︽ᠪᠢᠴᠢᠬᠠᠨ ᠯᠠᠵᠤᠤ︾ᠡᠴᠡ ᠰᠤᠨᠤᠯᠵᠠᠭᠰᠠᠨ ︽ᠲᠤᠮᠤ ᠠᠵᠤ ᠤᠶᠢᠯᠡᠰ︾ ᠤᠨ ᠬᠠᠷᠭᠤᠢ

 ᠄ 2024-10-24 11:35:52

ᠣᠶᠢᠷ᠎ᠠ ᠢᠢᠨ ᠵᠢᠯ ᠳᠤ᠂ ᠣᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠤ ᠪᠠᠯᠭᠠᠰᠤ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠢᠢ ᠪᠠᠷᠢᠮᠲᠠᠯᠠᠵᠤ᠂ ᠲᠣᠰ ᠪᠡᠶ᠎ᠡ ᠢᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠯᠠᠵᠤᠤ ᠢᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠢᠢ ᠣᠯᠠᠨ ᠲᠦᠮᠡᠨ ᠤ ᠣᠷᠣᠯᠭ᠎ᠠ ᠢᠢ ᠨᠡᠮᠡᠭ᠍ᠳᠡᠭᠦᠯᠬᠦ ᠠᠷᠭ᠎ᠠ ᠵᠠᠮ ᠪᠣᠯᠭᠠᠵᠤ᠂ ᠯᠠᠵᠤᠤ ᠢᠢᠨ ᠠᠵᠤ ᠦᠢᠯᠡᠰ ᠤᠨ ᠣᠨᠴᠠᠯᠢᠭᠵᠢᠭᠰᠠᠨ᠂ ᠬᠡᠪᠴᠢᠶᠡᠵᠢᠭ᠍ᠰᠡᠨ ᠬᠥᠭ᠍ᠵᠢᠯᠲᠡ ᠢᠢ ᠦᠷᠭᠦᠯᠵᠢᠯᠡᠨ ᠠᠬᠢᠭᠤᠯᠵᠤ᠂ ᠲᠣᠰᠬᠤᠨ ᠤ ᠱᠠᠲᠤᠨ ᠤ ᠬᠠᠮᠲᠤ ᠢᠢᠨ ᠠᠵᠤ ᠠᠬᠤᠶ ᠢᠢᠨ ᠣᠷᠣᠯᠭ᠎ᠠ ᠢᠢ ᠨᠡᠮᠡᠭ᠍ᠳᠡᠭᠦᠯᠬᠦ ᠳᠤ ᠬᠦᠴᠦᠨ ᠨᠡᠮᠡᠷᠢᠯᠡᠭ᠍ᠰᠡᠨ ᠢᠶᠠᠷ ᠯᠠᠵᠤᠤ ᠢᠢᠨ ᠦᠢᠯᠡᠰ ᠨᠢ ᠬᠦᠳᠡᠭᠡ ᠳᠤᠰᠬᠤᠨ ᠢ ᠬᠦᠴᠤᠷᠬᠡᠭ᠍ᠵᠢᠬᠦᠯᠤᠨ ᠮᠠᠨᠳᠤᠭᠤᠯᠬᠤ ︽ᠲᠤᠮᠤ ᠠᠵᠤ ᠤᠶᠢᠯᠡᠰ︾ ᠪᠤᠯᠵᠤ ᠪᠠᠶᠢᠨ᠎ᠠ᠃

ᠰᠤᠷᠪᠤᠯᠵᠢᠯᠠᠭᠴᠢ ᠣᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠤ ᠪᠠᠯᠭᠠᠰᠤᠨ ᠤ ᠬᠤᠩ ᠴᠧᠩ ᠲᠠᠷᠢᠶᠠᠯᠠᠩ ᠤᠨ ᠪᠦᠲᠦᠭᠡᠭ᠍ᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠬᠤ ᠳᠤ᠂ ᠰᠢᠨ᠎ᠡ ᠰᠤᠷᠭᠤᠭ ᠯᠠᠵᠤᠤ ᠢᠢᠨ ᠦᠨᠦᠷ ᠬᠠᠮᠠᠷ ᠬᠠᠳᠬᠤᠨ ᠬᠠᠩᠬᠤᠯᠵᠤ᠂ ᠲᠠᠷᠢᠶᠠᠴᠢᠳ ᠯᠠᠵᠤᠤ ᠪᠠᠨ ᠲᠥᠷᠥᠯ ᠬᠤᠪᠢᠶᠠᠨ ᠬᠠᠶᠢᠷᠴᠠᠭᠯᠠᠭᠠᠳ ᠶᠠᠭᠠᠷᠠᠯᠳᠠᠶᠢᠬᠠᠨ ᠪᠠᠶᠢᠯ᠎ᠠ᠃ ᠡᠨᠡ ᠵᠢᠯ ᠤᠨ ᠲᠠᠷᠢᠭᠰᠠᠨ ᠯᠠᠵᠤᠤ ᠡᠯᠪᠡᠭ ᠬᠤᠷᠢᠶᠠᠯᠲᠠ ᠤᠯᠤᠭᠰᠠᠨ ᠨᠢ ᠢᠯᠡᠷᠭᠡᠢ᠂ ᠲᠠᠷᠢᠶᠠᠴᠢᠳ ᠤᠨ ᠴᠢᠷᠠᠢ ᠳᠤ ᠪᠠᠶᠠᠷ ᠤᠨ ᠮᠦᠰᠢᠶᠠᠳᠤ ᠲᠦᠭᠦᠷᠡᠡᠭᠭᠡᠨ᠃ ᠪᠤᠷᠤᠪᠠᠯᠭᠠᠰᠤ ᠪᠠᠯᠭᠠᠰᠤᠨ ᠤ ᠯᠠᠵᠤᠤ ᠨᠢ ᠥᠩᠭᠡ ᠰᠤᠷᠭᠤᠭ᠂ ᠴᠢᠨᠠᠷᠯᠢᠭ᠂ ᠠᠮᠳᠠ ᠪᠠᠷ ᠤᠨᠴᠠ ᠪᠠᠶᠢᠵᠤ᠂ ᠠᠯᠢ ᠡᠷᠲᠡ ᠠᠴᠠ ᠪᠤᠷᠤᠪᠠᠯᠭᠠᠰᠤ ᠪᠠᠯᠭᠠᠰᠤᠨ ᠤ ᠨᠢᠭᠡᠨ ᠨᠡᠷ᠎ᠡ ᠢᠢᠨ ᠬᠠᠭᠤᠳᠠᠰᠤ ᠪᠤᠯᠵᠦ ᠬᠤᠯᠠ ᠤᠶᠢᠷ᠎ᠠ ᠳᠠᠭᠠᠨ ᠠᠯᠳᠠᠷᠰᠢᠭᠰᠠᠨ ᠶᠤᠮ᠃

ᠪᠤᠷᠤᠪᠠᠯᠭᠠᠰᠤ ᠪᠠᠯᠭᠠᠰᠤᠨ ᠤ ᠵᠡᠭᠡᠷᠭᠡᠨᠡᠲᠦ ᠲᠤᠰᠬᠤᠨ ᠤ ᠠᠷᠠᠳ ᠯᠢᠦ ᠱᠦ ᠱᠧᠩ ᠡᠨᠡ ᠵᠢᠯ 30 ᠭᠠᠷᠤᠢ ᠮᠦ ᠯᠠᠵᠤᠤ ᠲᠠᠷᠢᠭᠰᠠᠨ ᠶᠤᠮ᠂ ᠮᠦ ᠪᠦᠷᠢ ᠠᠴᠠ ᠬᠤᠷᠢᠶᠠᠭᠰᠠᠨ ᠯᠠᠵᠤᠤ ᠪᠠᠨ 8000 ᠭᠠᠷᠤᠢ ᠲᠥᠭᠦᠷᠢᠭ ᠪᠡᠷ ᠬᠤᠳᠠᠯᠳᠤᠭᠠᠳ ᠮᠠᠰᠢ ᠬᠠᠨᠤᠮᠵᠢᠲᠠᠢ ᠪᠠᠶᠢᠯ᠎ᠠ᠃ ᠢᠯᠠᠩᠭᠤᠶ᠎ᠠ ᠪᠠᠯᠭᠠᠰᠤᠨ ᠳᠤ ᠬᠤᠩ ᠴᠧᠩ ᠲᠠᠷᠢᠶᠠᠯᠠᠩ ᠤᠨ ᠪᠦᠲᠦᠭᠡᠭ᠍ᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠨᠡᠭᠡᠭᠡᠵᠤ᠂ ᠯᠠᠵᠤᠤ ᠢᠢ ᠰᠢᠨ᠎ᠡ ᠰᠣᠷᠭᠤᠭ ᠢᠶᠠᠷ ᠬᠠᠳᠠᠭᠠᠯᠠᠬᠤ ᠬᠦᠢᠳᠡᠨ ᠬᠡᠯᠬᠢᠶᠡᠲᠦ ᠰᠠᠭᠤᠷᠢᠨ ᠭᠠᠵᠠᠷ ᠪᠠᠶᠢᠭᠤᠯᠤᠭᠰᠠᠨ ᠨᠢ ᠲᠡᠳᠡᠨ ᠳᠤ ᠪᠤᠷᠤᠯᠠᠭᠤᠯᠬᠤ ᠴᠠᠭ ᠢ ᠰᠤᠩᠭᠤᠯᠳᠠ ᠲᠠᠢ ᠪᠤᠯᠭᠠᠵᠤ᠂ ᠤᠷᠤᠯᠭ᠎ᠠ ᠳᠤᠨᠢ ᠪᠠᠰᠠ ᠨᠢᠭᠡᠨ ᠪᠠᠳᠤᠯᠠᠭ᠎ᠠ ᠬᠠᠩᠭᠠᠭᠰᠠᠨ ᠪᠠᠶᠢᠪᠠ᠃

