ᠣᠶᠢᠷ᠎ᠠ ᠳᠤ ᠲᠢᠶᠠᠨᠵᠢᠨ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠬᠣᠲᠠ ᠳᠤ ᠰᠠᠭᠤᠭ᠎ᠠ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠢᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠵᠢᠩ ᠬᠠᠶ ᠲᠣᠭᠣᠷᠢᠭ ᠤᠨ ᠶᠠᠨ ᠵᠤᠸᠠᠩ ᠪᠠᠯᠭᠠᠰᠤᠨ ᠤ ᠯᠢᠦ ᠵᠤᠸᠠᠩ ᠲᠣᠰᠬᠣᠨ ᠳᠤ ᠪᠤᠬᠢᠷ ᠦᠮᠡᠬᠡᠶ ᠤᠰᠤᠨ ᠴᠣᠭᠴᠠ ᠢᠢ ᠵᠠᠰᠠᠬᠤ ᠠᠵᠢᠯ ᠳᠤ ᠳᠠᠬᠢᠨᠲᠠ ᠬᠢᠨᠠᠯᠲᠠ ᠲᠠᠯᠪᠢᠬᠤ ᠦᠶ᠎ᠡ ᠳᠦ᠂ ᠲᠣᠰ ᠲᠣᠰᠬᠣᠨ ᠤ ᠪᠣᠬᠢᠷ ᠤᠰᠤ ᠰᠢᠢᠳᠪᠦᠷᠢᠯᠡᠬᠦ ᠥᠷᠲᠡᠭᠡᠨ ᠦ ᠠᠵᠢᠯᠲᠠᠨ᠄︽ᠪᠣᠬᠢᠷ ᠤᠰᠤ ᠰᠢᠢᠳᠪᠦᠷᠢᠯᠡᠬᠦ ᠥᠷᠲᠡᠭᠡᠨ ᠦ ᠲᠥᠬᠥᠭᠡᠷᠦᠮᠵᠢ ᠢᠢ ᠨᠢᠭᠡᠨᠲᠡ ᠰᠣᠯᠢᠵᠤ᠂ ᠪᠣᠬᠢᠷᠲᠤᠯ ᠢ ᠵᠠᠰᠠᠬᠤ ᠴᠢᠳᠠᠪᠤᠷᠢ ᠶᠡᠬᠡ ᠪᠡᠷ ᠳᠡᠭᠡᠭᠰᠢᠯᠡᠵᠦ᠂ ᠤᠷᠴᠢᠨ ᠲᠤᠭᠤᠷᠢᠨ ᠰᠠᠶᠢᠬᠠᠨ ᠪᠤᠯᠪᠠ︾ ᠭᠡᠪᠡ᠃
ᠡᠭᠦᠨ ᠡᠴᠡ ᠡᠮᠦᠨ᠎ᠡ ᠲᠢᠶᠠᠨᠵᠢᠨ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠬᠣᠲᠠ ᠳᠤ ᠰᠠᠭᠤᠭ᠎ᠠ ᠠᠮᠢ ᠠᠬᠤᠶ ᠤᠷᠴᠢᠨ ᠲᠤᠭᠤᠷᠢᠨ ᠤ ᠲᠣᠪᠴᠢᠶ᠎ᠠ ᠢᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠪᠣᠬᠢᠷ ᠦᠮᠡᠬᠡᠶ ᠤᠰᠤᠨ ᠴᠣᠭᠴᠠ ᠢᠢ ᠵᠠᠰᠠᠬᠤ ᠠᠵᠢᠯ ᠳᠤ ᠬᠢᠨᠠᠯᠲᠠ ᠲᠠᠯᠪᠢᠬᠤ ᠶᠠᠪᠤᠴᠠ ᠳᠤ᠂ ᠯᠢᠦ ᠵᠤᠸᠠᠩ ᠲᠣᠰᠬᠣᠨ ᠤ ᠪᠣᠬᠢᠷ ᠤᠰᠤ ᠰᠢᠢᠳᠪᠦᠷᠢᠯᠡᠬᠦ ᠥᠷᠲᠡᠭᠡ ᠢᠢᠨ ᠲᠥᠬᠥᠭᠡᠷᠦᠮᠵᠢ ᠨᠢ ᠬᠠᠭᠤᠴᠢᠷᠠᠵᠤ᠂ ᠪᠣᠬᠢᠷᠲᠤᠯ ᠢ ᠵᠠᠰᠠᠭᠰᠠᠨ ᠦᠷ᠎ᠡ ᠪᠦᠲᠦᠮᠵᠢ ᠨᠢ ᠠᠨᠠᠢ᠂ ᠲᠠᠭᠤ ᠱᠤᠤᠬᠢᠶᠠᠨ ᠶᠡᠬᠡᠲᠡᠶ ᠪᠠᠶᠢᠵᠤ᠂ ᠲᠣᠰᠬᠣᠨ ᠤ ᠠᠷᠠᠳ ᠡᠭᠦᠨ ᠳᠦ ᠴᠢᠩᠭ᠎ᠠ ᠲᠤᠰᠬᠠᠯ ᠲᠠᠶ ᠪᠠᠶᠢᠬᠤ ᠵᠢ ᠤᠯᠵᠤ ᠮᠡᠳᠡᠪᠡ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠣᠰ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠰᠢᠭᠤᠳ ᠨᠢᠭᠡᠳᠦᠭᠡᠷ ᠹᠷᠣᠨᠲ ᠲᠤ ᠬᠦᠷᠴᠦ᠂ ᠬᠣᠲᠠ᠂ ᠲᠣᠭᠣᠷᠢᠭ᠂ ᠪᠠᠯᠭᠠᠰᠤ ᠭᠤᠷᠪᠠᠨ ᠱᠠᠲᠤᠨ ᠤ ᠬᠠᠮᠲᠤᠷᠠᠭᠰᠠᠨ ᠲᠤᠬᠠᠶ ᠢᠢᠨ ᠲᠠᠯᠠᠪᠠᠢ ᠵᠢᠨ ᠬᠤᠷᠠᠯ ᠬᠤᠷᠠᠯᠳᠤᠭᠤᠯᠬᠤ ᠢᠢ ᠳᠥᠯᠭᠢᠨ ᠠᠬᠢᠭᠤᠯᠵᠤ᠂ ᠲᠡᠭᠦᠨ ᠦ ᠳᠣᠲᠣᠷ᠎ᠠ ᠣᠷᠣᠰᠢᠵᠤ ᠪᠠᠶᠢᠭ᠎ᠠ ᠪᠠᠯᠠ ᠮᠥᠩᠭᠥ ᠳᠤᠲᠠᠭᠳᠠᠵᠤ ᠪᠠᠶᠢᠬᠤ᠂ ᠮᠡᠷᠭᠡᠵᠢᠯ ᠬᠣᠴᠣᠷᠤᠩᠭᠤᠶ ᠪᠠᠶᠢᠬᠤ ᠵᠡᠷᠭᠡ ᠪᠠᠶᠢᠳᠠᠯ ᠳᠤ ᠵᠠᠳᠠᠯᠤᠯᠲᠠ ᠬᠢᠵᠦ᠂ ᠬᠣᠲᠠ ᠢᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ ᠢᠢ ᠰᠢᠪᠠᠳᠠᠨ ᠴᠡᠭ᠍ᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠯᠭᠠᠵᠤ᠂ ᠬᠠᠷᠢᠭᠤᠴᠠᠯᠭᠠᠲᠤ ᠨᠢᠭᠡᠴᠢ ᠪᠠ ᠴᠡᠭ᠍ᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶ ᠪᠣᠯᠭᠠᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠭᠦᠯᠪᠡ᠃
ᠬᠤᠳᠠ ᠳᠤ ᠰᠠᠭᠤᠭ᠎ᠠ ᠠᠮᠢ ᠠᠬᠤᠢ ᠣᠷᠴᠢᠨ ᠲᠣᠭᠣᠷᠢᠨ ᠤ ᠳᠤᠪᠴᠢᠶ᠎ᠠ ᠢᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠨᠢᠭᠡ ᠡᠴᠡ ᠵᠦᠢᠴᠢᠯᠡᠵᠦ ᠨᠦᠬᠦᠭᠡ ᠢᠢ ᠮᠡᠳᠡᠵᠦ᠂ ᠪᠤᠶᠢᠳᠠ ᠪᠦᠭᠯᠡᠭᠦᠦ᠂ ᠲᠠᠷᠠᠬᠠᠢ ᠪᠤᠲᠠᠷᠬᠠᠢ ᠲᠣᠰᠬᠣᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠬᠢᠨᠠᠯᠲᠠ ᠲᠠᠯᠪᠢᠵᠤ᠂ ᠪᠣᠬᠢᠷ ᠦᠮᠡᠬᠡᠢ ᠤᠰᠤᠨ ᠴᠣᠭᠴᠠ ᠢᠢ ᠵᠠᠰᠠᠬᠤ ᠳᠤ ᠣᠷᠣᠰᠢᠵᠤ ᠪᠠᠶᠢᠭ᠎ᠠ ᠥᠪᠡᠷᠮᠢᠴᠡ ᠴᠢᠨᠠᠷ ᠪᠠ ᠨᠡᠶᠢᠲᠡᠯᠢᠭ ᠴᠢᠨᠠᠷᠲᠠᠢ ᠠᠰᠠᠭᠤᠳᠠᠯ ᠳᠤ ᠴᠢᠭ᠍ᠯᠡᠭᠦᠯᠦᠨ᠂ ᠭᠣᠣᠯ ᠬᠠᠷᠢᠭᠤᠴᠠᠯᠭᠠᠲᠤ ᠰᠠᠯᠠᠭ᠎ᠠ ᠮᠥᠴᠢᠷ ᠢ ᠱᠠᠯᠠᠪᠳᠠᠭᠤᠯᠤᠨ ᠪᠣᠬᠢᠷ ᠤᠰᠤ ᠰᠢᠢᠳᠪᠦᠷᠢᠯᠡᠬᠦ ᠲᠥᠬᠥᠭᠡᠷᠦᠮᠵᠢ ᠢᠢ ᠪᠠᠶᠢᠴᠠᠭᠠᠵᠤ᠂ 779 ᠲᠣᠭᠣᠷᠢᠭ ᠤᠨ ᠲᠡᠰ ᠤᠨ ᠥᠪᠡᠷᠲᠡᠭᠡᠨ ᠪᠠᠶᠢᠭᠤᠯᠤᠭᠰᠠᠨ ᠪᠣᠬᠢᠷ ᠤᠰᠤ ᠰᠢᠢᠳᠪᠦᠷᠢᠯᠡᠬᠦ ᠦᠷᠳᠡᠭᠡ ᠢᠢ ᠬᠢᠨᠠᠨ ᠬᠠᠮᠢᠶᠠᠷᠬᠤ ᠨᠠᠷᠢᠨ ᠲᠠᠩᠰᠠᠨ ᠳᠤ ᠣᠷᠣᠭᠤᠯᠪᠠ᠃ ᠬᠤᠳᠠ ᠢᠢᠨ ᠠᠮᠢ ᠠᠬᠤᠢ ᠣᠷᠴᠢᠨ ᠲᠣᠭᠣᠷᠢᠨ ᠤ ᠳᠤᠪᠴᠢᠶ᠎ᠠ ᠢᠢᠨ ᠭᠣᠣᠯ ᠮᠥᠷᠡᠨ ᠨᠠᠭᠤᠷ ᠴᠥᠭᠥᠷᠥᠮ ᠦᠨ ᠳᠠᠷᠤᠭ᠎ᠠ ᠢᠢᠨ ᠲᠣᠭᠣᠷᠢᠨ ᠪᠠᠶᠢᠴᠠᠭᠠᠬᠤ᠂ ᠭᠠᠳᠠᠭᠠᠳᠤ ᠢᠷᠡᠯᠳᠡ ᠢᠢ ᠬᠠᠮᠢᠶᠠᠷᠤᠨ ᠡᠵᠡᠮᠳᠡᠬᠦ᠂ ᠳᠣᠲᠣᠭᠠᠳᠤ ᠢᠷᠡᠯᠳᠡ ᠢᠢ ᠵᠠᠰᠠᠬᠤ᠂ ᠠᠮᠢ ᠠᠬᠤᠢ ᠢᠢ ᠰᠡᠷᠭᠦᠭᠡᠬᠦ ᠵᠡᠷᠭᠡ ᠤᠯᠠᠨ ᠲᠠᠯ᠎ᠠ ᠢᠢᠨ ᠬᠠᠷᠢᠭᠤᠴᠠᠯᠭ᠎ᠠ ᠢᠢ ᠪᠠᠲᠤᠳᠬᠠᠬᠤ ᠢᠢ ᠠᠬᠢᠭᠤᠯᠵᠤ᠂ ᠬᠥᠳᠡᠭᠡ ᠲᠣᠰᠬᠣᠨ ᠤ ᠬᠥᠮᠦᠰ ᠦᠨ ᠣᠷᠣᠰᠢᠨ ᠰᠠᠭᠤᠬᠤ ᠣᠷᠴᠢᠨ ᠲᠣᠭᠣᠷᠢᠨ ᠢ ᠰᠠᠶᠢᠵᠢᠷᠠᠭᠤᠯᠪᠠ᠃ ᠴᠢ ᠯᠢ ᠬᠠᠶ ᠤᠷᠤᠨ ᠨᠢ ᠲᠢᠶᠠᠨᠵᠢᠨ ᠬᠣᠲᠠ ᠢᠢᠨ ᠨᠢᠩ ᠾᠧ ᠲᠣᠭᠣᠷᠢᠭ ᠪᠣᠯᠤᠨ ᠾᠸᠪᠸᠢ ᠮᠤᠵᠢ ᠢᠢᠨ ᠲᠠᠩᠱᠠᠨ ᠬᠣᠲᠠ ᠢᠢᠨ ᠤᠭᠤᠷᠴᠤᠭ ᠬᠠᠷᠢᠶ᠎ᠠ ᠭᠠᠵᠠᠷ ᠤᠨ ᠠᠭᠤᠯᠵᠠᠷ ᠤᠨ ᠣᠶᠢᠷᠠᠯᠴᠠᠭ᠎ᠠ ᠪᠠᠶᠢᠳᠠᠭ ᠪᠣᠯᠬᠣᠷ ᠲᠠᠷᠢᠶᠠᠨ ᠭᠠᠵᠠᠷ ᠤᠨ ᠲᠠᠯᠠᠩ ᠤᠨ ᠬᠣᠭ ᠨᠣᠪᠰᠢ ᠢᠢ ᠰᠢᠲᠠᠭᠠᠬᠤ ᠪᠠ ᠭᠣᠸᠯ ᠤᠨ ᠰᠠᠯᠠᠭ᠎ᠠ ᠵᠠᠮ ᠤᠨ ᠬᠣᠭ ᠨᠣᠪᠰᠢ ᠬᠦᠪᠬᠦ ᠠᠰᠠᠭᠤᠳᠠᠯ ᠢ ᠢᠯᠡᠷᠡᠭᠦᠯᠵᠦ᠂ ᠪᠠᠶᠢᠴᠠᠭᠠᠨ ᠰᠢᠢᠳᠪᠦᠷᠢᠯᠡᠬᠦ ᠪᠠ ᠦᠨᠳᠦᠰᠦᠨ ᠡᠴᠡ ᠨᠢ ᠵᠠᠰᠠᠬᠤ ᠳᠤ ᠪᠡᠷᠬᠡᠲᠡᠶ ᠪᠠᠶᠢᠵᠤ᠂ ᠡᠷᠬᠢᠨ ᠲᠣᠭᠣᠷᠢᠨ ᠤ ᠠᠮᠢ ᠠᠬᠤᠶ ᠣᠷᠴᠢᠨ ᠲᠣᠭᠣᠷᠢᠨ ᠢ ᠲᠤᠶᠢᠯ ᠤᠨ ᠶᠡᠬᠡ ᠪᠡᠷ ᠨᠥᠯᠥᠭᠡᠯᠡᠭ᠍ᠰᠡᠨ ᠪᠠᠶᠢᠨ᠎ᠠ᠃
ᠨᠢᠩ ᠾᠧ ᠲᠣᠭᠣᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠯᠠᠨ ᠲᠦᠮᠡᠨ ᠦ ᠲᠤᠰᠬᠠᠯ ᠴᠢᠩᠭ᠎ᠠ ᠪᠠᠶᠢᠬᠤ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠢᠢᠨ ᠠᠰᠠᠭᠤᠳᠠᠯ ᠢ ᠡᠳᠦᠷ ᠳᠤᠳᠤᠮ ᠤᠨ ᠬᠢᠨᠠᠯᠲᠠ ᠲᠠᠯᠪᠢᠬᠤ ᠭᠣᠣᠯᠳᠠᠯᠭ᠎ᠠ ᠲᠠᠶ ᠠᠭᠤᠯᠭ᠎ᠠ ᠳᠤ ᠣᠷᠣᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠣᠳᠴᠤ᠂ ᠠᠵᠢᠯ ᠢ ᠠᠷᠭᠠᠴᠠᠭᠠᠬᠤ᠂ ᠬᠤᠳᠠᠯ ᠢᠶᠠᠷ ᠴᠡᠭ᠍ᠴᠡᠯᠡᠨ ᠰᠠᠶᠢᠵᠢᠷᠠᠭᠤᠯᠵᠤ ᠬᠤᠳᠠᠯ ᠢᠶᠠᠷ ᠦᠢᠯᠡᠳᠬᠦ᠂ ᠬᠢᠨᠠᠯᠲᠠ ᠬᠠᠮᠢᠶᠠᠷᠤᠯᠲᠠ ᠰᠤᠯᠠ ᠵᠡᠷᠭᠡ ᠠᠰᠠᠭᠤᠳᠠᠯ ᠢ ᠴᠢᠩᠭ᠎ᠠ ᠠᠳᠬᠤᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠢᠢ ᠬᠡᠷᠡᠭ᠍ᠵᠢᠭᠦᠯᠬᠦ ᠬᠠᠤᠯᠢ ᠬᠡᠷᠡᠭ᠍ᠵᠢᠭᠦᠯᠬᠦ ᠢᠢ ᠴᠢᠩᠭᠠᠳᠬᠠᠵᠤ᠂ ᠨᠡᠶᠢᠳᠡ 23 ᠨᠠᠮ ᠤᠨ ᠭᠡᠰᠢᠭᠦᠨ ᠺᠠᠳ᠋ᠷ ᠲᠠᠶ ᠪᠣᠯᠵᠣᠨ ᠶᠠᠷᠢᠯᠴᠠᠵᠤ᠂ 53 ᠬᠥᠮᠦᠨ ᠢ ᠰᠡᠷᠡᠮᠵᠢᠯᠡᠭᠦᠯᠦᠨ ᠰᠠᠨᠠᠭᠤᠯᠵᠤ᠂ 4 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠭᠡᠯ ᠥᠭ᠍ᠴᠡᠢ᠃ ᠴᠢ ᠯᠢ ᠬᠠᠶ ᠢᠢᠨ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠢᠢᠨ ᠠᠵᠢᠯ ᠨᠢ ᠡᠷᠭᠢᠯᠡᠨ ᠬᠠᠮᠢᠶᠠᠷᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠪᠠᠯᠭᠠᠰᠤ ᠲᠣᠰᠬᠣᠨ ᠠᠴᠠ ᠭᠠᠳᠠᠨ᠎ᠠ ᠬᠦᠳᠡᠭᠡ ᠠᠵᠤ ᠠᠬᠤᠢ ᠬᠥᠳᠡᠭᠡ ᠲᠣᠰᠬᠣᠨ᠂ ᠤᠰᠤᠨ ᠤ ᠶᠠᠪᠤᠳᠠᠯ᠂ ᠪᠠᠶᠢᠭᠠᠯᠢ ᠢᠢᠨ ᠡᠬᠢ ᠪᠠᠶᠠᠯᠢᠭ᠂ ᠳᠣᠲᠣᠭᠠᠳᠤ ᠢᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ ᠵᠡᠷᠭᠡ ᠣᠯᠠᠨ ᠠᠵᠢᠯ ᠲᠥᠷᠥᠯ ᠦᠨ ᠬᠢᠨᠠᠯᠲᠠ ᠬᠠᠮᠢᠶᠠᠷᠤᠯᠲᠠ ᠪᠠ ᠬᠠᠸᠯᠢ ᠬᠡᠷᠡᠭ᠍ᠵᠢᠭᠦᠯᠬᠦ ᠰᠠᠯᠠᠭ᠎ᠠ ᠮᠥᠴᠢᠷ ᠲᠦ ᠬᠣᠯᠪᠣᠭᠳᠠᠨ᠎ᠠ᠃
