ᠮᠡᠳᠡᠭᠡ ᠵᠠᠩᠭᠢ ᠢᠢᠨ ᠴᠠᠭ ᠦᠶ᠎ᠡ ᠳᠤ ᠰᠣᠨᠢᠨ ᠮᠡᠳᠡᠭᠡ ᠤᠬᠠᠭᠤᠯᠭ᠎ᠠ ᠢᠢᠨ ᠬᠦᠷᠢᠶᠡᠨ ᠳᠦ ᠬᠦᠨᠳᠦ ᠨᠣᠴᠢᠲᠠᠢ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠰᠣᠶᠣᠯ ᠤᠨ ᠡᠯᠧᠮᠧᠨ᠋ᠲ ᠢ ᠤᠷᠠᠨ ᠢᠶᠠᠷ ᠠᠰᠢᠭᠯᠠᠵᠤ᠂ ᠰᠣᠶᠣᠯ ᠤᠨ ᠬᠦᠴᠦᠨ ᠲᠡᠭᠦᠯᠳᠡᠷ ᠪᠤᠯᠤᠩ ᠫᠷᠤᠭ᠍ᠷᠠᠮ ᠢ ᠰᠡᠳᠬᠢᠯ ᠲᠠᠯᠪᠢᠨ ᠨᠡᠭᠡᠭᠡᠵᠦ᠂ ᠰᠤᠨᠢᠨ ᠮᠡᠳᠡᠭᠡ ᠪᠠᠨ ᠨᠡᠶᠢᠲᠡᠯᠡᠨ᠂ ᠤᠬᠠᠭᠤᠯᠭ᠎ᠠ ᠰᠤᠷᠲᠠᠯᠴᠢᠯᠠᠭ᠎ᠠ ᠬᠢᠵᠦ᠂ ᠪᠤᠰᠤᠳ ᠤᠨ ᠠᠩᠬᠠᠷᠤᠯ ᠢ ᠳᠠᠲᠠᠬᠤ ᠪᠦᠲᠦᠮᠵᠢᠲᠡᠢ ᠠᠷᠭ᠎ᠠ ᠵᠠᠮ ᠵᠢᠡᠨ ᠪᠤᠯᠭᠠᠵᠤ ᠪᠤᠯᠤᠨ᠎ᠠ᠃
ᠬᠠᠮ ᠵᠠᠭᠤᠴᠢᠯᠠᠭᠤᠷ ᠬᠦᠭᠵᠢᠨ ᠪᠤᠵᠠᠭᠠᠶᠢᠷᠠᠵᠤ ᠪᠠᠶᠢᠬᠤ ᠡᠷᠢᠨ ᠳᠤ᠂ ᠰᠣᠨᠢᠨ ᠮᠡᠳᠡᠭᠡᠯᠡᠯ ᠨᠢ ᠪᠣᠳᠠᠲᠤ ᠦᠢᠯᠡ ᠶᠠᠪᠤᠳᠠᠯ ᠢ ᠳᠠᠮᠵᠢᠭᠤᠯᠬᠤ ᠡᠴᠡ ᠬᠠᠮᠲᠤ ᠵᠢᠨ ᠲᠠᠨᠢᠯᠲᠠ ᠵᠢ ᠴᠢᠬᠤᠯᠠᠴᠢᠯᠠᠬᠤ ᠬᠡᠯᠪᠡᠷᠢ ᠢᠢᠨ ᠬᠤᠪᠢᠷᠠᠯᠲᠠ ᠢᠢ ᠥᠩᠭᠡᠷᠡᠭᠡᠵᠦ ᠪᠤᠢ᠃ ᠰᠣᠶᠣᠯ ᠤᠨ ᠬᠦᠴᠦᠨ ᠨᠢ︽ᠵᠥᠭᠡᠯᠡᠨ ᠪᠣᠳᠠᠲᠤ ᠬᠦᠴᠦᠨ︾ ᠦ ᠭᠣᠣᠯᠯᠠᠬᠤ ᠬᠦᠴᠦᠨ ᠵᠦᠢᠯ ᠪᠣᠯᠤᠭᠰᠠᠨ ᠤ ᠬᠤᠪᠢ ᠳᠤ᠂ ᠰᠣᠨᠢᠨ ᠮᠡᠳᠡᠭᠡᠨ ᠦ ᠪᠦᠲᠦᠭᠡᠭᠳᠡᠬᠦᠨ ᠳᠦ ᠭᠤᠷᠪᠠᠨ ᠵᠦᠢᠯ ᠦᠨ ᠴᠢᠳᠠᠪᠤᠷᠢ ᠣᠯᠭᠣᠭᠰᠠᠨ ᠪᠠᠶᠢᠳᠠᠭ᠃ ᠨᠢᠭᠡ ᠳᠦ ᠠᠷᠠᠳ ᠤᠨ ᠵᠠᠩ ᠦᠢᠯᠡ ᠢᠢᠨ ᠲᠡᠮᠳᠡᠭ ᠢᠶᠡᠷ ᠳᠠᠮᠵᠢᠭᠤᠯᠤᠨ ᠬᠠᠮᠲᠤ ᠢᠢᠨ ᠳᠤᠷᠠᠰᠤᠮᠵᠢ ᠢᠢ ᠬᠥᠭ᠍ᠵᠢᠭᠡᠵᠦ ᠪᠠᠶᠢᠨ᠎ᠠ᠃ ᠵᠢᠱᠢᠶᠡᠯᠡᠪᠡᠯ ᠲᠥᠪ ᠲ᠋ᠧᠯᠸᠢᠰ ᠦᠨ︽ᠬᠡᠷᠪᠡ ᠤᠯᠤᠰ ᠤᠨ ᠡᠷᠳᠡᠨᠢ ᠦᠭᠡ ᠬᠡᠯᠡᠵᠦ ᠴᠢᠳᠠᠳᠠᠭ ᠪᠣᠯ︾ᠭᠡᠬᠦ ᠫᠷᠤᠭ᠍ᠷᠠᠮ ᠨᠢ ᠲᠡᠦᠬᠡ ᠢᠢᠨ ᠳᠤᠷᠠᠰᠬᠠᠯᠲᠤ ᠵᠦᠢᠯᠡᠰ ᠦᠨ ᠦᠯᠢᠭᠡᠷ ᠢᠶᠡᠷ ᠰᠣᠶᠣᠯ ᠤᠨ ᠮᠡᠳᠡᠷᠡᠮᠵᠢ ᠢᠢ ᠪᠤᠶ ᠪᠤᠯᠭᠠᠪᠠ᠃ ᠬᠣᠶᠠᠷ ᠲᠤ ᠭᠠᠵᠠᠷ ᠣᠷᠣᠨ ᠤ ᠣᠨᠴᠠᠯᠢᠭ ᠢ ᠠᠰᠢᠭᠯᠠᠨ ᠢᠯᠭᠠᠨ ᠲᠠᠨᠢᠬᠤ ᠬᠡᠮᠵᠢᠶ᠎ᠡ ᠢᠢ ᠪᠣᠶ ᠪᠣᠯᠭᠠᠨ᠎ᠠ᠃ ᠡᠨᠡ ᠨᠢ ᠭᠠᠵᠠᠷ ᠤᠷᠤᠨ ᠤ ᠰᠤᠶᠤᠯ ᠤᠨ ᠢᠯᠡ ᠲᠤᠳᠤ ᠤᠨᠴᠠᠯᠢᠭ ᠵᠢᠡᠷ ᠳᠤᠮᠳᠠᠳᠤ ᠵᠢᠨ ᠰᠤᠶᠤᠯ ᠢ ᠪᠠᠶᠠᠯᠢᠭᠵᠢᠭᠤᠯᠵᠤ ᠪᠠᠶᠢᠳᠠᠭ᠃ ᠭᠤᠷᠪᠠ ᠳᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠤᠨ ᠣᠶᠤᠨ ᠰᠠᠨᠠᠭᠠᠨ ᠤ ᠴᠥᠮ᠎ᠡ ᠢᠢ ᠠᠭᠤᠳᠠᠯᠵᠤ᠂ ᠰᠤᠶᠤᠯ ᠤᠨ ᠢᠲᠡᠭᠡᠯ ᠢ ᠨᠡᠮᠡᠭᠳᠡᠭᠦᠯᠬᠦ ᠳᠤ ᠠᠰᠢᠭᠲᠠᠢ᠃ ᠤᠯᠠᠮᠵᠢᠯᠠᠯᠠᠲᠤ ᠰᠤᠶᠤᠯ ᠪᠤᠯ ᠨᠡᠶᠢᠬᠡᠮ ᠤᠨ ᠬᠦᠭᠵᠢᠯᠲᠡ᠂ ᠴᠠᠭ ᠦᠶ᠎ᠡ ᠵᠢᠨ ᠳᠠᠪᠰᠢᠯᠲᠠ ᠲᠠᠢ ᠬᠠᠮᠲᠤ ᠭᠡᠷᠡᠯ ᠭᠢᠯᠪᠠᠭ᠎ᠠ ᠪᠠᠨ ᠪᠠᠳᠠᠷᠠᠭᠤᠯᠵᠤ᠂ ᠠᠷᠠᠳ ᠤᠯᠠᠨ ᠤ ᠬᠠᠷᠢᠶᠠᠯᠠᠭᠳᠠᠬᠤ ᠰᠡᠳᠬᠢᠯᠭᠡ᠂ ᠪᠠᠬᠠᠷᠬᠠᠬᠤ ᠰᠡᠳᠬᠢᠯᠭᠡ ᠵᠢ ᠨᠡᠮᠡᠭᠳᠡᠭᠦᠯᠵᠦ᠂ ᠡᠭᠦᠨ ᠤ ᠤᠯᠠᠮ ᠡᠴᠡ ᠰᠤᠶᠤᠯ ᠤᠨ ᠢᠲᠡᠭᠡᠯ ᠢ ᠪᠠᠲᠤᠳᠬᠠᠵᠤ ᠴᠢᠳᠠᠳᠠᠭ᠃
ᠳᠡᠭᠡᠷᠡᠬᠢ ᠴᠢᠳᠠᠪᠤᠷᠢ ᠵᠢ ᠤᠯᠠᠮ ᠰᠠᠶᠢᠨ ᠪᠠᠳᠠᠷᠠᠭᠤᠯᠬᠤ ᠳᠤ ᠤᠳᠤᠬᠢ ᠮᠡᠷᠭᠡᠵᠢᠯ ᠢ ᠰᠠᠶᠢᠲᠤᠷ ᠠᠰᠢᠭᠯᠠᠨ ᠠᠭᠤᠯᠭ᠎ᠠ ᠵᠢᠨ ᠦᠨ᠎ᠡ ᠦᠷᠲᠡᠭ ᠪᠠ ᠰᠤᠨᠢᠷᠬᠠᠯᠲᠤ ᠴᠢᠨᠠᠷ ᠢ ᠳᠡᠭᠡᠭᠰᠢᠯᠡᠭᠦᠯᠵᠦ ᠪᠤᠯᠤᠨ᠎ᠠ᠃ ᠮᠡᠷᠭᠡᠵᠢᠯ ᠬᠦᠭᠵᠢᠵᠦ ᠬᠠᠭᠤᠴᠢᠨ ᠢ ᠰᠢᠨᠡᠳᠬᠡᠵᠦ᠂ ᠲᠡᠷᠲᠡᠭᠡᠬᠢ ᠵᠢ ᠤᠳᠤᠬᠢ ᠳᠤ ᠠᠪᠴᠢᠷᠠᠬᠤ ᠪᠤᠯᠤᠮᠵᠢ ᠲᠠᠢ ᠪᠤᠯᠤᠭᠰᠠᠨ ᠤᠴᠢᠷ ᠡᠴᠡ ᠲᠡᠤᠬᠡ ᠰᠤᠶᠤᠯ ᠢ ᠤᠯᠠᠮ ᠪᠤᠳᠠᠳᠠᠢ ᠢᠯᠡᠷᠡᠭᠦᠯᠵᠦ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃ ᠡᠭᠦᠨ ᠤ ᠬᠠᠮᠲᠤ ᠮᠡᠳᠡᠭᠡᠯᠡᠵᠦ ᠢᠯᠡᠳᠬᠡᠬᠦ ᠬᠡᠯᠪᠡᠷᠢ ᠪᠡᠨ ᠰᠢᠨᠡᠴᠢᠯᠡᠵᠦ᠂ ᠠᠷᠠᠳ ᠲᠦᠡᠮᠨ ᠲᠠᠢ ᠤᠯᠠᠮ ᠤᠶᠢᠷᠠᠲᠤᠭᠤᠯᠵᠤ᠂ ᠰᠤᠶᠤᠯ ᠤᠨ ᠰᠠᠨᠠᠭ᠎ᠠ ᠠᠬᠤᠢ ᠪᠠᠷ ᠰᠤᠨᠢᠨ ᠮᠡᠳᠡᠭᠡᠨ ᠤ ᠠᠭᠤᠯᠭ᠎ᠠ ᠪᠠᠨ ᠨᠡᠩ ᠲᠤᠳᠤᠷᠬᠠᠢ ᠢᠯᠡᠳᠬᠡᠵᠦ ᠪᠤᠯᠤᠨ᠎ᠠ᠃ ᠭᠡᠪᠡᠴᠦ ᠡᠨᠡ ᠶᠠᠪᠤᠴᠠ ᠳᠤᠮᠳᠠ ᠪᠠᠨ︽ᠰᠤᠶᠤᠯ ᠤᠨ ᠬᠦᠴᠦᠨ︾ ᠢ ᠵᠦᠪ ᠠᠰᠢᠭᠯᠠᠬᠤ ᠬᠡᠷᠡᠭᠲᠡᠢ᠃ ᠰᠣᠶᠣᠯ ᠤᠨ ᠲᠡᠮᠳᠡᠭ ᠢ ᠳᠤᠷ᠎ᠠ ᠪᠠᠨ ᠬᠡᠷᠡᠭᠯᠡᠬᠦ᠂ ᠨᠢᠭᠡ ᠳᠤᠤᠷ᠎ᠠ ᠤᠪᠤᠭᠠᠷᠠᠭᠤᠯᠤᠨ ᠬᠡᠷᠡᠭᠯᠡᠬᠦ ᠡᠴᠡ ᠪᠤᠯᠭᠤᠮᠵᠢᠯᠠᠨ᠎ᠠ᠃ ᠵᠢᠱᠢᠶᠡᠯᠡᠪᠡᠯ ᠶᠠᠮᠠᠷᠪᠠ ᠮᠡᠳᠡᠭᠡᠨ ᠳᠤ ᠰᠤᠶᠤᠯ ᠤᠨ ᠡᠯᠧᠮᠧᠨ᠋ᠲ ᠢ ᠬᠡᠷᠡᠭᠯᠡᠬᠦ ᠭᠡᠵᠦ ᠤᠷᠤᠯᠳᠤᠬᠤ︔ ᠤᠯᠠᠮᠵᠢᠯᠠᠯᠲᠤ ᠰᠤᠶᠤᠯ ᠦᠵᠡᠯ ᠰᠠᠨᠠᠭ᠎ᠠ ᠢᠢ ᠥᠷᠥᠭᠡᠰᠦᠭᠡᠯ ᠢᠶᠡᠷ ᠲᠠᠶᠢᠯᠪᠤᠷᠢᠯᠠᠬᠤ ᠡᠴᠡ ᠰᠡᠷᠭᠡᠶᠢᠯᠡᠨ᠎ᠡ︔ ᠦᠷᠳᠡᠭ ᠦᠨ ᠮᠠᠭᠠᠳᠯᠠᠯᠲᠠ ᠢ ᠵᠦᠪ ᠬᠢᠵᠦ᠂ ᠪᠤᠳᠤᠯᠢᠶᠠᠨᠲᠠᠶ ᠬᠡᠷᠡᠭ ᠶᠠᠪᠤᠳᠠᠯ ᠢ ᠳᠥᠭᠥᠮᠬᠡᠨ ᠵᠢᠡᠷ ᠲᠠᠶᠢᠯᠪᠤᠷᠢᠯᠠᠵᠤ᠂ ᠰᠠᠶᠢᠨ ᠮᠠᠭᠤ ᠵᠢ ᠭᠤᠤᠯᠴᠢ ᠪᠠᠷ ᠰᠤᠷᠲᠠᠯᠴᠢᠯᠠᠬᠤ ᠵᠢ ᠰᠠᠶᠢᠲᠤᠷ ᠠᠩᠬᠠᠷᠬᠤ ᠬᠡᠷᠡᠭᠲᠡᠢ᠃
ᠤᠯᠠᠮᠵᠢᠯᠠᠯᠳᠦ ᠰᠤᠶᠤᠯ ᠤᠨ ᠨᠥᠯᠥᠭᠡᠯᠡᠬᠦ ᠬᠦᠴᠦᠨ ᠪᠠ ᠤᠳᠤ ᠦᠶ᠎ᠡ ᠢᠢᠨ ᠮᠡᠷᠭᠡᠵᠢᠯ ᠢ ᠭᠦᠢᠴᠡᠳ ᠢᠯᠡᠷᠡᠭᠦᠯᠵᠦ᠂ ᠦᠨᠡᠨ ᠪᠤᠳᠠᠳᠤ ᠪᠠᠶᠢᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠮᠡᠷᠭᠡᠵᠢᠯ ᠪᠠ ᠢᠯᠡᠳᠭᠡᠬᠦ ᠠᠷᠭ᠎ᠠ ᠪᠠᠷᠢᠯ ᠢ ᠠᠮᠢᠳᠤᠯᠢᠭ ᠠᠰᠢᠭᠯᠠᠨ ᠰᠤᠨᠢᠨ ᠮᠡᠳᠡᠭᠡ ᠪᠠᠨ ᠨᠡᠶᠢᠲᠡᠯᠡᠪᠡᠯ᠂ ᠰᠤᠨᠢᠨ ᠮᠡᠳᠡᠭᠡᠨ ᠤ ᠪᠦᠲᠦᠭᠡᠯ ᠨᠢ ᠤᠯᠠᠮ ᠴᠢᠨᠠᠷᠯᠢᠭ᠂ ᠰᠤᠨᠢᠷᠬᠠᠯᠲᠠᠢ᠂ ᠤᠩᠰᠢᠭᠤᠷᠢᠲᠠᠢ ᠪᠤᠯᠬᠤ ᠨᠢ ᠳᠠᠮᠵᠢᠭ ᠦᠭᠡᠢ᠃ ᠰᠣᠨᠢᠨ ᠮᠡᠳᠡᠭᠡᠨ ᠦ ᠠᠵᠢᠯᠲᠠᠳ ᠰᠣᠶᠣᠯ ᠤᠨ ᠮᠢᠺᠷᠣᠰᠺᠣᠫ ᠢᠶᠠᠷ ᠨᠡᠶᠢᠭᠡᠮ ᠢ ᠠᠵᠢᠭᠯᠠᠨ ᠰᠢᠨᠵᠢᠵᠦ᠂ ᠪᠣᠯᠪᠠᠰᠤᠨ ᠳᠤᠷᠠᠨ ᠢᠶᠠᠷ ᠴᠠᠭ ᠦᠶ᠎ᠡ ᠢᠢ ᠬᠢᠨᠠᠨ ᠦᠵᠡᠬᠦ ᠵᠢ ᠰᠤᠷᠪᠠᠯ᠂ ᠲᠡᠳᠡᠭᠡᠷ ᠰᠣᠶᠣᠯ ᠤᠨ ᠭᠧᠨ ᠢ ᠠᠴᠢᠶᠠᠯᠠᠭᠰᠠᠨ ᠮᠡᠳᠡᠭᠡᠯᠡᠯ ᠨᠢ ᠮᠡᠳᠡᠭᠡ ᠵᠠᠩᠭᠢ ᠢᠢᠨ ᠤᠷᠤᠰᠬᠠᠯ ᠳᠤᠮᠳᠠ ᠥᠨᠢᠳᠡ ᠢᠢᠨ ᠷᠢᠳᠢ ᠰᠢᠳᠢ ᠪᠠᠨ ᠪᠠᠳᠠᠷᠠᠭᠤᠯᠬᠤ ᠪᠣᠯᠤᠨ᠎ᠠ᠃