ᠬᠤᠩ ᠴᠧᠩ ᠲᠠᠷᠢᠶᠠᠯᠠᠩ ᠤᠨ ᠪᠦᠲᠦᠭᠡᠭ᠍ᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠪᠣᠯ ᠪᠤᠷᠤᠪᠠᠯᠭᠠᠰᠤ ᠪᠠᠯᠭᠠᠰᠤᠨ ᠤ ᠭᠠᠴᠠᠭ᠎ᠠ ᠲᠣᠰᠬᠤᠨ ᠤ ᠬᠠᠮᠲᠤ ᠢᠢᠨ ᠠᠵᠤ ᠠᠬᠤᠢ ᠢᠢᠨ ᠬᠤᠯᠪᠣᠭᠠᠲᠤ ᠴᠣᠭᠴᠠ ᠪᠣᠯᠤᠨ᠎ᠠ᠂ ᠲᠤᠰ ᠬᠤᠯᠪᠣᠭᠠᠲᠤ ᠴᠣᠭᠴᠠ ᠨᠢ ᠪᠤᠷᠤᠪᠠᠯᠭᠠᠰᠤ ᠪᠠᠯᠭᠠᠰᠤᠨ ᠤ 29 ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠬᠠᠮᠲᠤ ᠢᠢᠨ ᠠᠵᠤ ᠠᠬᠤᠢ ᠢᠢᠨ ᠵᠣᠬᠢᠶᠠᠨ ᠪᠠᠶᠢᠭᠤᠯᠤᠯᠲᠠ ᠠᠴᠠ ᠪᠡᠯᠡ ᠣᠷᠣᠭᠤᠯᠤᠨ ᠬᠤᠪᠢ ᠤᠷᠤᠵᠤ᠂ ᠨᠡᠶᠢᠲᠡ 290 ᠲᠦᠮᠡᠨ ᠲᠥᠭᠦᠷᠢᠭ ᠤᠨ ᠬᠠᠮᠲᠤ ᠢᠢᠨ ᠪᠡᠯᠡ ᠮᠥᠩᠭᠦ ᠴᠤᠭᠯᠠᠭᠤᠯᠵᠤ᠂ ᠬᠥᠳᠡᠭᠡ ᠲᠣᠰᠬᠤᠨ ᠢ ᠬᠥᠭ᠍ᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠡᠯᠡ ᠮᠦᠩᠬᠦ ᠢᠢ 1000 ᠲᠦᠮᠡᠨ ᠲᠥᠭᠦᠷᠢᠭ ᠭᠤᠶᠤᠴᠢᠯᠠᠬᠤ ᠪᠠᠷ ᠲᠠᠮᠵᠢᠨ 17.9 ᠮᠦ ᠰᠢᠨ᠎ᠡ ᠰᠣᠷᠭᠤᠭ ᠢᠶᠠᠷ ᠬᠠᠳᠠᠭᠠᠯᠠᠬᠤ ᠬᠦᠢᠳᠡᠨ ᠬᠡᠯᠬᠢᠶᠡᠲᠦ ᠰᠠᠭᠤᠷᠢᠨ ᠭᠠᠵᠠᠷ ᠢ ᠪᠠᠶᠢᠭᠤᠯᠵᠤ᠂ ᠪᠤᠷᠤᠪᠠᠯᠭᠠᠰᠤ ᠪᠠᠯᠭᠠᠰᠤᠨ ᠤ ᠯᠠᠵᠤᠤ ᠵᠡᠷᠭᠡ ᠤᠨᠴᠠᠯᠢᠭᠳᠤ ᠲᠠᠷᠢᠮᠠᠯ ᠤᠨ ᠭᠠᠳᠠᠭᠰᠢ ᠪᠤᠷᠤᠯᠠᠭᠤᠯᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠤᠩ ᠴᠧᠩ ᠲᠠᠷᠢᠶᠠᠯᠠᠩ ᠤᠨ ᠪᠦᠲᠦᠭᠡᠭ᠍ᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠷᠢᠭᠤᠴᠠᠯᠭᠠᠳᠠᠨ ᠵᠠᠩ ᠪᠤᠤ ᠶ᠋ᠢᠨ ᠰᠤᠷᠪᠤᠯᠵᠢᠯᠠᠭᠴᠢ ᠳᠤ ︽ᠨᠠᠮᠤᠷ ᠤᠷᠤᠭᠰᠠᠨ ᠠᠴᠠ ᠨᠠᠭᠠᠰᠢ ᠡᠳᠤᠷ ᠪᠦᠷᠢ ᠭᠤᠷᠪᠠ ᠠᠴᠠ ᠲᠠᠪᠤᠨ ᠲᠦᠮᠡᠨ ᠵᠢᠩ ᠯᠠᠵᠤᠤ ᠬᠤᠷᠢᠶᠠᠵᠤ᠂ ᠵᠢᠩ ᠪᠦᠷᠢ ᠢᠢᠨ ᠦᠨ᠎ᠡ ᠨᠢ ᠭᠤᠷᠪᠠ ᠠᠴᠠ ᠲᠠᠪᠤᠨ ᠲᠦᠬᠦᠷᠢᠭ ᠲᠤ ᠬᠦᠷᠴᠤ᠂ ᠬᠦᠢᠳᠠᠨ ᠬᠦᠮᠦᠷᠭᠡ ᠳᠡᠭᠡᠨ ᠭᠡᠰᠡᠭ ᠬᠠᠳᠠᠭᠠᠯᠠᠭᠰᠠᠨ ᠤ ᠲᠠᠷᠠᠭ᠎ᠠ ᠭᠤᠤᠯᠳᠠᠭᠤ ᠭᠤᠸᠠᠩᠵᠸᠤ ᠵᠧᠵᠢᠶᠠᠩ ᠵᠡᠷᠭᠡ ᠭᠠᠵᠠᠷ ᠲᠤ ᠪᠤᠷᠤᠯᠠᠭᠤᠯᠵᠤ ᠪᠠᠶᠢᠨ᠎ᠠ︾ ᠭᠡᠯ᠎ᠡ᠃

ᠪᠤᠷᠤᠪᠠᠯᠭᠠᠰᠤ ᠪᠠᠯᠭᠠᠰᠤ ᠨᠢ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠢᠢ ᠪᠠᠷᠢᠮᠲᠠᠯᠠᠵᠤ᠂ ︽ᠭᠠᠴᠠᠭ᠎ᠠ ᠠᠯᠤᠰᠯᠠᠨ ᠬᠠᠮᠳᠤᠷᠠᠵᠤ ᠨᠢᠭᠡᠳᠦᠯᠲᠡᠶ ᠪᠠᠶᠢᠭᠤᠯᠵᠤ ᠬᠠᠮᠲᠤ ᠪᠠᠷ ᠪᠠᠶᠠᠵᠢᠬᠤ︾ ᠬᠥᠭ᠍ᠵᠢᠯᠲᠡ ᠢᠢᠨ ᠰᠡᠳᠭᠢᠴᠡ ᠶᠣᠰᠣᠭᠠᠷ︽ᠺᠣᠮᠫᠠᠨᠢ᠂ ᠭᠠᠴᠠᠭ᠎ᠠ ᠲᠣᠰᠬᠤᠨ᠂ ᠮᠠᠯᠵᠢᠬᠤ ᠲᠠᠷᠢᠶᠠᠯᠠᠬᠤ ᠡᠷᠦᠬᠡ︾ ᠬᠠᠮᠳᠤᠷᠠᠨ ᠲᠣᠰᠬᠤᠨ ᠤ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ᠂ ᠬᠠᠮᠲᠤᠷᠠᠨ ᠠᠵᠢᠯᠯᠠᠵᠤ᠂ ᠬᠠᠮᠲᠤ ᠪᠠᠷ ᠠᠰᠢᠭ ᠭᠥᠷᠳᠡᠬᠦ ᠡᠵᠡᠩᠨᠡᠯᠲᠡ ᠢᠢᠨ ᠠᠷᠭ᠎ᠠ ᠮᠠᠶ᠋ᠢᠭ ᠢ ᠬᠡᠷᠡᠭ᠍ᠵᠢᠭᠦᠯᠵᠦ᠂ ᠪᠤᠷᠤᠪᠠᠯᠭᠠᠰᠤ ᠪᠠᠯᠭᠠᠰᠤᠨ ᠤ ᠬᠠᠮᠲᠤ ᠢᠢᠨ ᠠᠵᠤ ᠠᠬᠤᠶ ᠢᠢᠨ ᠰᠢᠨ᠎ᠡ ᠰᠣᠷᠭᠤᠭ ᠢᠶᠠᠷ ᠬᠠᠳᠠᠭᠠᠯᠠᠬᠤ ᠬᠦᠢᠳᠡᠨ ᠬᠡᠯᠬᠢᠶᠡᠲᠦ ᠬᠥᠮᠥᠷᠭᠡ ᠳᠤ ᠭᠠᠳᠠᠭᠰᠢ ᠳᠠᠭᠠᠭᠠᠴᠢᠯᠠᠭᠤᠯᠬᠤ ᠡᠵᠡᠩᠨᠡᠯᠲᠡ ᠢᠢᠨ ᠦᠢᠯᠡᠴᠢᠯᠡᠭᠡ ᠢᠢ ᠬᠡᠷᠡᠭ᠍ᠵᠢᠭᠦᠯᠵᠦ᠂ 29 ᠭᠠᠴᠠᠭ᠎ᠠ ᠲᠣᠰᠬᠤᠨ ᠤ ᠬᠠᠮᠲᠤ ᠢᠢᠨ ᠠᠵᠤ ᠠᠬᠤᠶ ᠢᠢᠨ ᠵᠢᠯ ᠤᠨ ᠡᠴᠦᠰ ᠲᠤ ᠬᠤᠪᠢᠳᠠᠬᠤ ᠠᠰᠢᠭ ᠤᠷᠤᠯᠭ᠎ᠠ ᠢᠢ ᠠᠳᠠᠭ ᠲᠠᠭᠠᠨ 2 ᠲᠦᠮᠡᠨ ᠲᠥᠭᠦᠷᠢᠭ ᠬᠦᠷᠬᠦ ᠢᠢ ᠪᠠᠳᠤᠯᠠᠭᠰᠠᠨ ᠪᠠᠶᠢᠨ᠎ᠠ᠃

ᠬᠥᠳᠡᠭᠡ ᠲᠣᠰᠬᠤᠨ ᠢ ᠬᠥᠭ᠍ᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠡᠷᠬᠡᠪᠰᠢ ᠤᠷᠢᠳ ᠵᠢᠡᠷ ᠬᠥᠭ᠍ᠵᠢᠭᠦᠯᠬᠦ ᠬᠡᠷᠡᠭ᠍ᠲᠡᠢ᠃ ᠪᠤᠷᠤᠪᠠᠯᠭᠠᠰᠤ ᠪᠠᠯᠭᠠᠰᠤ1996 ᠣᠨ ᠠᠴᠠ ᠡᠬᠢᠯᠡᠨ ᠯᠠᠵᠤᠤ ᠲᠠᠷᠢᠭᠰᠠᠨ ᠲᠡᠤᠭᠡ ᠲᠠᠢ ᠪᠦᠭᠡᠳ ᠭᠤᠴᠢᠭᠠᠳ ᠵᠢᠯ ᠤᠨ ᠲᠤᠷᠰᠢ ᠲᠠᠷᠢᠬᠤ ᠲᠠᠯᠠᠪᠠᠢ ᠪᠤᠯᠤᠨ ᠲᠠᠷᠢᠮᠠᠯ ᠤᠨ ᠡᠷᠤᠭᠡ ᠪᠠᠨ ᠲᠠᠰᠤᠷᠠᠯᠳᠠ ᠦᠭᠡᠢ ᠦᠷᠭᠡᠳᠭᠡᠵᠦ᠂ ᠰᠢᠨ᠎ᠡ ᠬᠡᠯᠪᠡᠷᠢ ᠢᠢᠨ ᠡᠵᠡᠩᠨᠡᠯᠲᠡ ᠢᠢᠨ ᠭᠤᠣᠯ ᠴᠣᠭᠴᠠ ᠢᠢ ᠵᠣᠷᠢᠭᠵᠢᠭᠤᠯᠵᠤ ᠪᠠᠶᠢᠭᠠᠳ ᠲᠠᠷᠢᠶᠠᠯᠠᠩ ᠲᠠᠢ ᠬᠤᠯᠪᠣᠭᠠᠯᠠᠭᠤᠯᠤᠨ ᠲᠠᠷᠢᠶᠠᠯᠠᠩ ᠢ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠵᠤ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠯᠠᠵᠤᠤ ᠲᠠᠷᠢᠭᠰᠠᠨ ᠡᠷᠤᠭᠡ ᠳᠤ ᠪᠠᠯᠠ ᠮᠥᠩᠭᠦ ᠢᠢᠨ ᠳᠡᠮᠵᠢᠯᠭᠡ᠂ ᠮᠡᠷᠭᠡᠵᠢᠯ ᠤᠨ ᠪᠣᠯᠪᠠᠰᠤᠷᠠᠯ ᠪᠠ ᠪᠣᠷᠣᠯᠠᠭᠤᠯᠭ᠎ᠠ ᠢᠢᠨ ᠵᠢᠯᠣᠭᠤᠳᠣᠯᠭ᠎ᠠ ᠵᠡᠷᠭᠡ ᠢᠢ ᠬᠠᠩᠭᠠᠨ ᠦᠭ᠍ᠬᠦᠭ᠍ᠰᠡᠨ ᠢᠶᠠᠷ᠂ ᠣᠳᠣᠬᠠᠨ ᠳᠤ ᠪᠤᠷᠤᠪᠠᠯᠭᠠᠰᠤ ᠪᠠᠯᠭᠠᠰᠤᠨ ᠤ ᠲᠠᠷᠢᠭᠰᠠᠨ ᠯᠠᠵᠤᠤ ᠨᠢ ᠨᠢᠭᠡᠨᠲᠡ 2.7 ᠲᠦᠮᠡᠨ ᠮᠦ ᠢᠢ ᠳᠠᠪᠠᠵᠤ᠂ ᠤᠶᠢᠷ᠎ᠠ ᠬᠠᠪᠢ ᠢᠢᠨ 3000 ᠭᠠᠷᠤᠢ ᠲᠠᠷᠢᠶᠠᠴᠢᠨ ᠡᠷᠦᠬᠡ ᠳᠤ ᠠᠰᠢᠭ ᠬᠦᠷᠲᠡᠭᠡᠨ᠂ ᠶᠡᠭᠡ ᠭᠡᠪᠴᠢᠶ᠎ᠠ ᠪᠠᠷ ᠲᠠᠷᠢᠭᠰᠠᠨ ᠯᠠᠵᠤᠤ ᠢᠢᠨ ᠲᠦᠷᠦᠯ ᠵᠦᠢᠯ 10 ᠭᠠᠷᠤᠢ ᠵᠦᠢᠯ ᠳᠤ ᠬᠦᠷᠴᠦ᠂ ︽ᠶᠧᠵᠸᠤ︾᠂ ︽ᠪᠤᠷᠤᠪᠠᠯᠭᠠᠰᠤ︾ ᠵᠡᠷᠭᠡ ᠯᠠᠵᠤᠤ ᠢᠢᠨ ᠲᠦᠷᠦᠯ ᠲᠡᠮᠳᠡᠭ ᠢ ᠡᠬᠦᠳᠴᠦ᠂ ᠠᠮᠲᠠ ᠨᠢ ᠰᠢᠨ᠎ᠠ ᠰᠤᠷᠭᠤᠭ᠂ ᠦᠨ᠎ᠡ ᠬᠠᠡᠭᠰᠢ ᠨᠢ ᠲᠤᠬᠢᠷᠠᠮᠵᠢᠳᠠᠢ᠂ ᠪᠤᠬᠢᠷᠳᠤᠯ ᠦᠭᠡᠢ ᠤᠨᠴᠠᠯᠢᠭ ᠢᠶᠠᠷ ᠢᠶᠠᠨ ᠵᠠᠬ᠎ᠠ ᠳᠡᠯᠭᠡᠭᠦᠷ ᠲᠤ ᠮᠡᠳᠡᠷᠡᠭ᠍ᠳᠡᠵᠤ᠂ ᠤᠯᠠᠨ ᠲᠦᠮᠡᠨ ᠤ ᠭᠦᠷᠢᠶᠠᠯᠠᠯ ᠳᠤ ᠬᠦᠷᠴᠤ ᠪᠠᠶᠢᠨ᠎ᠠ᠃

ᠤᠳᠤᠭ ᠤᠨ ᠡᠮᠤᠨᠡᠳᠤ ᠬᠤᠰᠢᠭᠤ ᠤᠮᠠᠷᠠᠳᠤ ᠥᠷᠭᠡᠷᠢᠭ ᠤᠨ 37︒ ᠲᠤ ᠪᠠᠶᠢᠷᠢᠰᠢᠬ᠍ᠰᠠᠨ ᠵᠢᠡᠷ ᠵᠢᠮᠢᠰ ᠢᠳᠡᠰᠢᠨ ᠨᠤᠭᠤᠭ᠎ᠠ ᠲᠠᠷᠢᠬᠤ ᠳᠤ ᠲᠤᠬᠢᠷᠠᠮᠵᠢᠳᠡᠢ ᠪᠠᠶᠢᠵᠤ᠂ ᠤᠰᠤ᠂ ᠭᠠᠵᠠᠷ ᠰᠢᠷᠤᠢ᠂ ᠬᠡᠷᠡᠯ᠂ ᠢᠯᠴᠢ ᠢᠢᠨ ᠦᠪᠡᠷᠮᠢᠴᠡ ᠡᠬᠢ ᠪᠠᠶᠠᠯᠢᠭ ᠨᠢ ᠪᠤᠷᠤᠪᠠᠯᠭᠠᠰᠤ ᠪᠠᠯᠭᠠᠰᠤᠨ ᠤ ᠯᠠᠵᠤᠤ ᠢᠢ ᠦᠩᠬᠡ ᠲᠦᠷᠬᠦ᠂ ᠭᠤᠱᠤᠭᠤᠨ ᠠᠮᠳᠠ᠂ ᠤᠨᠠᠯᠳᠠ ᠭᠠᠷᠤᠯᠳᠠ ᠵᠡᠷᠭᠡ ᠤᠯᠠᠨ ᠲᠠᠪᠠᠭᠤᠯᠢᠭ ᠲᠠᠯ᠎ᠠ ᠲᠠᠢ ᠪᠤᠯᠭᠠᠪᠠ᠃ ᠬᠠᠳᠠᠭᠠᠭᠰᠠᠨ ᠯᠠᠵᠤᠤ᠂ ᠯᠠᠵᠤᠤ ᠵᠢᠶᠠᠩ᠂ ᠠᠮᠳᠠ ᠤᠷᠤᠭᠤᠯᠤᠭᠴᠢ ᠡᠳ᠋ ᠤᠨ ᠲᠦᠬᠦᠭᠡᠢ ᠮᠠᠲ᠋ᠧᠷᠢᠶᠠᠯ ᠪᠤᠯᠤᠭᠰᠠᠨ ᠵᠢᠡᠷ ᠬᠦᠮᠦᠰ ᠤᠨ ᠪᠠᠶᠢᠩᠭᠤ ᠭᠡᠷᠡᠭ᠍ᠯᠡᠳᠡᠭ ᠢᠳᠡᠰᠢᠨ ᠨᠤᠭᠤᠭ᠎ᠠ ᠪᠤᠯᠵᠤ ᠵᠠᠬ᠎ᠠ ᠳᠡᠯᠬᠡᠬᠦᠷ ᠳᠡᠬᠡᠷ᠎ᠡ ᠪᠤᠷᠤᠯᠠᠭᠤᠯᠭ᠎ᠠ ᠰᠠᠶᠢᠳᠠᠢ ᠪᠠᠶᠢᠵᠤ᠂ ᠬᠦᠮᠤᠰ ᠤᠨ ᠬᠦᠷᠢᠶᠠᠯᠠᠯ ᠳᠤ ᠬᠦᠷᠴᠤ ᠪᠤᠢ᠃

