡᠮ ᠤᠤᠭᠤᠬᠤ ᠴᠠᠭ ᠢ ᠲᠡᠮᠲᠡᠭᠯᠡᠵᠦ ᠪᠤᠢ︔ ᠲᠣᠰᠬᠣᠨ ᠳᠤ ᠰᠠᠭᠤᠭ᠎ᠠ ᠨᠢᠭᠡᠳᠦᠭᠡᠷ ᠱᠦᠵᠢ ᠢᠢᠨ ᠭᠠᠷ ᠤᠲᠠᠰᠤᠨ ᠳᠤ ᠪᠦᠬᠦ ᠲᠣᠰᠬᠣᠨ ᠤ ᠭᠡᠷ ᠢᠶᠡᠨ ᠰᠠᠬᠢᠵᠤ ᠬᠣᠴᠣᠷᠤᠭᠰᠠᠨ ᠬᠡᠦᠬᠡᠳ ᠦᠨ ᠭᠡᠷ ᠦᠨ ᠠᠬᠠᠮᠠᠳ ᠤᠨ ᠤᠲᠠᠰᠤ ᠢᠢ ᠬᠠᠳᠠᠭᠠᠯᠠᠵᠤ ᠪᠤᠢ᠁ ᠵᠢᠵᠢᠭ ᠰᠠᠵᠢᠭ ᠶᠠᠪᠤᠳᠠᠯ ᠢ ᠨᠠᠷᠢᠨ ᠬᠢᠨᠠᠮᠠᠭᠠᠢ ᠰᠶᠢᠳᠪᠦᠷᠢᠯᠡᠬᠦ ᠡᠰᠡᠬᠦ ᠨᠢ ᠨᠠᠮ ᠤᠨ ᠭᠡᠰᠢᠭᠦᠨ ᠺᠠᠳ᠋ᠷᠴᠤᠳ ᠤᠨ ᠵᠠᠩ ᠴᠢᠨᠠᠷ ᠪᠣᠯᠤᠨ ᠬᠡᠪ ᠪᠣᠯᠪᠠᠰᠤᠷᠠᠯ ᠢ ᠳᠤᠰᠬᠠᠵᠤ᠂ ᠦᠭᠡ ᠶᠠᠷᠢᠶ᠎ᠠ ᠦᠢᠯᠡ ᠠᠵᠢᠯᠯᠠᠭ᠎ᠠ ᠨᠢ ᠣᠯᠠᠨ ᠲᠦᠮᠡᠨ ᠦ ᠰᠡᠳᠭᠢᠯ ᠤᠨ ᠬᠠᠨᠳᠤᠰᠢ ᠵᠢ ᠨᠦᠯᠦᠭᠡᠯᠡᠵᠦ ᠪᠠᠶᠢᠳᠠᠭ᠃
ᠡᠶᠢᠮᠦ ᠡᠴᠡ ᠥᠷᠭᠡᠨ ᠤᠯᠠᠨ ᠺᠠᠳ᠋ᠷ ᠠᠵᠢᠯᠲᠠᠨ ᠬᠢᠨᠠᠭᠤᠷ ᠪᠣᠯᠭᠣᠮᠵᠢᠲᠠᠶ ᠣᠪᠣᠷ ᠢ ᠪᠠᠷᠢᠮᠲᠠᠯᠠᠵᠤ᠂ ᠵᠢᠵᠢᠭ ᠰᠠᠵᠢᠭ ᠵᠦᠢᠯ ᠳᠦ ᠴᠠᠭ ᠢᠮᠠᠭᠲᠠ ᠳᠡᠭᠡᠳᠦ ᠬᠡᠮᠵᠢᠶᠡᠨ ᠦ ᠰᠣᠨᠣᠷ ᠰᠡᠷᠡᠮᠵᠢ ᠲᠡᠶ ᠪᠠᠶᠢᠵᠤ᠂ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠵᠢ ᠡᠪᠦᠷᠯᠡᠵᠦ ᠰᠶᠢᠳᠪᠦᠷᠢᠡᠯᠬᠦ ᠬᠡᠷᠡᠭᠲᠡᠢ᠃ ᠬᠤᠳᠠ ᠢᠢᠨ ᠠᠷᠠᠳ ᠰᠠᠨᠠᠭᠠᠴᠢᠯᠠᠭ᠎ᠠ ᠠᠴᠠ ᠪᠠᠨ ᠬᠤᠳᠳᠤᠭ ᠤᠨ ᠬᠠᠪᠬᠠᠭᠠᠰᠤ ᠢᠢᠨ ᠪᠠᠶᠢᠷᠢ ᠰᠢᠯᠵᠢᠭ᠍ᠰᠡᠨ ᠢ ᠮᠡᠳᠡᠭᠦᠯᠬᠦ ᠳᠦ᠂ ᠬᠠᠷᠢᠭᠤᠴᠠᠵᠤ ᠪᠠᠶᠢᠭ᠎ᠠ ᠺᠠᠳ᠋ᠷ ᠬᠠᠭᠠᠰ ᠴᠠᠭ ᠤᠨ ᠳᠣᠲᠣᠷ᠎ᠠ ᠰᠡᠷᠡᠮᠵᠢ ᠢᠢᠨ ᠫᠠᠶᠢᠰᠠ ᠪᠤᠰᠬᠠᠪᠠ︔ ᠤᠯᠠᠨ ᠲᠦᠮᠡᠨ ᠰᠠᠭᠤᠭᠠᠯᠢ ᠠᠷᠠᠳ ᠤᠨ ᠲᠣᠭᠣᠷᠢᠭ ᠤᠨ ᠥᠭᠡᠷᠡᠴᠢᠯᠡᠯᠲᠡ ᠢᠢᠨ ᠲᠥᠰᠦᠪ ᠲᠦ ᠬᠢᠨᠠᠯᠲᠠ ᠲᠠᠯᠪᠢᠬᠤ ᠳᠤ᠂ ᠵᠡᠭᠡᠯᠢ ᠭᠤᠳᠤᠮᠵᠢ ᠢᠢᠨ ᠠᠯᠪᠠᠨ ᠭᠡᠷ ᠲᠡᠷᠡ ᠳᠠᠷᠤᠢ ᠳᠤᠨᠢ ᠢᠯᠡ ᠲᠣᠳᠣᠷᠬᠠᠢ ᠪᠤᠯᠭᠠᠪᠠ᠃ ᠡᠨᠡ ᠬᠦ ᠰᠠᠶᠢᠨ ᠰᠠᠶᠢᠬᠠ ᠨᠥᠬᠥᠴᠡᠯᠳᠦᠯ ᠨᠢ ᠬᠠᠷᠢᠭᠤᠴᠠᠯᠭ᠎ᠠ ᠢᠢᠨ ᠦᠢᠯᠡᠳᠦᠯ ᠢ ᠤᠯᠠᠮ ᠲᠤᠮᠤᠷᠠᠭᠤᠯᠵᠤ᠂ ᠡᠶ᠎ᠡ ᠵᠤᠬᠢᠴᠠᠯ ᠲᠠᠢ ᠬᠠᠮᠲᠤ ᠪᠠᠷ ᠳᠠᠪᠰᠢᠬᠤ ᠪᠠᠶᠢᠳᠠᠯ ᠢ ᠢᠯᠡᠷᠡᠭᠦᠯᠪᠡ᠃ ᠱᠠᠩᠬᠠᠶ ᠢᠢᠨ︽ᠨᠢᠭᠡ ᠰᠦᠯᠵᠢᠶᠡᠨ ᠬᠠᠶ᠋ᠢᠭ ᠳᠡᠭᠡᠷ᠎ᠡ ᠪᠦᠭᠦᠳᠡ ᠵᠢ ᠰᠶᠢᠳᠪᠦᠷᠢᠯᠡᠬᠦ︾ ᠰᠢᠰᠲ᠋ᠧᠮ ᠦᠨ ᠢᠯᠡᠷᠡᠭᠦᠯᠦᠭ᠍ᠰᠡᠨ ᠢᠶᠡᠷ᠂ 80% ᠢᠢᠨ ᠬᠣᠲᠠ ᠢᠢᠨ ᠠᠷᠠᠳ ᠤᠨ ᠵᠠᠭᠠᠯᠳᠤᠯᠭ᠎ᠠ ᠨᠢ ᠴᠥᠮ ᠵᠢᠵᠢᠭ ᠰᠠᠵᠢᠭ ᠤᠴᠢᠷ ᠠᠴᠠ ᠪᠤᠯᠵᠠᠢ᠃︽ᠵᠠᠭᠠᠯᠳᠤᠯᠭ᠎ᠠ ᠢᠢ ᠬᠦᠯᠢᠶᠡᠨ ᠠᠪᠤᠪᠠᠯ ᠳᠠᠷᠤᠶ ᠰᠢᠢᠳᠪᠦᠷᠢᠯᠡᠬᠦ︾12345 