ᠦᠦᠰᠢᠨ ᠬᠤᠰᠢᠭᠤᠨ ᠤ ᠲᠤᠭ ᠪᠠᠯᠭᠠᠰᠤᠨ ᠤ ᠠᠵᠠᠳᠠᠢ ᠨᠡᠶᠢᠭᠡᠮ ᠲᠣᠭᠤᠷᠢᠭ ᠤᠨ ᠬᠤᠶᠠᠳᠤᠭᠠᠷ ᠠᠰᠠᠷ ᠲᠤ ᠬᠦᠮᠦᠰ ᠤᠨ ᠠᠡᠭᠬᠠᠷᠤᠯ ᠢ ᠲᠠᠲᠠᠬᠰᠠᠨ ᠨᠢᠭᠡᠨ ᠮᠣᠩᠭᠤᠯ ᠨᠣᠮ ᠤᠨ ᠰᠠᠩ ᠪᠠᠶᠢᠳᠠᠭ᠃ ᠲᠤᠰ ᠨᠤᠮ ᠤᠨ ᠰᠠᠡᠭ ᠤᠨ ᠡᠵᠡᠨ ᠨᠢ ᠲᠠᠷᠤᠢ ᠲᠠᠪᠢᠨ ᠨᠠᠰᠤ ᠵᠢ ᠲᠤᠭᠤᠯᠤᠭ᠎ᠠ ᠮᠠᠯᠴᠢᠨ ᠮᠠᠰᠢᠪᠢᠯᠢᠭ᠌ ᠪᠠᠶᠢᠭ᠎ᠠ ᠶᠤᠮ᠃ ᠮᠠᠰᠢᠪᠢᠯᠢᠭ᠌ ᠪᠤᠯ ᠦᠤᠰᠢᠨ ᠬᠤᠰᠢᠭᠤᠨ ᠤ ᠲᠤᠭ ᠪᠠᠯᠭᠠᠰᠤᠨ ᠤ ᠮᠠᠯᠴᠢᠨ᠂ ᠮᠦᠨ ᠴᠤ ᠠᠵᠠᠳᠠᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠪᠤᠯᠤᠨ᠎ᠠ᠃ ᠲᠡᠷᠨ 2016 ᠣᠨ ᠳᠤ ᠲᠤᠰ ᠨᠤᠮ ᠤᠨ ᠰᠠᠩ ᠢ ᠪᠠᠶᠢᠭᠤᠯᠵᠤ᠂ ᠭᠤᠤᠯᠳᠠᠭᠤ ᠲᠡᠦᠬᠡ ᠰᠣᠶᠣᠯ᠂ ᠭᠠᠵᠠᠷ ᠵᠦᠢ᠂ ᠰᠢᠨᠵᠢᠯᠡᠭᠡ ᠮᠡᠷᠭᠡᠵᠢᠯ᠂ ᠡᠷᠡᠭᠦᠯ ᠬᠠᠮᠠᠭᠠᠯᠠᠯ᠂ ᠮᠤᠩᠭᠤᠯ ᠡᠮ ᠲᠠᠩ᠂ ᠢᠯᠪᠢᠭᠡ ᠵᠠᠰᠠᠯ᠂ ᠤᠷᠡᠨ ᠵᠤᠬᠢᠶᠠᠯ᠂ ᠠᠷᠠᠳ ᠤᠨ ᠠᠮᠠᠨ ᠶᠠᠷᠢᠶ᠎ᠠ᠂ ᠤᠷᠤᠨ ᠨᠤᠲᠤᠭ ᠤᠨ ᠵᠠᠩ ᠦᠢᠯᠨ᠂ ᠠᠮᠢᠲᠠᠨ ᠤᠷᠭᠤᠮᠠᠯ ᠵᠡᠷᠭᠡ ᠣᠯᠠᠨ ᠠᠷᠪᠢᠨ ᠬᠦᠷᠢᠶ᠎ᠡ ᠴᠠᠷᠠᠭ᠎ᠠ ᠢᠢ ᠪᠠᠬᠲᠠᠭᠠᠬᠰᠠᠨ ᠥᠪᠡᠷᠮᠢᠴᠡ ᠬᠡᠪ ᠨᠠᠮᠪᠠ ᠲᠠᠢ ᠦᠨᠳᠦᠰᠦᠨ ᠱᠠᠲᠤᠨ ᠤ ᠶᠡᠷᠦᠩᠬᠡᠶᠢᠯᠡᠭ᠍ᠰᠡᠨ ᠨᠣᠮ ᠤᠨ ᠰᠠᠩ ᠪᠤᠯᠵᠤ ᠪᠠᠶᠢᠨ᠎ᠠ᠃
ᠮᠠᠰᠢᠪᠢᠯᠢᠭ᠌ ᠬᠠᠷᠠᠬᠠᠨ ᠪᠠᠭ᠎ᠠ ᠠᠴᠠ ᠪᠠᠨ ᠨᠣᠮ ᠤᠩᠰᠢᠬᠤ ᠳᠤᠷᠠᠲᠠᠢ ᠪᠠᠶᠢᠵᠤ ᠡᠯ᠎ᠡ ᠵᠦᠢᠯ ᠤᠨ ᠨᠣᠮ ᠪᠢᠴᠢᠭ ᠢ ᠴᠤᠭᠯᠠᠭᠤᠯᠳᠠᠭ᠃ ᠤᠯᠠᠨ ᠲᠠᠯ᠎ᠠ ᠵᠢᠨ ᠰᠢᠯᠳᠠᠭᠠᠨ ᠠᠴᠠ ᠪᠣᠯᠵᠣ ᠲᠡᠷᠨ ᠬᠡᠳᠤᠶᠢᠪᠡᠷ ᠰᠤᠷᠤᠯᠭ᠎ᠠ ᠪᠠᠨ ᠲᠤᠳᠠᠭᠤ ᠵᠤᠬᠰᠤᠬᠰᠠᠨ ᠪᠣᠯᠪᠠᠴᠤ ᠴᠠᠭ ᠲᠣᠬᠢᠶᠠᠯ ᠣᠯᠳᠠᠭᠰᠠᠭᠠᠷ ᠳᠠᠷᠤᠢ ᠨᠣᠮ ᠪᠢᠴᠢᠭ ᠤᠩᠰᠢᠵᠤ ᠲᠡᠦᠬᠡ ᠰᠤᠶᠤᠯ ᠢ ᠰᠤᠳᠤᠯᠳᠠᠭ ᠪᠠᠶᠢᠪᠠ᠃ 2013 ᠣᠨ ᠠᠴᠠ ᠡᠬᠢᠯᠡᠭᠡᠳ ᠲᠡᠷᠨ ᠲᠠᠷᠤᠢ ᠮᠣᠩᠭᠤᠯ ᠤᠶᠢᠯᠠᠯᠭ᠎ᠠ ᠢᠢᠨ ᠨᠣᠮ ᠢ ᠬᠤᠷᠢᠶᠠᠨ ᠴᠤᠬᠯᠠᠭᠤᠯᠵᠤ ᠡᠬᠢᠯᠡᠨ᠂ ᠦᠦᠰᠢᠨ ᠬᠤᠰᠢᠭᠤᠨ ᠤ ᠡᠯ᠎ᠡ ᠭᠠᠴᠠᠭ᠎ᠠ ᠪᠠᠷ ᠭᠦᠨᠵᠡᠭᠡᠶᠢᠷᠡᠨ᠂ ᠮᠠᠯᠴᠢᠳ ᠠᠴᠠ ᠨᠣᠮ ᠪᠢᠴᠢᠭ ᠴᠤᠭᠯᠠᠭᠤᠯᠤᠨ᠂ ᠥᠪᠡᠷ ᠲᠡᠭᠡᠨ ᠪᠠᠰᠨ ᠤᠷᠢᠳ ᠬᠤᠵᠢᠳ 200 ᠭᠠᠷᠤᠢ ᠲᠦᠮᠡᠨ ᠲᠦᠭᠦᠷᠢᠭ ᠤᠨ ᠵᠣᠭᠤᠰ ᠵᠠᠷᠤᠴᠠᠭᠤᠯᠤᠨ ᠨᠣᠮ ᠪᠢᠴᠢᠭ ᠬᠤᠳᠠᠯᠳᠤᠨ ᠠᠪᠴᠠᠢ᠃ ᠣᠳᠣᠬᠠᠨ ᠳᠤ᠂ ᠲᠡᠭᠦᠨ ᠤ ᠨᠣᠮ ᠤᠨ ᠰᠠᠩ ᠳᠤ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠷ ᠠᠶᠢᠮᠠᠭ ᠬᠤᠲᠠ ᠢᠢᠨ ᠣᠷᠣᠨ ᠨᠤᠲᠤᠭ ᠤᠨ ᠤᠶᠢᠯᠠᠯᠭ᠎ᠠ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠢᠢᠨ ᠤᠶᠢᠯᠠᠯᠭ᠎ᠠ᠂ ᠶᠡᠭᠡ ᠰᠤᠷᠭᠠᠭᠤᠯᠢ᠂ ᠳᠡᠭᠡᠳᠦ ᠰᠤᠷᠭᠠᠭᠤᠯᠢ ᠢᠢᠨ ᠤᠶᠢᠯᠠᠯᠭ᠎ᠠ᠂ ᠣᠷᠳᠣᠰ ᠬᠤᠲᠠ ᠢᠢᠨ ᠬᠡᠪᠴᠢᠶᠡᠨ ᠳᠠᠬᠢ ᠡᠯ᠎ᠡ ᠰᠤᠮᠤ᠂ ᠪᠠᠯᠭᠠᠰᠤ᠂ ᠭᠠᠴᠠᠭ᠎ᠠ᠂ ᠲᠣᠰᠬᠤᠨ ᠤ ᠤᠶᠢᠯᠠᠯᠭ᠎ᠠ᠂ ᠨᠠᠢᠮᠠᠨ ᠮᠣᠵᠢ ᠣᠷᠣᠨ ᠤ ᠮᠣᠩᠭᠤᠯ ᠦᠨᠳᠦᠰᠦᠲᠡᠨ ᠤ ᠤᠶᠢᠯᠠᠯᠭ᠎ᠠ ᠵᠢᠴᠢ ᠬᠥᠷᠰᠢ ᠵᠡᠷᠭᠡᠯᠡᠳᠡᠭᠡ ᠪᠠᠶᠢᠭ᠎ᠠ ᠱᠠᠨᠰᠢ᠂ ᠱᠠᠨ ᠰᠢ᠂ ᠨᠢᠩᠰᠢᠶᠠ ᠵᠡᠷᠭᠡ ᠭᠠᠵᠠᠷ ᠣᠷᠣᠨ ᠤ ᠰᠢᠶᠠᠨ ᠤ ᠤᠶᠢᠯᠠᠯᠭ᠎ᠠ ᠢᠢ ᠪᠠᠬᠳᠠᠭᠠᠬᠰᠠᠨ ᠮᠣᠩᠭᠤᠯ ᠬᠢᠲᠠᠳ ᠲᠡᠦᠬᠡ ᠢᠢᠨ ᠤᠶᠢᠯᠠᠯᠭ᠎ᠠ ᠢᠢᠨ ᠨᠤᠮ ᠪᠣᠯᠤᠨ ᠪᠤᠰᠤᠳ ᠡᠯ᠎ᠡ ᠲᠥᠷᠥᠯ ᠤᠨ ᠨᠣᠮ ᠪᠢᠴᠢᠭ ᠨᠡᠶᠢᠳᠡ 8000 ᠭᠠᠷᠤᠢ ᠳᠡᠪᠲᠡᠷ ᠪᠣᠢ᠃ ᠡᠭᠦᠨ ᠠᠴᠠ ᠭᠠᠳᠠᠨ᠎ᠠ ᠲᠡᠤᠭᠡᠨ ᠳᠠᠬᠢ ᠬᠤᠪᠤᠷ ᠤᠯᠳᠠᠬᠤ ᠭᠠᠵᠠᠷ ᠤᠨ ᠵᠢᠷᠤᠭ ᠪᠣᠯᠤᠨ ᠡᠪᠦᠭᠡ ᠳᠡᠭᠡᠳᠦᠰ ᠠᠴᠠ ᠪᠠᠨ ᠤᠯᠠᠮᠵᠢᠯᠠᠭᠰᠠᠨ ᠭᠡᠷ ᠤᠨ ᠴᠠᠳᠢᠭ᠂ ᠴᠢᠩ ᠤᠯᠤᠰ ᠤᠨ ᠦᠶ᠎ᠡ ᠢᠢᠨ ᠬᠤᠰᠢᠭᠤ ᠰᠢᠶᠠᠨ ᠤ ᠶᠠᠮᠤᠨ ᠤ ᠲᠠᠩᠰᠨ ᠡᠪᠭᠡᠮᠡᠯ᠂ ᠴᠢᠩᠭᠢᠰ ᠬᠠᠭᠠᠨ ᠤ ᠰᠤᠳᠤᠯᠭᠠᠨ ᠤ ᠮᠠᠲ᠋ᠧᠷᠢᠶᠠᠯ᠂ ᠠᠳᠠᠯᠢ ᠪᠤᠰᠤ ᠴᠠᠭ ᠦᠶ᠎ᠡ ᠳᠤ ᠬᠡᠪᠯᠡᠨ ᠨᠡᠶᠢᠲᠡᠯᠡᠭ᠍ᠰᠡᠨ ︽ᠮᠣᠩᠭᠤᠯ ᠤᠨ ᠨᠢᠭᠤᠴᠠ ᠲᠣᠪᠴᠢᠶᠠᠨ︾᠂ ᠮᠣᠩᠭᠤᠯ ᠵᠠᠩ ᠦᠢᠯᠨ ᠢᠢᠨ ᠰᠤᠳᠤᠯᠭᠠᠨ ᠤ ᠪᠢᠴᠢᠭ᠂ ᠮᠣᠩᠭᠤᠯ ᠠᠨᠠᠭᠠᠬᠤ ᠤᠬᠠᠭᠠᠨ ᠤ ᠪᠢᠴᠢᠭ᠂ ᠮᠤᠩᠭᠤᠯ ᠦᠨᠳᠤᠰᠤᠳᠡᠨ ᠤ ᠲᠡᠤᠭᠡ ᠢᠢᠨ ᠰᠤᠷᠪᠤᠯᠵᠢ ᠪᠢᠴᠢᠭ᠂ ᠠᠷᠠᠳ ᠤᠨ ᠲᠠᠭᠤᠤ᠂ ᠪᠤᠷᠬᠠᠨ ᠤ ᠱᠠᠰᠢᠨ ᠤ ᠨᠤᠮ ᠪᠢᠴᠢᠭ ᠵᠡᠷᠭᠡ ᠪᠤᠢ᠃
ᠲᠡᠷᠡ ᠵᠠᠯᠠᠭᠤ ᠪᠠᠭᠠᠴᠤᠳ ᠤᠨ ᠦᠨᠳᠦᠰᠦᠲᠡᠨ ᠪᠠ ᠲᠤᠰ ᠭᠠᠵᠠᠷ ᠣᠷᠣᠨ ᠤ ᠲᠡᠦᠬᠡ ᠰᠣᠶᠣᠯ ᠢᠶᠠᠨ ᠣᠶᠢᠯᠠᠭᠠᠬᠤ ᠳᠤᠨᠢ ᠳᠥᠭᠦᠮ ᠦᠵᠡᠭᠦᠯᠬᠦ ᠢᠢᠨ ᠲᠥᠯᠥᠭᠡ᠂ ᠪᠠᠰᠨ ᠲᠤᠰᠬᠠᠶᠢᠯᠡᠨ ᠠᠯᠳᠠᠷᠳᠤ ᠲᠣᠰᠣᠨ ᠪᠤᠳᠤᠭ ᠤᠨ ᠵᠢᠷᠤᠭᠴᠢᠨ ᠢ ᠤᠷᠢᠵᠤ᠂ ᠣᠷᠳᠣᠰ ᠤᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠡᠨ ᠤᠷᠤᠬᠳᠠᠨ ᠤ ᠬᠤᠶᠢᠴᠢᠰ᠂ ᠬᠤᠰᠢᠭᠤ ᠶᠠᠮᠤᠨ ᠤ ᠲᠤᠰᠢᠶᠠᠯ ᠢ ᠬᠠᠷᠢᠭᠤᠴᠠᠵᠤ ᠪᠠᠶᠢᠬ᠍ᠰᠡᠨ ᠨᠣᠶᠠᠳ᠂ ᠬᠤᠪᠢᠰᠬᠠᠯᠴᠢᠳ᠂ ᠬᠤᠰᠢᠭᠤᠨ ᠤ ᠬᠡᠪᠴᠢᠶᠡᠨ ᠤ ᠠᠯᠳᠠᠷᠳᠤ ᠬᠥᠮᠦᠰ ᠤᠨ ᠲᠣᠰᠣᠨ ᠪᠣᠳᠤᠭ ᠤᠨ ᠵᠢᠷᠤᠭ ᠢ ᠵᠢᠷᠤᠭᠤᠯᠡᠨ ᠦᠯᠡᠳᠡᠭᠡᠵᠡᠢ᠃
ᠠᠯᠳᠡᠷᠳᠤ ᠵᠤᠬᠢᠶᠠᠯᠴᠢ ᠭᠤᠷᠺᠢ ︽ᠨᠤᠮ ᠪᠤᠯ ᠬᠦᠮᠤᠨ ᠲᠦᠷᠦᠯᠬᠢᠳᠡᠨ ᠤ ᠲᠠᠪᠰᠢᠯᠳᠡ ᠢᠢᠨ ᠱᠠᠳᠤ ᠮᠦᠨ︾ ᠭᠡᠰᠡᠨ ᠪᠢᠯᠨ᠃ ᠮᠠᠰᠢᠪᠢᠯᠢᠭ᠌ ᠪᠤᠯ ᠶᠠᠭ ᠡᠨᠡ ᠬᠦ ᠲᠠᠪᠰᠢᠯᠳᠡ ᠢᠢᠨ ᠱᠠᠳᠤ ᠢᠢ ᠪᠠᠳᠤ ᠪᠠᠬᠢ ᠪᠤᠰᠬᠠᠬ᠍ᠰᠠᠭᠠᠷ ᠢᠷᠡᠭ᠍ᠰᠡᠨ ᠰᠤᠶᠤᠯ ᠤᠨ ᠵᠢᠳᠭᠦᠯᠳᠡᠨ ᠶᠤᠮᠰᠠᠨ᠃
ᠲᠡᠭᠦᠨ ᠤ ᠦᠢᠯᠡᠰ ᠤᠨ ᠮᠦᠷ ᠨᠢ ᠤᠯᠡᠮ ᠢᠶᠠᠷ ᠴᠠᠭᠠᠷᠠᠬᠤ ᠪᠤᠯᠳᠤᠭᠠᠢ︕

.jpg)

