ᠤᠳᠬ᠎ᠠ ᠲᠡᠬᠦᠯᠳᠡᠷ ᠰᠤᠷᠭᠠᠭᠤᠯᠢ ᠡᠬᠢᠯᠡᠭᠰᠡᠨ ᠠᠡᠭᠬᠠᠨ ᠤ ᠬᠢᠴᠢᠶᠡᠯ

 ᠄ 2024-09-05 10:26:50

    ᠰᠢᠨ᠎ᠠ ᠰᠤᠷᠤᠯᠭ᠎ᠠ ᠵᠢᠨ ᠬᠤᠭᠤᠴᠠᠭ᠎ᠠ ᠨᠢ ᠰᠢᠨ᠎ᠠ ᠲᠦᠷᠬᠦ ᠪᠠᠶᠢᠳᠠᠯ ᠢ ᠤᠭᠳᠤᠨ ᠠᠪᠴᠢᠷᠠᠵᠤ᠂ ᠰᠢᠨ᠎ᠠ ᠬᠦᠰᠡᠯ ᠡᠷᠡᠮᠡᠯᠵᠡᠯ ᠨᠢ ᠰᠢᠨ᠎ᠠ ᠠᠶᠠᠨ ᠢ ᠡᠬᠢᠯᠡᠬᠦᠯᠦᠯ᠎ᠠ᠃ ᠰᠤᠷᠭᠠᠭᠤᠯᠢ ᠡᠬᠢᠯᠡᠬᠦ ᠠᠡᠭᠬᠠᠨ ᠤ ᠬᠢᠴᠢᠶᠡᠯ ᠨᠢ ᠰᠤᠷᠤᠭᠴᠢᠳ ᠢ ᠴᠣ ᠰᠢᠨ᠎ᠠ ᠤᠶᠤᠨ ᠰᠠᠨᠠᠭᠠᠨ ᠤ ᠲᠦᠷᠰᠦ ᠪᠠᠶᠢᠳᠠᠯ ᠵᠢᠡᠷ ᠰᠢᠨ᠎ᠠ ᠰᠤᠷᠤᠯᠭ᠎ᠠ ᠵᠢᠨ ᠬᠤᠭᠤᠴᠠᠭᠠᠨ ᠤ ᠰᠤᠷᠤᠯᠴᠠᠯᠭ᠎ᠠ ᠠᠮᠢᠳᠤᠷᠠᠯ ᠳᠤ ᠤᠷᠤᠯᠴᠠᠭᠤᠯᠬᠤ ᠨᠢ ᠯᠠᠪᠳᠠᠢ᠃

    ᠣᠷᠴᠢᠨ ᠠᠬᠤᠶ ᠢᠢ ᠬᠠᠮᠠᠭᠠᠯᠠᠬᠤ ᠠᠮᠢᠳᠤᠷᠠᠯ ᠤᠨ ᠬᠡᠪ ᠰᠤᠷᠲᠠᠯ ᠢ ᠤᠯᠠᠮ ᠨᠢᠭᠡ ᠠᠯᠬᠤᠮ ᠰᠠᠨᠠᠭᠠᠴᠢᠯᠠᠨ᠂ ᠬᠥᠮᠦᠨ ᠪᠣᠯᠭᠠᠨ ᠬᠣᠭ ᠨᠣᠪᠰᠢ ᠢᠢ ᠲᠥᠷᠥᠯ ᠬᠤᠪᠢᠶᠠᠬᠤ ᠳᠤ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠣᠭ ᠨᠣᠪᠰᠢ ᠢᠢ ᠲᠥᠷᠥᠯ ᠬᠤᠪᠢᠶᠠᠬᠤ ᠵᠢ ᠬᠢᠴᠢᠶᠡᠯ ᠦᠨ ᠲᠠᠩᠬᠢᠮ ᠳᠤ ᠣᠷᠣᠭᠤᠯᠬᠤ ᠢᠢᠨ ᠲᠤᠰᠠᠳᠠ᠂ 2024 ᠣᠨ ᠤ ᠨᠠᠮᠤᠷ ᠤᠨ ᠤᠯᠠᠷᠢᠯ ᠤᠨ ᠰᠢᠨ᠎ᠠ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠵᠢ ᠲᠤᠬᠢᠶᠠᠯᠳᠤᠭᠤᠯᠵᠤ᠂ ᠣᠷᠳᠣᠰ ᠬᠣᠲᠠ ᠢᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠸᠬᠡᠳ ᠦᠨ ᠴᠡᠴᠡᠷᠯᠢᠭ ᠨᠢ ᠰᠤᠷᠭᠠᠭᠤᠯᠢ ᠡᠬᠢᠯᠡᠭᠰᠡᠨ ᠠᠡᠭᠬᠠᠨ ᠤ ᠬᠢᠴᠢᠶᠡᠯ ᠳᠡᠭᠡᠨ ︽ᠬᠣᠭ ᠨᠣᠪᠰᠢ ᠢᠢ ᠲᠥᠷᠥᠯ ᠬᠤᠪᠢᠶᠠᠬᠤ ᠢᠢ ᠳᠠᠳᠬᠠᠯ ᠪᠣᠯᠭᠠᠬᠤ︾ ᠪᠠᠷ ᠭᠣᠸᠯ ᠰᠡᠳᠦᠪ ᠪᠣᠯᠭᠠᠭᠰᠠᠨ ᠣᠯᠠᠨ ᠬᠡᠯᠪᠡᠷᠢ ᠢᠢᠨ ᠤᠬᠠᠭᠤᠯᠭ᠎ᠠ ᠬᠥᠮᠦᠵᠢᠯ ᠦᠨ ᠠᠵᠢᠯᠯᠠᠭ᠎ᠠ ᠢᠢ ᠥᠷᠨᠢᠭᠦᠯᠦᠭᠰᠡᠨ ᠪᠠᠶᠢᠨ᠎ᠠ᠃

    ᠡᠯ᠎ᠡ ᠰᠤᠷᠭᠠᠭᠤᠯᠢ ᠢᠢᠨ ᠬᠢᠨ ᠠᠮᠠᠷᠠᠯᠲᠠ ᠢᠢᠨ ᠬᠤᠭᠤᠴᠠᠭ᠎ᠠ ᠪᠠᠨ ᠠᠰᠢᠭᠯᠠᠨ ᠰᠤᠷᠤᠭᠴᠢᠳ ᠲᠸ᠋ ᠬᠣᠭ ᠨᠣᠪᠰᠢ ᠢᠢ ᠲᠥᠷᠥᠯ ᠬᠤᠪᠢᠶᠠᠬᠤ ᠠᠭᠤᠯᠭ᠎ᠠ ᠲᠠᠢ ᠭᠠᠷ ᠪᠢᠴᠢᠮᠠᠯ ᠰᠤᠨᠢᠨ ᠬᠢᠬᠦ᠂ ᠬᠡᠷ ᠵᠠᠭᠤᠷ᠎ᠠ ᠢᠢᠨ ᠬᠠᠶᠠᠭᠳᠠᠮᠠᠯ ᠡᠳ᠋ ᠪᠣᠳᠠᠰ ᠢ ᠬᠣᠷᠢᠶᠠᠨ ᠠᠪᠴᠤ ᠨᠠᠷᠢᠯᠢᠭ ᠰᠠᠶᠢᠬᠠᠨ ᠭᠠᠷ ᠤᠷᠠᠯᠠᠯ ᠤᠨ ᠪᠦᠲᠦᠬᠡᠭᠳᠡᠬᠦᠨ ᠬᠢᠬᠦ᠂ ᠬᠣᠭ ᠨᠣᠪᠰᠢ ᠢᠢ ᠲᠥᠷᠥᠯ ᠬᠤᠪᠢᠶᠠᠨ ᠬᠣᠷᠢᠶᠠᠨ ᠴᠤᠭᠯᠠᠭᠤᠯᠬᠤ ᠲᠥᠬᠥᠭᠡᠷᠦᠮᠵᠢ ᠬᠢᠬᠦ ᠵᠡᠷᠬᠡ ᠡᠬᠦᠷᠬᠡ ᠲᠠᠭᠠᠭᠠᠯᠭᠠᠵᠤ᠂ ᠰᠢᠨ᠎ᠠ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠳᠤ ᠰᠤᠷᠭᠠᠭᠤᠯᠢ ᠵᠢᠨ ᠬᠦᠷᠢᠶᠡᠨ ᠳᠡᠭᠡᠨ ᠳᠡᠯᠭᠡᠨ ᠦᠵᠡᠭᠦᠯᠵᠦ ᠠᠳᠠᠯᠢᠳᠬᠠᠨ ᠰᠢᠯᠭᠠᠷᠠᠭᠤᠯᠤᠭᠰᠠᠨ ᠪᠠᠶᠢᠨ᠎ᠠ᠃ ᠡᠯ᠎ᠡ ᠰᠤᠷᠭᠠᠭᠤᠯᠢ ᠨᠢ ᠰᠢᠨ᠎ᠠ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠳᠤ ᠬᠣᠭ ᠨᠣᠪᠰᠢ ᠢᠢ ᠲᠥᠷᠥᠯ ᠬᠤᠪᠢᠶᠠᠬᠤ ᠲᠤᠰᠬᠠᠶ ᠮᠡᠷᠭᠡᠵᠢᠯᠲᠡᠨ ᠢ ᠤᠷᠢᠵᠤ᠂ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠠᠰᠢᠭᠯᠠᠨ ᠰᠤᠷᠤᠭᠴᠢᠳ ᠲᠤ ᠬᠣᠭ ᠨᠣᠪᠰᠢ ᠢᠢ ᠲᠥᠷᠥᠯ ᠬᠤᠪᠢᠶᠠᠬᠤ ᠮᠡᠳᠡᠯᠭᠡ ᠢᠢᠨ ᠲᠠᠶᠢᠯᠤᠮᠵᠢ᠂ ᠬᠣᠭ ᠨᠣᠪᠰᠢ ᠢᠢ ᠲᠥᠷᠥᠯ ᠬᠤᠪᠢᠶᠠᠬᠤ ᠲᠡᠮᠳᠡᠭ ᠢ ᠢᠯᠭᠠᠨ ᠲᠠᠨᠢᠬᠤ ᠵᠢᠴᠢ ᠬᠣᠭ ᠨᠣᠪᠰᠢ ᠢᠢ ᠲᠥᠷᠥᠯ ᠬᠤᠪᠢᠶᠠᠨ ᠬᠠᠶᠠᠬᠤ ᠵᠢᠱᠢᠶ᠎ᠡ ᠦᠵᠡᠭᠦᠯᠬᠦ ᠪᠡᠷ ᠳᠠᠮᠵᠢᠭᠤᠯᠤᠨ᠂ ᠬᠣᠭ ᠨᠣᠪᠰᠢ ᠢᠢ ᠲᠥᠷᠥᠯ ᠬᠤᠪᠢᠶᠠᠬᠤ ᠮᠡᠳᠡᠯᠭᠡ ᠢᠢᠨ ᠤᠬᠠᠭᠤᠯᠭ᠎ᠠ ᠢᠢᠨ ᠭᠦᠨᠴᠡ ᠪᠠ ᠥᠷᠭᠡᠴᠡ ᠢᠢ ᠴᠢᠩᠭᠠᠷᠠᠭᠤᠯᠵᠤ᠂ ᠬᠣᠭ ᠨᠣᠪᠰᠢ ᠢᠢ ᠲᠥᠷᠥᠯ ᠬᠤᠪᠢᠶᠠᠬᠤ ᠮᠡᠳᠡᠯᠭᠡ ᠢᠢ ᠪᠠᠭᠰᠢ ᠰᠤᠷᠤᠭᠴᠢᠳ ᠤᠨ ᠰᠡᠳᠭᠢᠯ ᠳᠦ ᠬᠠᠳᠠᠩᠰᠢᠭᠤᠯᠵᠠᠢ᠃

     ᠡᠯ᠎ᠡ ᠰᠤᠷᠭᠠᠭᠤᠯᠢ ᠢᠢᠨ ᠬᠢᠨ ᠪᠠᠰᠠ ᠬᠣᠭ ᠨᠣᠪᠰᠢ ᠢᠢ ᠲᠦᠷᠦᠯ ᠬᠤᠪᠢᠶᠠᠬᠤ ᠲᠤᠰᠬᠠᠢ ᠠᠵᠢᠯᠳᠠᠨ ᠵᠢᠴᠢ ᠬᠣᠭ ᠨᠣᠪᠰᠢ ᠢᠢ ᠲᠦᠷᠦᠯ ᠬᠤᠪᠢᠶᠠᠬᠤ ᠰᠠᠶᠢᠨ ᠳᠤᠷ᠎ᠠ ᠢᠢᠨ ᠠᠵᠢᠯᠯᠠᠭᠴᠢ ᠢᠢᠨ ᠪᠦᠯᠬᠦᠮ ᠦᠨ ᠦᠢᠯᠡᠳᠦᠯ ᠢ ᠪᠠᠳᠠᠷᠠᠭᠤᠯᠵᠤ᠂ ᠰᠤᠷᠤᠭᠴᠢᠳ ᠤᠨ ᠬᠣᠭ ᠨᠣᠪᠰᠢ ᠢᠢ ᠲᠦᠷᠦᠯ ᠬᠤᠪᠢᠶᠠᠬᠤ ᠪᠣᠳᠠᠲᠠᠢ ᠠᠵᠢᠯᠯᠠᠭ᠎ᠠ ᠢᠢ ᠵᠢᠯᠣᠭᠣᠳᠴᠤ᠂ ᠰᠤᠷᠭᠠᠭᠤᠯᠢ ᠢᠢᠨ ᠬᠦᠷᠢᠶ᠎ᠡ ᠵᠢᠴᠢ ᠡᠷᠬᠢᠨ ᠲᠣᠭᠣᠷᠢᠨ ᠤ ᠬᠣᠭ ᠨᠣᠪᠰᠢ ᠢᠢ ᠲᠡᠭᠦᠬᠦ ᠢᠢᠨ ᠬᠠᠮᠲᠤ ᠵᠥᠪ ᠲᠦᠷᠦᠯ ᠬᠤᠪᠢᠶᠠᠨ ᠬᠠᠶᠠᠵᠤ᠂ ᠰᠤᠷᠤᠭᠴᠢᠳ ᠤᠨ ᠬᠣᠭ ᠨᠣᠪᠰᠢ ᠢᠢ ᠲᠦᠷᠦᠯ ᠬᠤᠪᠢᠶᠠᠬᠤ ᠮᠡᠳᠡᠯᠭᠡ ᠢᠢ ᠭᠡᠷ ᠲᠡᠬᠡᠨ ᠠᠪᠠᠴᠢᠬᠤ ᠢᠢ ᠵᠣᠷᠢᠭᠵᠢᠭᠤᠯᠵᠤ᠂ ᠰᠤᠷᠤᠭᠴᠢᠳ ᠢ ᠬᠣᠭ ᠨᠣᠪᠰᠢ ᠢᠢ ᠲᠦᠷᠦᠯ ᠬᠤᠪᠢᠶᠠᠬᠤ ᠳᠤ ᠣᠷᠣᠯᠴᠠᠭᠴᠢ᠂ ᠦᠢᠯᠡᠳᠦᠯᠭᠡᠵᠢᠭᠦᠯᠦᠭ᠍ᠴᠢ᠂ ᠤᠬᠠᠭᠤᠯᠤᠭᠴᠢ ᠪᠣᠯᠭᠠᠵᠤ᠂ ᠰᠤᠷᠭᠠᠭᠤᠯᠢ᠂ ᠭᠡᠷ ᠪᠦᠯᠢ᠂ ᠨᠡᠶᠢᠭᠡᠮ ᠦᠨ ᠬᠠᠮᠲᠤᠷᠠᠯᠴᠠᠬᠤ ᠢᠢ ᠪᠡᠶᠡᠯᠡᠭᠦᠯᠵᠦ᠂ ᠬᠣᠭ ᠨᠣᠪᠰᠢ ᠢᠢ ᠲᠦᠷᠦᠯ ᠬᠤᠪᠢᠶᠠᠬᠤ ᠲᠠᠳᠬᠠᠯ ᠢ ᠬᠦᠮᠦᠵᠢᠬᠦᠯᠦᠭᠰᠡᠨ ᠪᠠᠶᠢᠨ᠎ᠠ᠃

     ᠰᠤᠷᠭᠠᠭᠤᠯᠢ ᠢᠢᠨ ᠬᠦᠷᠢᠶᠡᠨ ᠦ ᠬᠣᠭ ᠨᠣᠪᠰᠢ ᠢᠢ ᠲᠥᠷᠥᠯ ᠬᠤᠪᠢᠶᠠᠬᠤ ᠠᠵᠢᠯᠯᠠᠭ᠎ᠠ ᠨᠢ ᠬᠣᠭ ᠨᠣᠪᠰᠢ ᠢᠢ ᠲᠥᠷᠥᠯ ᠬᠤᠪᠢᠶᠠᠬᠤ ᠮᠡᠳᠡᠯᠭᠡ ᠢᠢ ᠲᠦᠭᠡᠮᠡᠯᠵᠢᠭᠦᠯᠵᠦ᠂ ᠰᠤᠷᠤᠭᠴᠢᠳ ᠤᠨ ᠣᠷᠴᠢᠨ ᠠᠬᠤᠶ ᠢᠢ ᠬᠠᠮᠠᠭᠠᠯᠠᠬᠤ ᠤᠬᠠᠮᠰᠠᠷ ᠢ ᠬᠥᠮᠦᠵᠢᠭᠦᠯᠬᠦ ᠪᠡᠷ ᠪᠠᠷᠠᠬᠤ ᠥᠬᠡᠶ ᠪᠠᠰᠠ ᠰᠤᠷᠤᠭᠴᠢᠳ ᠢ ᠬᠥᠲᠥᠯᠥᠨ ᠵᠢᠯᠣᠭᠣᠳᠴᠤ ᠪᠠᠶᠢᠭᠠᠳ ᠬᠣᠭ ᠨᠣᠪᠰᠢ ᠢᠢ ᠲᠥᠷᠥᠯ ᠬᠤᠪᠢᠶᠠᠬᠤ ᠦᠢᠯᠡᠳᠦᠯᠭᠡ ᠳᠦ ᠢᠳᠡᠪᠬᠢᠲᠡᠶ ᠣᠷᠣᠯᠴᠠᠭᠤᠯᠵᠤ᠂ ᠡᠭᠦᠨ ᠢᠶᠡᠷ ᠳᠠᠮᠵᠢᠨ ᠡᠶ᠎ᠡ ᠵᠣᠬᠢᠴᠠᠯ ᠲᠠᠶ ᠦᠵᠡᠰᠭᠦᠯᠡᠩᠲᠦ ᠰᠠᠶᠢᠬᠠᠨ ᠰᠤᠷᠭᠠᠭᠤᠯᠢ ᠢᠢᠨ ᠬᠦᠷᠢᠶᠡᠨ ᠦ ᠣᠷᠴᠢᠨ ᠠᠬᠤᠶ ᠢᠢ ᠪᠣᠶ ᠪᠣᠯᠭᠠᠵᠠᠢ᠃