ᠤᠳᠤᠭ ᠤᠨ ᠡᠮᠤᠨᠡᠳᠤ ᠬᠤᠰᠢᠭᠤ ᠯᠠᠵᠤᠤ ᠢᠢ ᠪᠤᠬᠢᠷᠳᠤᠯ ᠦᠬᠡᠢ ᠠᠵᠤ ᠤᠶᠢᠯᠡᠰ᠂ ᠠᠷᠠᠳ ᠢ ᠪᠠᠶᠠᠵᠢᠭᠤᠯᠬᠤ ᠠᠵᠤ ᠤᠶᠢᠯᠡᠰ ᠪᠤᠯᠭᠠᠨ ᠭᠤᠤᠯᠳᠠᠯᠭ᠎ᠠ ᠲᠠᠢ ᠴᠤᠭᠴᠠᠯᠠᠵᠤ᠂ ᠮᠤ ᠪᠦᠷᠢ ᠢᠢᠨ ᠳᠤᠮᠳᠠᠴᠢ ᠤᠶᠢᠯᠡᠤᠨᠬᠦᠨ ᠤ ᠦᠷᠳᠡᠭ ᠢ ᠳᠡᠬᠡᠭ᠍ᠰᠢᠯᠡᠬᠦᠯᠬᠦ ᠪᠠᠷ ᠰᠢᠪᠳᠤᠯᠤᠯᠳᠠ ᠢᠢᠨ ᠴᠡᠭ ᠵᠢᠡᠨ ᠪᠤᠯᠭᠠᠵᠤ᠂ ᠠᠵᠤ ᠤᠶᠢᠯᠡᠰ ᠤᠨ ᠪᠦᠳᠤᠴᠠ ᠪᠠ ᠪᠠᠶᠢᠷᠢᠯᠠᠭᠤᠯᠤᠯᠳᠠ ᠢᠢ ᠦᠷᠬᠦᠯᠵᠢᠯᠡᠨ ᠰᠢᠯᠢᠳᠡᠭ᠍ᠵᠢᠬᠦᠯᠤᠨ ᠳᠤᠬᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠢᠢ ᠲᠠᠰᠤᠷᠠᠯᠲᠠ ᠦᠭᠡᠢ ᠤᠷᠲᠤᠳᠬᠠᠵᠤ᠂ ᠨᠡᠩ ᠤᠯᠠᠨ ᠲᠠᠷᠢᠶᠠᠴᠢᠨ ᠢ ᠳᠠᠶᠢᠴᠢᠯᠠᠨ ᠪᠦᠬᠦ ᠠᠵᠤ ᠦᠢᠯᠡᠰ ᠤᠨ ᠬᠡᠯᠬᠢᠶ᠎ᠡ ᠢᠢᠨ ᠬᠥᠭ᠍ᠵᠢᠯᠲᠡ ᠳᠤ ᠭᠦᠨᠵᠡᠭᠡᠢ ᠣᠷᠣᠯᠴᠠᠭᠤᠯᠵᠤ᠂ ︽ᠨᠢᠬᠡᠳᠤᠯᠳᠠᠢ ᠴᠢᠬᠢ ᠪᠤᠶᠢᠵᠢᠭᠤᠯᠬᠤ᠂ ᠨᠢᠬᠡᠳᠤᠯᠳᠠᠢ ᠮᠡᠷᠬᠡᠵᠢᠯ ᠤᠨ ᠬᠠᠮᠢᠶᠠᠷᠤᠯᠳᠠ ᠬᠢᠬᠦ᠂ ᠨᠢᠬᠡᠳᠤᠯᠳᠠᠢ ᠶᠠᠰᠤ ᠴᠢᠨᠠᠷ ᠤᠨ ᠪᠠᠷᠢᠮᠵᠢᠶ᠎ᠠ ᠲᠤᠭᠳᠠᠭᠠᠬᠤ᠂ ᠨᠢᠬᠡᠳᠤᠯᠳᠠᠢ ᠲᠠᠭᠠᠳᠬᠠᠯ ᠬᠤᠳᠠᠯᠳᠤᠨ ᠠᠪᠬᠤ︾ ᠵᠠᠷᠴᠢᠮ ᠢ ᠭᠡᠷᠡᠭ᠍ᠵᠢᠬᠦᠯᠦᠭ᠍ᠰᠡᠨ ᠵᠢᠡᠷ ᠪᠤᠷᠤᠪᠠᠯᠭᠠᠰᠤ ᠪᠠᠯᠭᠠᠰᠤᠨ ᠤ ᠯᠠᠵᠤᠤ ᠢᠢᠨ ᠵᠢᠯ ᠤᠨ ᠭᠠᠷᠤᠯᠲᠠ ᠵᠢᠱᠢᠯᠲᠡ ᠪᠠᠷ 12 ᠲᠦᠮᠡᠨ ᠲᠣᠨ ᠳᠤ ᠬᠦᠷᠴᠦ᠂ ᠯᠠᠵᠤᠤ ᠨᠢ ᠪᠦᠬᠦ ᠤᠯᠤᠰ ᠤᠨ 21 ᠮᠤᠵᠢ ᠬᠤᠳᠠ ᠳᠤ ᠪᠣᠷᠣᠯᠠᠭᠤᠯᠤᠭᠳᠠᠵᠤ᠂ ᠪᠤᠷᠤᠪᠠᠯᠭᠠᠰᠤ ᠪᠠᠯᠭᠠᠰᠤᠨ ᠤ ᠠᠵᠤ ᠠᠬᠤᠢ ᠨᠡᠶᠢᠭᠡᠮ ᠢ ᠰᠢᠨ᠎ᠡ ᠨᠢᠭᠡᠨ ᠲᠡᠭ᠍ᠲᠡᠷ ᠲᠤ ᠭᠠᠷᠭᠠᠭᠰᠠᠨ ᠪᠠᠶᠢᠨ᠎ᠠ᠃