ᠨᠢᠩ ᠾᠧ ᠲᠣᠭᠣᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠣᠬᠢᠶᠠᠨ ᠪᠠᠶᠢᠭᠤᠯᠵᠤ ᠵᠣᠬᠢᠴᠠᠭᠤᠯᠬᠤ᠂ ᠨᠠᠷᠢᠨ ᠲᠠᠩᠰᠠ ᠢᠢ ᠬᠠᠮᠢᠶᠠᠷᠬᠤ᠂ ᠰᠦᠪᠡᠭ᠍ᠴᠢ ᠢᠢ ᠰᠢᠢᠳᠪᠦᠷᠢᠯᠡᠬᠦ᠂ ᠬᠢᠨᠠᠨ ᠵᠢᠯᠣᠭᠣᠳᠴᠤ ᠪᠠᠶᠢᠴᠠᠭᠠᠬᠤ ᠪᠠ ᠵᠠᠷᠯᠠᠨ ᠮᠡᠳᠡᠭ᠍ᠳᠡᠵᠦ ᠢᠯᠡᠴᠢᠯᠡᠬᠦ ᠵᠡᠷᠭᠡ ᠪᠠᠶᠢᠩᠭᠤᠵᠢᠭᠰᠠᠨ ᠠᠵᠢᠯ ᠤᠨ ᠲᠣᠭᠲᠠᠴᠠ ᠢᠢ ᠪᠠᠶᠢᠭᠤᠯᠵᠤ᠂ ᠬᠣᠯᠪᠣᠭᠳᠠᠯ ᠪᠦᠬᠦᠢ ᠡᠭᠦᠷᠭᠡ ᠴᠢᠳᠠᠪᠬᠢᠲᠦ ᠰᠠᠯᠠᠭ᠎ᠠ ᠮᠥᠴᠢᠷ ᠢ ᠠᠳᠠᠯᠢ ᠴᠢᠭ᠍ᠯᠡᠯ ᠢᠶᠡᠷ ᠬᠦᠴᠦᠯᠡᠬᠦ ᠵᠢ ᠱᠠᠯᠠᠪᠳᠠᠭᠤᠯᠪᠠ᠃ ᠡᠭᠦᠨ ᠦ ᠵᠡᠷᠭᠡ ᠳᠦ᠂ ᠲᠣᠰ ᠲᠣᠭᠣᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠩᠱᠠᠨ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠲᠡᠶ ᠬᠠᠮᠲᠤᠷᠠᠨ ᠬᠣᠶᠠᠷ ᠭᠠᠵᠠᠷ ᠤᠨ ᠬᠥᠮᠦᠰ ᠦᠨ ᠣᠷᠣᠰᠢᠨ ᠰᠠᠭᠤᠬᠤ ᠣᠷᠴᠢᠨ ᠠᠬᠤᠶ ᠳᠤ ᠬᠢᠨᠠᠯᠲᠠ ᠲᠠᠯᠪᠢᠵᠤ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠢ ᠰᠢᠪᠠᠳᠠᠨ ᠣᠷᠣᠨ ᠪᠦᠰᠡ ᠠᠯᠤᠰᠯᠠᠨ ᠭᠣᠸᠯ ᠪᠤᠯᠤᠨ ᠭᠤᠤᠯ ᠤᠨ ᠬᠤᠶᠠᠷ ᠡᠷᠭᠢ ᠳᠠᠭᠠᠤ ᠢᠢᠨ 35 ᠺᠢᠯᠣᠮᠧᠲ᠋ᠷ ᠭᠠᠵᠠᠷ ᠢ ᠬᠠᠮᠵᠢᠯᠴᠠᠨ ᠴᠡᠪᠡᠷᠯᠡᠵᠦ᠂ ᠴᠡᠪᠡᠷ ᠴᠡᠮᠴᠡᠭᠡᠷ ᠤᠷᠴᠢᠨ ᠲᠤᠭᠤᠷᠢᠨ ᠢ ᠪᠤᠢ ᠪᠤᠯᠭᠠᠪᠠ ᠃ ︵ᠰᠢᠦᠸᠠᠢ ᠶᠠᠩ︶
