ᠠᠳᠤᠭᠤᠨ ᠰᠤᠶᠤᠯ ᠠᠵᠤ ᠦᠢᠯᠡᠰ ᠤᠨ ᠬᠦᠭᠵᠢᠯᠳᠠ ᠵᠢ ᠠᠬᠢᠭᠤᠯᠤᠯ᠎ᠠ

 ᠄ 2026-03-27 08:38:24

ᠤᠶᠢᠷ᠎ᠠ ᠢᠢᠨ ᠡᠳᠦᠷ ᠤᠳᠤᠭ ᠬᠤᠰᠢᠭᠤᠨ ᠤ ᠰᠦᠮᠡᠳᠤ ᠰᠤᠮᠤᠨ ᠤ ᠮᠠᠰᠢᠬᠠᠢ ᠭᠠᠴᠠᠭᠠᠨ ᠤ ᠮᠤᠷᠢᠨ ᠤᠷᠤᠯᠳᠤᠭᠠᠨ ᠤ ᠲᠠᠯᠠᠪᠠᠢ ᠳᠤ ᠭᠤᠶᠢᠳᠠ ᠰᠠᠶᠢᠬᠠᠨ ᠠᠳᠤᠭᠤᠨ ᠰᠣᠶᠣᠯ ᠤᠨ ᠠᠵᠢᠯᠯᠠᠭ᠎ᠠ ᠶᠠᠪᠤᠭᠳᠠᠵᠤ᠂ ᠡᠯ᠎ᠡ ᠭᠠᠵᠠᠷ ᠤᠨ ᠤᠶᠠᠭᠠᠴᠢᠳ ᠬᠤᠷᠠᠨ ᠴᠤᠭᠯᠠᠷᠠᠵᠤ ᠤᠷ᠎ᠠ ᠲᠡᠮ ᠢᠶᠠᠨ ᠰᠤᠷᠢᠵᠤ ᠪᠠᠶᠢᠯ᠎ᠠ᠃ ᠡᠨᠡ ᠬᠦ︽ᠠᠳᠤᠭᠤᠨ ᠰᠣᠶᠣᠯ ᠤᠨ ᠨᠤᠲᠤᠭ︾  ᠤᠨ ᠰᠤᠨᠢᠷᠬᠠᠯᠳᠤ ᠠᠵᠢᠯᠯᠠᠭ᠎ᠠ ᠨᠢ ᠴᠠᠭᠠᠨ ᠰᠠᠷ᠎ᠠ ᠵᠢᠨ ᠪᠠᠶᠠᠷ ᠤᠨ ᠠᠭᠤᠷ ᠠᠮᠢᠰᠬᠤᠯ ᠢ ᠦᠳᠬᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠮᠠᠰᠢᠬᠠᠢ ᠭᠠᠴᠠᠭᠠᠨ ᠤ 2026 ᠣᠨ ᠤ ︽ᠠᠳᠤᠭᠤᠨ ᠤ ᠠᠵᠤ ᠦᠢᠯᠡᠰ + ᠵᠤᠭᠠᠴᠠᠯ︾ ᠢ ᠠᠭᠤᠰᠤᠯᠴᠠᠭᠤᠯᠤᠨ ᠬᠥᠭ᠍ᠵᠢᠭᠦᠯᠬᠦ ᠲᠠᠶᠢᠴᠢᠯᠠᠯᠳᠠ ᠪᠤᠯᠵᠤ᠂ ᠭᠠᠴᠠᠭᠠᠨ ᠤ ᠺᠠᠳ᠋ᠷ ᠪᠣᠯᠤᠨ ᠮᠠᠯᠴᠢᠨ ᠲᠠᠷᠢᠶᠠᠴᠢᠨ︽ᠠᠳᠤᠭᠤᠨ ᠤ ᠠᠵᠤ ᠦᠢᠯᠡᠰ + ᠵᠤᠭᠠᠴᠠᠯ︾  ᠤᠨ ᠬᠥᠭ᠍ᠵᠢᠯᠲᠡ ᠢᠢᠨ ᠰᠢᠨ᠎ᠡ ᠬᠠᠭᠤᠳᠠᠰᠤ ᠢᠢ ᠱᠠᠯᠠᠪᠳᠠᠨ ᠲᠥᠯᠥᠪᠵᠢᠭᠦᠯᠵᠦ᠂ ᠲᠠᠯ᠎ᠠ ᠨᠤᠲᠤᠭ ᠤᠨ ᠡᠬᠢ ᠪᠠᠶᠠᠯᠢᠭ ᠢ ᠦᠷᠭᠦᠯᠵᠢᠯᠡᠨ ᠬᠥᠳᠡᠭᠡ ᠲᠣᠰᠬᠤᠨ ᠢ ᠬᠥᠭ᠍ᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠪᠠᠶᠢᠨ᠎ᠠ᠃

ᠤᠳᠤᠭ ᠬᠤᠰᠢᠭᠤᠨ ᠤ ᠰᠦᠮᠡᠳᠤ ᠰᠤᠮᠤᠨ ᠤ ᠮᠠᠰᠢᠬᠠᠢ ᠭᠠᠴᠠᠭ᠎ᠠ ᠨᠢ ᠬᠤᠳᠠ ᠢᠢᠨ ᠲᠡᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠭᠠᠴᠠᠭ᠎ᠠ ᠪᠣᠯᠤᠭᠰᠠᠨ ᠤ ᠬᠤᠪᠢ ᠳᠤ ︽ᠠᠳᠤᠭᠤᠨ ᠰᠣᠶᠣᠯ ᠤᠨ ᠨᠤᠲᠤᠭ︾ ᠭᠡᠰᠡᠨ ᠰᠠᠶᠢᠬᠠᠨ ᠠᠯᠳᠠᠷ ᠲᠠᠢ ᠶᠤᠮ᠃ ᠣᠳᠣᠬᠠᠨ ᠳᠤ 6 ᠲᠦᠮᠡ ᠭᠠᠷᠤᠶ ᠲᠡᠭ᠍ᠰᠢ ᠳᠥᠷᠪᠡᠯᠵᠢᠨ ᠮᠧᠲᠷ ᠤᠨ ᠪᠠᠷᠢᠮᠵᠢᠶᠠᠲᠤ ᠮᠣᠷᠢ ᠤᠷᠤᠯᠳᠤᠬᠤ ᠲᠠᠯᠠᠪᠠᠶ ᠪᠠ 166 ᠲᠡᠭ᠍ᠰᠢ ᠳᠥᠷᠪᠡᠯᠵᠢᠨ ᠮᠧᠲᠷ ᠤᠨ ᠮᠣᠷᠢᠨ ᠰᠣᠶᠣᠯ ᠤᠨ ᠦᠵᠡᠭᠦᠯᠭᠡ ᠢᠢᠨ ᠲᠢᠩᠬᠢᠮ ᠢ ᠪᠠᠶᠢᠭᠤᠯᠵᠤ᠂ 600 ᠭᠠᠷᠤᠶ ᠮᠣᠷᠢ ᠢᠢ ᠳᠠᠰᠬᠠᠨ ᠲᠡᠵᠢᠭᠡᠵᠦ᠂ ᠬᠤᠶᠠᠷ ᠭᠠᠷᠠᠭ ᠲᠤ ᠨᠢᠬᠡ ᠤᠳᠠᠭ᠎ᠠ ᠵᠢᠷᠤᠭ᠎ᠠ ᠮᠣᠷᠢᠨ ᠤ ᠤᠷᠤᠯᠳᠤᠭᠠᠨ ᠶᠠᠪᠤᠭᠤᠯᠵᠤ᠂ ᠠᠳᠤᠭᠤᠨ ᠰᠣᠶᠣᠯ ᠨᠢ ᠨᠢᠭᠡᠨᠲᠡ ᠲᠤᠬᠠᠶ ᠢᠢᠨ ᠭᠠᠵᠠᠷ ᠤᠨ ᠢᠯᠡ ᠲᠣᠳᠣ ᠲᠡᠮᠳᠡᠭ ᠪᠣᠯᠤᠭᠰᠠᠨ ᠪᠠᠶᠢᠨ᠎ᠠ᠃ ᠮᠠᠰᠢᠬᠠᠢ ᠭᠠᠴᠠᠭ᠎ᠠ ᠨᠢ ᠭᠦᠨ ᠵᠤᠵᠠᠭᠠᠨ ᠠᠳᠤᠭᠤᠨ ᠰᠣᠶᠣᠯ ᠤᠨ ᠠᠭᠤᠯᠬᠤᠨ ᠪᠠ ᠪᠦᠷᠢᠨ ᠲᠦᠬᠦᠷ ᠠᠵᠤ ᠦᠢᠯᠡᠰ ᠤᠨ ᠰᠠᠭᠤᠷᠢ ᠪᠠᠷ ᠢᠶᠠᠨ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠳᠤ ᠲᠣᠰᠬᠤᠨ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠭᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ︾᠂ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ︾ ᠵᠡᠷᠭᠡ ᠣᠯᠠᠨ ᠵᠦᠢᠯ ᠤᠨ ᠢᠷᠠᠭᠤ ᠠᠯᠳᠠᠷ ᠢ ᠭᠥᠷᠳᠡᠭ᠍ᠰᠡᠨ ᠪᠠᠶᠢᠨ᠎ᠠ᠃

︽ᠮᠣᠷᠢᠨ ᠵᠢᠯ ᠪᠣᠯᠤᠯ᠎ᠠ᠂ ᠪᠢᠳᠡ ᠡᠨᠡ ᠬᠦ  ︿ᠮᠣᠷᠢᠨ ᠤ ᠵᠢᠪᠬᠤᠭ᠎ᠠ﹀ ᠪᠠᠷ ᠮᠠᠨ ᠤ ᠭᠠᠴᠠᠭᠠᠨ ᠤ ᠠᠳᠤᠭᠤᠨ ᠤ ᠠᠵᠤ ᠦᠢᠯᠡᠰ ᠢ ᠦᠷᠬᠦᠯᠵᠢᠯᠡᠨ ᠬᠦᠭ᠍ᠵᠢᠬᠦᠯᠵᠤ᠂ ᠠᠳᠤᠭᠤᠨ ᠤ ᠴᠠᠭᠠᠨ ᠢᠳᠡᠭᠡᠨ ᠢ ᠨᠠᠷᠢᠯᠢᠭ ᠪᠤᠯᠪᠠᠰᠤᠷᠠᠭᠤᠯᠬᠤ᠂ ᠠᠳᠤᠭᠤᠨ ᠰᠣᠶᠣᠯ ᠤᠨ ᠭᠤᠤᠯ ᠰᠡᠳᠦᠪᠲᠦ ᠭᠠᠷ ᠤᠷᠠᠯᠠᠯ ᠤᠨ ᠪᠦᠲᠦᠭᠡᠭ᠍ᠳᠡᠬᠦᠨ ᠢ ᠭᠤᠤᠯᠳᠠᠯᠭ᠎ᠠ ᠲᠠᠢ ᠡᠬᠦᠳᠴᠦ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠲᠡᠭᠡᠭ᠍ᠰᠢᠯᠡᠬᠦᠯᠬᠦ ᠢᠢᠨ ᠬᠠᠮᠳᠤ ᠰᠣᠶᠣᠯ ᠵᠤᠭᠠᠴᠠᠯ ᠲᠠᠢ ᠭᠦᠨᠵᠡᠭᠡᠢ ᠠᠭᠤᠰᠤᠯᠴᠠᠭᠤᠯᠬᠤ ᠢᠢ ᠠᠬᠢᠭᠤᠯᠵᠤ᠂ ᠮᠠᠯᠴᠢᠳ ᠤᠨ ᠪᠠᠶᠠᠵᠢᠨ ᠴᠢᠨᠡᠭᠡᠯᠢᠭ᠍ᠵᠢᠬᠦ ︿ᠠᠯᠳᠠᠨ ᠲᠦᠯᠬᠢᠭᠦᠷ﹀ ᠪᠣᠯᠭᠠᠬᠤ ᠪᠠᠷ ᠲᠥᠯᠥᠪᠯᠡᠵᠦ ᠪᠤᠢ︾ᠬᠡᠵᠤ ᠮᠠᠰᠢᠬᠠᠢ ᠭᠠᠴᠠᠭᠠᠨ ᠤ ᠨᠠᠮ ᠤᠨ ᠡᠭᠦᠷ ᠤᠨ ᠱᠦᠵᠢ ᠨᠠᠷᠠᠨᠴᠣᠭᠲᠤ ᠬᠡᠯᠡᠪᠡ᠃

ᠰᠦᠮᠡᠳᠤ ᠰᠤᠮᠤᠨ ᠤ ᠮᠠᠰᠢᠬᠠᠢ ᠭᠠᠴᠠᠭᠠᠨ ᠤ ᠮᠠᠯᠴᠢᠨ ᠬᠠᠰᠯᠦᠤ ᠢᠢᠨ ᠬᠢᠨ ᠬᠡᠳᠦᠨ ᠦᠶ᠎ᠡ ᠪᠠᠷ ᠢᠶᠠᠨ ᠮᠣᠷᠢ ᠲᠡᠵᠢᠬᠡᠭ᠍ᠰᠡᠭᠡᠷ ᠢᠷᠡᠪᠡ᠃ ᠲᠡᠷᠡ᠄ ︽ᠥᠩᠭᠡᠷᠡᠭ᠍ᠰᠡᠨ ᠳᠤ ᠮᠣᠷᠢ ᠲᠡᠵᠢᠭᠡᠬᠦ ᠳᠡᠭᠡᠨ ᠣᠯᠠᠩᠬᠢ ᠳᠠᠭᠠᠨ ᠤᠷᠤᠯᠳᠤᠭᠠᠨ ᠪᠠ ᠦᠵᠡᠭᠦᠯᠭᠡ ᠬᠢᠵᠦ ᠪᠠᠶᠢᠪᠠ᠂ ᠬᠡᠳᠦ᠋ᠢᠪᠡᠷ ᠡᠳᠦᠶ ᠲᠡᠳᠦᠶ ᠢᠷᠠᠭᠤ ᠠᠯᠳᠠᠷ ᠭᠥᠷᠳᠡᠭ᠍ᠰᠡᠨ ᠪᠣᠯᠪᠠᠴᠤ ᠣᠷᠣᠯᠭ᠎ᠠ ᠨᠢ ᠬᠠᠷᠢᠨ ᠲᠣᠭᠲᠠᠭᠤᠨ ᠪᠤᠰᠤ᠃ ᠣᠳᠣ ᠮᠣᠷᠢ ᠪᠠᠨ ᠤᠷᠤᠯᠳᠤᠭᠠᠨ ᠳᠤ ᠤᠷᠤᠯᠴᠠᠭᠤᠯᠵᠤ᠂ ᠡ᠊ᠨᠳᠡ ᠢᠷᠡᠭᠰᠡᠨ ᠵᠣᠴᠢᠳ ᠢ ᠤᠭᠳᠤᠨ ᠤᠷᠤᠯᠭ᠎ᠠ ᠪᠠᠨ ᠨᠡᠮᠡᠭ᠍ᠳᠡᠬᠦᠯᠦᠨ᠂ ᠠᠮᠢᠳᠤᠷᠠᠯ ᠤᠯᠠᠮ ᠡᠴᠡ ᠤᠯᠠᠮ ᠥᠭᠡᠳᠡ ᠲᠠᠢ ᠪᠣᠯᠵᠤ ᠪᠠᠶᠢᠨ᠎ᠠ︾ ᠭᠡᠵᠦ ᠰᠡᠳᠭᠢᠯ ᠲᠤᠭᠳᠤᠯᠤᠨ ᠬᠡᠯᠡᠪᠡ᠃ ᠮᠠᠰᠢᠬᠠᠢ ᠭᠠᠴᠠᠭ᠎ᠠ ᠨᠢ ︽ᠰᠣᠶᠣᠯ ᠵᠤᠭᠠᠴᠠᠯ +︾ ᠵᠠᠭᠪᠤᠷ ᠢᠶᠠᠷ ᠳᠠᠮᠵᠢᠭᠤᠯᠤᠨ ᠠᠳᠤᠭᠤᠨ ᠰᠣᠶᠣᠯ ᠤᠨ ᠨᠠᠶᠢᠷ᠂ ᠮᠣᠷᠢᠨ ᠤᠷᠤᠯᠳᠤᠭᠠᠨ ᠤ ᠰᠢᠷᠢᠰ ᠠᠵᠢᠯᠯᠠᠭ᠎ᠠ ᠢᠢ ᠪᠠᠶᠢᠩᠭᠤᠵᠢᠭᠤᠯᠤᠨ ᠡᠷᠭᠢᠯᠡᠬᠦ ᠢᠢᠨ ᠬᠠᠮᠲᠤ ᠡᠯᠡᠰᠦᠨ ᠴᠥᠯ ᠤᠨ ᠬᠡᠭᠡᠷ᠎ᠡ ᠢᠢᠨ ᠠᠶᠠᠯᠠᠯ᠂ ᠡᠪᠦᠯ ᠤᠨ ᠤᠯᠠᠷᠢᠯ ᠤᠨ ᠨᠠᠭᠠᠳᠤᠮ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭ᠍ᠳᠡᠬᠦᠨ ᠢ ᠳᠡᠯᠭᠡᠨ ᠪᠣᠷᠣᠯᠠᠭᠤᠯᠬᠤ ᠵᠡᠷᠭᠡ ᠣᠯᠠᠨ ᠲᠦᠷᠦᠯ ᠤᠨ ᠠᠵᠢᠯᠯᠠᠭ᠎ᠠ ᠪᠠᠷ ᠠᠳᠤᠭᠤᠨ ᠤ ᠡᠳ᠋ᠯᠡᠯ ᠬᠡᠷᠡᠭ᠍ᠰᠡᠯ ᠦᠢᠯᠡᠳᠬᠦ᠂ ᠰᠠᠭᠠᠯᠢ ᠢᠢᠨ ᠪᠦᠲᠦᠭᠡᠭ᠍ᠳᠡᠬᠦᠨ ᠬᠢᠬᠦ ᠵᠡᠷᠭᠡ ᠬᠠᠮᠢᠶ᠎ᠠ ᠪᠥᠬᠦᠶ ᠠᠵᠤ ᠦᠢᠯᠡᠰ ᠤᠨ ᠬᠥᠭ᠍ᠵᠢᠯᠲᠡ ᠢᠢ ᠳᠠᠶᠢᠴᠢᠯᠠᠨ᠂ ᠮᠠᠯᠴᠢᠨ ᠲᠠᠷᠢᠶᠠᠴᠢᠨ ᠤ ᠣᠷᠣᠯᠭ᠎ᠠ ᠢᠢ ᠨᠡᠮᠡᠭ᠍ᠳᠡᠭᠦᠯᠬᠦ ᠠᠷᠭ᠎ᠠ ᠵᠠᠮ ᠢ ᠪᠦᠲᠦᠮᠵᠢᠲᠡᠶ ᠥᠷᠭᠡᠳᠭᠡᠪᠡ᠃