ᠤᠯᠠᠨ ᠲᠦᠮᠡᠨ ᠤ ᠪᠠᠶᠠᠵᠢᠯ ᠤᠨ ᠵᠠᠮ ᠢ ᠥᠷᠭᠡᠳᠭᠡᠬᠦ ᠪᠤᠯ ᠬᠦᠳᠡᠭᠡ ᠲᠤᠰᠬᠤᠨ ᠢ ᠬᠦᠭ᠍ᠵᠢᠬᠦᠯᠦᠨ ᠮᠠᠨᠳᠤᠭᠤᠯᠬᠤ ᠭᠠᠷᠳᠠᠴᠠ ᠪᠤᠯᠤᠨ᠎ᠠ᠃ ᠪᠤᠷᠤᠪᠠᠯᠭᠠᠰᠤ ᠪᠠᠯᠭᠠᠰᠤ ᠡᠯᠪᠡᠭ ᠪᠠᠶᠠᠯᠢᠭ ᠬᠤᠪᠢᠰᠬᠠᠯᠳᠦ ᠰᠤᠶᠤᠯ ᠤᠨ ᠡᠬᠢ ᠪᠠᠶᠠᠯᠢᠭ ᠪᠣᠯᠤᠨ ᠰᠠᠶᠢᠨ ᠰᠠᠶᠢᠬᠠᠨ ᠪᠠᠶᠢᠭᠠᠯᠢ ᠢᠢᠨ ᠨᠥᠬᠦᠴᠡᠯ ᠳᠤ ᠲᠦᠰᠢᠭ᠍ᠯᠡᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠢᠢ ᠶᠡᠬᠡ ᠪᠡᠷ ᠠᠬᠢᠭᠤᠯᠵᠤ᠂ ︽ᠨᠠᠮ ᠤᠨ ᠡᠭᠦᠷ + ᠬᠤᠷᠰᠢᠶᠠᠵᠢᠯ + ᠲᠠᠷᠢᠶᠠᠴᠢᠨ ᠡᠷᠦᠬᠡ︾  ᠢᠢᠨ ᠠᠵᠤ ᠦᠢᠯᠡᠰ ᠤᠨ ᠬᠥᠭ᠍ᠵᠢᠯᠲᠡ ᠢᠢᠨ ᠵᠠᠭᠪᠤᠷ ᠢᠶᠠᠷ ᠵᠢᠯᠣᠭᠤᠳᠣᠯᠭ᠎ᠠ ᠪᠣᠯᠭᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠲᠣᠰᠬᠤᠨ ᠤ ᠺᠠᠳ᠋ᠷ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠭᠤᠯᠤᠨ᠂ ᠯᠠᠵᠤᠤ᠂ ᠲᠠᠷᠪᠤᠰ᠂ ᠨᠠᠡᠭᠬᠢ ᠴᠠᠭᠠᠨ ᠵᠡᠷᠭᠡ ᠤᠨᠴᠠᠯᠢᠬ᠍ᠳᠤ ᠲᠠᠷᠢᠮᠠᠯ ᠤᠨ ᠠᠵᠤ ᠦᠢᠯᠡᠰ ᠤᠨ ᠬᠡᠪᠴᠢᠶᠡᠵᠢᠯᠲᠡ᠂ ᠨᠠᠷᠠᠲᠤ ᠲᠡᠮᠳᠡᠭ᠍ᠴᠢᠯᠲᠡ ᠢᠢᠨ ᠬᠥᠭ᠍ᠵᠢᠯᠲᠡ ᠢᠢ ᠠᠬᠢᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠢᠢ ᠲᠠᠰᠤᠷᠠᠯᠲᠠ ᠥᠬᠡᠶ ᠤᠷᠳᠤᠳᠬᠠᠭᠰᠠᠨ ᠢᠶᠠᠷ ᠪᠤᠳᠠᠳᠤ ᠠᠵᠢᠯᠯᠠᠭ᠎ᠠ ᠪᠠᠷ ᠢᠶᠠᠨ ︽ᠵᠢᠵᠢᠭ ᠯᠠᠵᠤᠤ︾  ᠪᠠᠷ ︽ᠲᠤᠮᠤ ᠠᠵᠤ ᠦᠢᠯᠡᠰ︾  ᠢ ᠲᠠᠶᠢᠴᠢᠯᠠᠵᠤ᠂ ᠠᠷᠠᠳ ᠢ ᠪᠠᠶᠠᠵᠢᠭᠤᠯᠤᠨ ᠪᠠᠯᠭᠠᠰᠤ ᠪᠠᠨ ᠬᠦᠴᠦᠷᠬᠡᠭ᠍ᠵᠢᠭᠦᠯᠬᠦ ᠬᠠᠷᠠᠯᠲᠠ ᠢᠢ ᠦᠨᠡᠨ ᠬᠦ ᠪᠠᠶᠠᠯᠠᠬᠦᠯᠦᠭ᠍ᠰᠡᠨ ᠪᠠᠶᠢᠨ᠎ᠠ᠃