ᠬᠠᠯᠠᠭᠤᠨ ᠤᠲᠠᠰᠤ ᠪᠤᠶᠤ ︽ᠨᠠᠮ ᠤᠨ ᠭᠡᠰᠢᠭᠦᠨ ᠦ ᠥᠴᠦᠬᠡᠨ ᠬᠦᠰᠡᠯ︾ ᠤᠨ ᠲᠠᠪᠴᠠᠩ ᠭᠡᠰᠡᠨ ᠦᠭᠡᠶ ᠴᠥᠮ ᠬᠠᠷᠢᠭᠤᠴᠠᠯᠭ᠎ᠠ ᠳᠤ ᠶᠡᠬᠡ ᠪᠠᠭ᠎ᠠ ᠢᠢᠨ ᠢᠯᠭᠠᠭ᠎ᠠ ᠭᠡᠵᠦ ᠦᠭᠡᠶ᠂ ᠵᠥᠪᠬᠡᠨ ᠬᠢᠬᠦ ᠪᠠ ᠡᠰᠡ ᠬᠢᠬᠦ ᠢᠢᠨ ᠢᠯᠭᠠᠭ᠎ᠠ ᠲᠠᠶ ᠭᠡᠳᠡᠭ ᠢ ᠢᠯᠡᠷᠡᠭᠦᠯᠪᠡ᠃ ᠬᠥᠷᠰᠢ ᠵᠡᠷᠭᠡᠯᠡᠳᠡᠭᠡ ᠢᠢᠨ ᠶᠠᠭᠤᠨ ᠳᠤ ᠬᠠᠷᠰᠢᠳᠠᠭ ᠭᠡᠰᠡᠨ ᠢ ᠴᠡᠭᠡᠵᠢᠯᠡᠭ᠍ᠰᠡᠨ ᠬᠡᠲᠦ ᠳᠡᠯᠭᠡᠭᠦᠷ ᠦᠨ ᠠᠵᠢᠯᠲᠠᠨ᠂ 200 ᠡᠷᠦᠬᠡ ᠢᠢᠨ ᠨᠥᠬᠥᠪᠥᠷᠢ ᠢᠢᠨ ᠵᠣᠭᠣᠰ ᠢ ᠣᠨᠣᠪᠴᠢᠲᠠᠶ ᠬᠠᠷᠭᠤᠭᠤᠯᠤᠭᠰᠠᠨ ᠦᠨᠳᠦᠰᠦᠨ ᠱᠠᠲᠤᠨ ᠤ ᠠᠯᠪᠠᠲᠠᠨ ᠤ ᠦᠢᠯᠡ ᠠᠵᠢᠯᠯᠠᠭ᠎ᠠ ᠨᠢ ᠬᠠᠷᠢᠭᠤᠴᠠᠯᠭ᠎ᠠ ᠬᠡᠵᠢᠶᠡᠳᠡ ᠵᠢᠵᠢᠭ ᠰᠠᠵᠢᠭ ᠤᠴᠢᠷ ᠲᠤ ᠢᠯᠡᠷᠡᠵᠦ ᠪᠠᠶᠢᠳᠠᠭ ᠭᠡᠰᠡᠨ ᠢ ᠲᠤᠳᠤᠷᠬᠠᠶᠢᠯᠠᠵᠤ ᠪᠠᠶᠢᠨ᠎ᠠ᠃
ᠰᠢᠷᠤᠢ ᠵᠢᠨ ᠳᠠᠯᠠᠩ ᠶᠡᠬᠡ ᠪᠤᠯᠪᠠᠴᠤ ᠰᠢᠷᠭᠤᠯᠵᠢ ᠢᠢᠨ ᠨᠦᠬᠡ ᠡᠴᠡ ᠪᠤᠯᠵᠤ ᠶᠡᠭᠦᠷᠡᠳᠡᠭ ᠭᠡᠳᠡᠭᠴᠢᠯᠠᠨ ᠤᠴᠢᠷ ᠶᠠᠪᠤᠳᠠᠯ ᠢ ᠶᠡᠬᠡ ᠪᠠᠭ᠎ᠠ ᠭᠡᠵᠦ ᠢᠯᠭᠠᠯ ᠦᠭᠡᠢ ᠪᠦᠷ ᠬᠠᠷᠢᠭᠤᠴᠠᠯᠭᠠᠲᠤ ᠤᠪᠤᠷ ᠵᠢᠡᠷ ᠬᠠᠨᠳᠤᠵᠤ ᠪᠠᠶᠢᠬᠤ ᠬᠡᠷᠡᠭᠲᠡᠢ᠃ ᠡᠶᠢᠮᠦ ᠡᠴᠡ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠡᠭᠡᠯ ᠠᠷᠠᠳ ᠡᠷᠬᠡᠪᠰᠢ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠰᠠᠶᠢᠨ ᠴᠡᠭᠡᠵᠢᠯᠡᠵᠦ᠂ ᠰᠢ ᠢᠢᠨ ᠫᠢᠩ ᠤᠨ ᠰᠢᠨ᠎ᠡ ᠴᠠᠭ ᠦᠶ᠎ᠡ ᠢᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠭᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠢᠢ ᠱᠤᠭᠤᠵᠤ᠂ ᠤᠶᠤᠨ ᠰᠠᠨᠠᠭᠠᠨ ᠤ ︽ᠺᠠᠯᠼ︾ ᠵᠢᠡᠨ ᠨᠥᠬᠥᠪᠥᠷᠢᠯᠡᠵᠦ᠂ ᠪᠠᠲᠤ ᠴᠢᠩᠭ᠎ᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠬᠡᠷᠡᠭ᠍ᠲᠡᠢ᠃ ︽ᠬᠢᠬᠦ ᠶᠣᠰᠣᠲᠠᠶ︾ᠭᠡᠳᠡᠭ ᠢ ︽ᠬᠢᠬᠦ ᠳᠤᠷᠠᠲᠠᠶ︾ ᠪᠣᠯᠭᠠᠵᠤ᠂ ︽ᠠᠷᠭᠠᠴᠠᠵᠤ ᠳᠡᠶᠢᠯᠬᠦ︾ ᠵᠢ ︽ᠰᠡᠳᠬᠢᠯ ᠲᠠᠯᠪᠢᠨ ᠬᠢᠬᠦ ︾ ᠪᠣᠯᠭᠠᠬᠤ ᠨᠢ ᠳᠠᠷᠤᠶ ᠤᠴᠢᠷ ᠶᠠᠪᠤᠳᠠᠯ ᠢ ᠨᠠᠷᠢᠨ ᠬᠢᠨᠠᠮᠠᠭᠠᠢ ᠬᠢᠵᠦ᠂ ᠬᠠᠷᠢᠭᠤᠴᠠᠯᠭ᠎ᠠ ᠪᠠᠨ ᠰᠠᠶᠢᠨ ᠬᠦᠢᠴᠡᠳᠬᠡᠬᠦ ᠲᠤᠬᠠᠶ ᠬᠠᠮᠤᠭ ᠤᠨ ᠰᠠᠶᠢᠨ ᠴᠠᠭ ᠦᠶ᠎ᠡ ᠢᠢᠨ ᠲᠠᠶᠢᠯᠪᠤᠷᠢᠯᠠᠯᠲᠠ ᠪᠣᠯᠬᠤ ᠶᠤᠮ᠃
