ᠳᠡᠯᠡᠬᠡᠶᠢᠵᠢᠯᠲᠡ ᠪᠠ ᠮᠡᠳᠡᠭᠡ ᠵᠠᠩᠭᠢᠵᠢᠯᠲᠠ ᠵᠢ ᠴᠢᠬᠤᠯᠠᠴᠢᠯᠠᠨ ᠬᠦᠭᠵᠢᠵᠦ ᠪᠠᠶᠢᠭ᠎ᠠ ᠥᠨᠥᠳᠥᠷ᠂ ᠰᠣᠶᠣᠯ ᠤᠨ ᠰᠣᠯᠢᠯᠴᠠᠭᠠᠨ ᠤ ᠬᠥᠭᠥᠷᠭᠡ ᠪᠣᠯᠤᠭᠰᠠᠨ ᠤᠷᠴᠢᠭᠤᠯᠭ᠎ᠠ ᠵᠢᠨ ᠴᠢᠬᠤᠯᠠ ᠴᠢᠨᠠᠷ ᠤᠯᠠᠮ ᠠᠴᠠ ᠤᠯᠠᠮ ᠲᠣᠪᠣᠶᠢᠮ᠎ᠠ ᠪᠣᠯᠵᠤ ᠪᠠᠶᠢᠨ᠎ᠠ᠃ ᠣᠷᠣᠨ ᠨᠤᠲᠤᠭ ᠤᠨ ᠡᠳ᠋ ᠦᠨ ᠵᠠᠰᠠᠭ ᠤᠨ ᠰᠠᠯᠠᠭ᠎ᠠ ᠮᠥᠴᠢᠷ ᠲᠦ ᠠᠪᠴᠤ ᠬᠡᠯᠡᠪᠡᠯ᠂ ᠮᠣᠩᠭᠣᠯ ᠬᠡᠯᠡᠨ ᠦ ᠰᠣᠨᠢᠨ ᠮᠡᠳᠡᠭᠡᠨ ᠤ ᠣᠷᠴᠢᠭᠤᠯᠭ᠎ᠠ ᠨᠢ ᠮᠡᠳᠡᠭᠡ ᠵᠠᠩᠭᠢ ᠳᠠᠮᠵᠢᠭᠤᠯᠬᠤ ᠴᠢᠬᠤᠯᠠ ᠠᠷᠭ᠎ᠠ ᠪᠣᠯᠬᠤ ᠪᠠᠷ ᠪᠠᠷᠠᠬᠤ ᠦᠭᠡᠢ ᠨᠠᠩ ᠴᠤ ᠦᠨᠳᠦᠰᠦᠲᠡᠨ ᠦ ᠪᠦᠯᠬᠦᠮᠳᠡᠯ᠂ ᠰᠣᠶᠣᠯ ᠤᠨ ᠠᠭᠤᠰᠤᠯᠴᠠᠯ ᠢ ᠠᠬᠢᠭᠤᠯᠬᠤ ᠴᠢᠬᠤᠯᠠ ᠬᠣᠯᠪᠣᠭᠠᠰᠤ ᠪᠣᠯᠬᠤ ᠶᠤᠮ᠃ ᠡ᠊ᠨᠳᠡ ᠣᠷᠴᠢᠭᠤᠯᠭ᠎ᠠ ᠶ᠋ᠢᠨ ᠠᠷᠭ᠎ᠠ ᠪᠠᠷᠢᠯ᠂ ᠮᠡᠷᠭᠡᠵᠢᠯ ᠦᠨ ᠬᠡᠷᠡᠭᠯᠡᠭᠡ ᠵᠢᠴᠢ ᠴᠢᠳᠠᠪᠤᠷᠢᠲᠠᠨ ᠢ ᠬᠥᠮᠥᠵᠢᠭᠦᠯᠬᠦ ᠭᠤᠷᠪᠠᠨ ᠲᠠᠯ᠎ᠠ ᠠ᠋ᠴᠠ ᠰᠢᠨ᠎ᠡ ᠴᠠᠭ ᠦᠶ᠎ᠡ ᠳᠦ ᠰᠣᠨᠢᠨ ᠮᠡᠳᠡᠭᠡᠨ ᠦ ᠣᠷᠴᠢᠭᠤᠯᠭ᠎ᠠ ᠶ᠋ᠢᠨ ᠠᠵᠢᠯ ᠢ ᠬᠡᠷᠬᠢᠨ ᠨᠠᠩ ᠥᠨᠳᠥᠷ ᠪᠦᠲᠦᠮᠵᠢᠲᠡᠶ ᠪᠡᠷ ᠰᠠᠶᠢᠲᠤᠷ ᠬᠢᠬᠦ ᠲᠤᠬᠠᠢ ᠲᠦᠭᠦᠮ ᠦᠭᠦᠯᠡᠵᠤ᠂ ᠣᠷᠣᠨ ᠨᠤᠲᠤᠭ ᠤᠨ ᠰᠣᠨᠢᠨ ᠮᠡᠳᠡᠭᠡᠨ ᠤ ᠴᠢᠨᠠᠷᠯᠢᠭ ᠪᠦᠭᠡᠳ ᠤᠨᠤᠪᠴᠢᠲᠠᠢ ᠨᠡᠶᠢᠲᠡᠯᠡᠭᠳᠡᠨ ᠳᠠᠮᠵᠢᠭᠳᠠᠬᠤ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠬᠤ ᠵᠢ ᠵᠤᠷᠢᠯ᠎ᠠ᠃
ᠨᠢᠭᠡ᠂ ᠰᠣᠨᠢᠨ ᠮᠡᠳᠡᠭᠡᠨ ᠦ ᠣᠨᠴᠠᠯᠢᠭ ᠢ ᠤᠨᠢᠨ ᠳᠡᠭᠡᠷ᠎ᠡ ᠨᠢ ᠵᠣᠯᠭᠠᠭᠤᠯᠵᠤ ᠣᠷᠴᠢᠭᠤᠯᠬᠤ ᠠᠷᠭ᠎ᠠ ᠶ᠋ᠢᠨ ᠰᠢᠨ᠎ᠡ ᠶ᠋ᠢ ᠡᠭᠦᠳᠦᠨ᠎ᠡ
︵ᠨᠢᠭᠡ︶ ᠰᠢᠭᠤᠳ ᠣᠷᠴᠢᠭᠤᠯᠬᠤ ᠪᠠ ᠤᠳᠬᠠᠴᠢᠯᠠᠨ ᠣᠷᠴᠢᠭᠤᠯᠬᠤ ᠶ᠋ᠢ ᠤᠶᠠᠯᠳᠤᠭᠤᠯᠵᠤ ᠮᠡᠳᠡᠭᠡ ᠵᠠᠩᠭᠢ ᠶ᠋ᠢ ᠨᠠᠷᠢᠯᠢᠭ ᠣᠨᠣᠴᠠᠲᠠᠢ ᠪᠠᠷ ᠳᠠᠮᠵᠢᠭᠤᠯᠬᠤ ᠬᠡᠷᠡᠭᠲᠡᠢ ᠰᠢᠭᠤᠳ ᠣᠷᠴᠢᠭᠤᠯᠬᠤ ᠪᠠ ᠤᠳᠬᠠᠴᠢᠯᠠᠨ ᠣᠷᠴᠢᠭᠤᠯᠬᠤ ᠪᠣᠯ ᠣᠷᠴᠢᠭᠤᠯᠭ᠎ᠠ ᠶ᠋ᠢᠨ ᠳᠤᠮᠳᠠᠬᠢ ᠬᠣᠶᠠᠷ ᠵᠦᠢᠯ ᠦᠨ ᠦᠨᠳᠦᠰᠦᠨ ᠪᠥᠭᠡᠳ ᠪᠠᠶᠢᠩᠭᠤ ᠬᠡᠷᠡᠭᠯᠡᠭᠳᠡᠬᠦ ᠠᠷᠭ᠎ᠠ ᠮᠥᠨ᠂ ᠰᠣᠨᠢᠨ ᠮᠡᠳᠡᠭᠡᠨ ᠦ ᠣᠷᠴᠢᠭᠤᠯᠭ᠎ᠠ ᠳᠤ ᠬᠣᠶᠠᠭᠤᠯᠠ ᠶ᠋ᠢ ᠣᠷᠭᠠᠨᠢᠭ ᠢᠶᠠᠷ ᠤᠶᠠᠯᠳᠤᠭᠤᠯᠬᠤ ᠪᠣᠯ ᠮᠡᠳᠡᠭᠡ ᠵᠠᠩᠭᠢ ᠶ᠋ᠢ ᠣᠨᠣᠪᠴᠢᠲᠠᠶ ᠳᠠᠮᠵᠢᠭᠤᠯᠬᠤ ᠶ᠋ᠢ ᠪᠠᠲᠤᠯᠠᠬᠤ ᠶ᠋ᠢᠨ ᠵᠠᠩᠭᠢᠯᠠᠭ᠎ᠠ ᠮᠥᠨ᠃ ᠰᠢᠭᠤᠳ ᠣᠷᠴᠢᠭᠤᠯᠬᠤ ᠶ᠋ᠢᠨ ᠳᠠᠪᠠᠭᠤᠯᠢᠭ ᠲᠠᠯ᠎ᠠ ᠨᠢ ᠤᠭ ᠵᠣᠬᠢᠶᠠᠯ ᠤᠨ ᠥᠭᠦᠯᠡᠪᠦᠷᠢ ᠶ᠋ᠢᠨ ᠬᠡᠯᠪᠡᠷᠢ ᠶ᠋ᠢᠨ ᠪᠦᠲᠦᠴᠡ ᠪᠠ ᠦᠭᠡᠰ ᠦᠨ ᠰᠠᠩ ᠤᠨ ᠠᠭᠤᠯᠭ᠎ᠠ ᠶ᠋ᠢ ᠬᠠᠮᠤᠭ ᠶᠡᠬᠡ ᠬᠡᠮᠵᠢᠶ᠎ᠡ ᠪᠡᠷ ᠬᠠᠳᠠᠭᠠᠯᠠᠬᠤ ᠳᠤ ᠪᠠᠶᠢᠳᠠᠭ᠃ ᠰᠣᠨᠢᠨ ᠮᠡᠳᠡᠭᠡᠨ ᠦ ᠭᠠᠷᠴᠠᠭ ᠪᠠ ᠤᠳᠤᠷᠢᠳᠬᠠᠯ ᠮᠡᠲᠦ ᠶ᠋ᠢᠨ ᠵᠠᠩᠭᠢᠯᠠᠭ᠎ᠠ ᠶ᠋ᠢᠨ ᠮᠡᠳᠡᠭᠡ ᠵᠠᠩᠭᠢ ᠳᠤ ᠠᠪᠴᠤ ᠬᠡᠯᠡᠪᠡᠯ᠂ ᠰᠢᠭᠤᠳ ᠣᠷᠴᠢᠭᠤᠯᠪᠠᠯ ᠭᠣᠣᠯ ᠠᠭᠤᠯᠭ᠎ᠠ ᠶ᠋ᠢ ᠰᠢᠭᠤᠳ ᠳᠠᠮᠵᠢᠭᠤᠯᠵᠤ ᠴᠢᠳᠠᠨ᠎ᠠ᠃ ᠵᠢᠱᠢᠶᠡᠯᠡᠪᠡᠯ ᠰᠣᠨᠢᠨ ᠮᠡᠳᠡᠭᠡᠨ ᠦ ᠭᠠᠷᠴᠠᠭ ᠨᠢ ᠲᠣᠪᠴᠢ ᠠᠪᠰᠠᠷᠬᠠᠨ ᠪᠥᠭᠡᠳ ᠭᠦᠨᠴᠡ ᠲᠠᠢ ᠪᠠᠶᠢᠵᠤ᠂ ᠰᠢᠭᠤᠳ ᠣᠷᠴᠢᠭᠤᠯᠪᠠᠯ ᠰᠣᠨᠢᠨ ᠮᠡᠳᠡᠭᠡᠨ ᠦ ᠠᠭᠤᠯᠭ᠎ᠠ ᠵᠢᠨ ᠭᠣᠣᠯ ᠰᠡᠳᠦᠪ ᠢ ᠤᠩᠰᠢᠭᠴᠢᠳ ᠲᠤ ᠲᠦᠷᠭᠡᠨ ᠣᠶᠢᠯᠠᠭᠠᠭᠤᠯᠵᠤ ᠪᠣᠯᠣᠨ᠎ᠠ᠃ ᠭᠡᠲᠡᠯ᠎ᠡ ᠰᠣᠨᠢᠨ ᠮᠡᠳᠡᠭᠡᠨ ᠦ ᠲᠤᠮᠳᠠ ᠵᠠᠷᠢᠮ ᠲᠤᠰᠬᠠᠢ ᠮᠡᠷᠭᠡᠵᠢᠯ ᠦᠨ ᠨᠡᠷ᠎ᠡ ᠲᠣᠮᠢᠶ᠎ᠠ ᠪᠤᠶᠤ ᠣᠨᠴᠠᠭᠠᠶ ᠰᠣᠶᠣᠯ ᠤᠨ ᠠᠭᠤᠯᠤᠭᠳᠠᠬᠤᠨ ᠲᠠᠢ ᠦᠭᠡᠰ ᠦᠷᠭᠦᠯᠵᠢ ᠭᠠᠷᠳᠠᠬ᠂ ᠬᠡᠷᠪᠡ ᠨᠢᠭᠡ ᠯᠡ ᠬᠥᠭ ᠢᠶᠡᠷ ᠰᠢᠭᠤᠳ ᠣᠷᠴᠢᠭᠤᠯᠪᠠᠯ ᠦᠭᠡ ᠶ᠋ᠢᠨ ᠤᠳᠬ᠎ᠠ ᠶ᠋ᠢ ᠪᠠᠯᠠᠷᠬᠠᠢ ᠪᠣᠯᠭᠠᠬᠤ ᠪᠤᠶᠤ ᠴᠢᠨᠠᠭᠰᠢᠯᠠᠪᠠᠯ ᠰᠣᠶᠣᠯ ᠤᠨ ᠮᠥᠷᠭᠥᠯᠳᠦᠭᠡᠨ ᠢ ᠡᠭᠦᠰᠬᠡᠵᠦ ᠮᠡᠳᠡᠨ᠎ᠡ᠃ ᠡᠨᠡ ᠦᠶ᠎ᠡ ᠳᠦ ᠤᠳᠬᠠᠴᠢᠯᠠᠨ ᠣᠷᠴᠢᠭᠤᠯᠬᠤ ᠠᠷᠭ᠎ᠠ ᠶ᠋ᠢ ᠠᠮᠢᠳᠤᠯᠢᠭ ᠢᠶᠠᠷ ᠬᠡᠷᠡᠭᠯᠡᠬᠦ ᠬᠡᠷᠡᠭᠲᠡᠢ᠃ ᠲᠥᠷᠥ ᠶ᠋ᠢᠨ ᠪᠣᠳᠣᠯᠭ᠎ᠠ᠂ ᠠᠵᠤ ᠠᠬᠤᠢ ᠶ᠋ᠢᠨ ᠨᠡᠷ᠎ᠡ ᠲᠣᠮᠢᠶ᠎ᠠ ᠵᠢ ᠤᠯᠠᠨ ᠬᠡᠷᠡᠭᠯᠡᠭᠰᠡᠨ ᠰᠣᠨᠢᠨ ᠮᠡᠳᠡᠭᠡ ᠪᠡᠷ ᠵᠢᠱᠢᠶᠡᠯᠡᠪᠡᠯ ᠮᠣᠩᠭᠣᠯ ᠬᠡᠯᠡ ᠪᠠ ᠬᠢᠲᠠᠳ ᠬᠡᠯᠡ ᠨᠢ ᠢᠯᠡᠳᠬᠡᠬᠦ ᠠᠷᠭ᠎ᠠ ᠮᠠᠶ᠋ᠢᠭ᠂ ᠰᠣᠶᠣᠯ ᠤᠨ ᠠᠬᠤᠢ ᠪᠠᠶᠢᠳᠠᠯ ᠤᠨ ᠲᠠᠯ᠎ᠠ ᠪᠠᠷ ᠵᠥᠷᠢᠶ᠎ᠡ ᠲᠠᠢ ᠪᠠᠶᠢᠵᠤ᠂ ᠲᠤᠰᠬᠠᠢ ᠮᠡᠷᠭᠡᠵᠢᠯ ᠦᠨ ᠦᠭᠡᠰ ᠢ ᠰᠢᠭᠤᠳ ᠣᠷᠴᠢᠭᠤᠯᠬᠤ ᠨᠢ ᠮᠣᠩᠭᠣᠯ ᠬᠡᠯᠡᠨ ᠦ ᠤᠩᠰᠢᠭᠴᠢᠳ ᠲᠤ ᠣᠶᠢᠯᠠᠭᠠᠭᠳᠠᠰᠢ ᠦᠭᠡᠢ ᠪᠠᠶᠢᠵᠤ ᠮᠡᠳᠡᠨ᠎ᠡ᠃ ᠡᠨᠡ ᠦᠶ᠎ᠡ ᠳᠦ ᠣᠷᠴᠢᠭᠤᠯᠤᠭᠴᠢ ᠮᠣᠩᠭᠣᠯ ᠬᠡᠯᠡᠨ ᠦ ᠦᠭᠡᠰ ᠤᠨ ᠰᠠᠩ ᠪᠠ ᠬᠡᠯᠡᠨ ᠵᠦᠢ ᠵᠢᠨ ᠳᠠᠳᠬᠠᠯ ᠲᠠᠢ ᠤᠶᠠᠯᠳᠤᠭᠤᠯᠤᠨ᠂ ᠡᠲᠡᠭᠡᠷ ᠲᠤᠰᠬᠠᠢ ᠮᠡᠷᠭᠡᠵᠢᠯ ᠦᠨ ᠦᠭᠡᠰ ᠢ ᠵᠣᠬᠢᠰᠲᠠᠢ ᠲᠠᠶᠢᠯᠪᠤᠷᠢᠯᠠᠬᠤ ᠬᠡᠷᠡᠭᠲᠡᠢ᠃ ᠵᠢᠱᠢᠶᠡᠯᠡᠪᠡᠯ ᠬᠢᠲᠠᠳ ᠬᠡᠯᠡᠨ ᠳᠡᠬᠢ ︽ ᠨᠠᠷᠢᠯᠢᠭ ᠣᠨᠣᠴᠠᠲᠠᠢ ᠪᠠᠷ ᠶᠠᠳᠠᠭᠤ ᠶ᠋ᠢ ᠲᠡᠳᠬᠦᠬᠦ︾ ᠲᠥᠷᠥ ᠶ᠋ᠢᠨ ᠪᠣᠳᠣᠯᠭ᠎ᠠ ᠶ᠋ᠢᠨ ᠨᠡᠷ᠎ᠡ ᠲᠣᠮᠢᠶ᠎ᠠ ᠶ᠋ᠢ ᠰᠢᠭᠤᠳ ᠣᠷᠴᠢᠭᠤᠯᠪᠠᠯ ᠲᠡᠭᠦᠨ ᠦ ᠠᠭᠤᠯᠤᠭᠳᠠᠬᠤᠨ ᠢ ᠣᠨᠣᠪᠴᠢᠲᠠᠶ ᠤᠯᠠᠮᠵᠢᠯᠠᠬᠤ ᠶ᠋ᠢᠨ ᠠᠷᠭ᠎ᠠ ᠦᠭᠡᠢ ᠪᠠᠶᠢᠵᠤ ᠮᠡᠳᠡᠨ᠎ᠡ᠂ ᠣᠷᠴᠢᠭᠤᠯᠤᠭᠴᠢ ᠤᠳᠬᠠᠴᠢᠯᠠᠨ ᠣᠷᠴᠢᠭᠤᠯᠵᠤ᠂ ᠲᠣᠰ ᠲᠥᠷᠥ ᠶ᠋ᠢᠨ ᠪᠣᠳᠣᠯᠭ᠎ᠠ ᠶ᠋ᠢᠨ ᠠᠴᠢ ᠬᠣᠯᠪᠣᠭᠳᠠᠯ ᠢ ᠨᠠᠷᠢᠨ ᠲᠠᠶᠢᠯᠪᠤᠷᠢᠯᠠᠵᠤ᠂ ᠮᠣᠩᠭᠣᠯ ᠬᠡᠯᠡᠨ ᠦ ᠤᠩᠰᠢᠭᠴᠢᠳ ᠲᠤ ᠡᠨᠡ ᠬᠦ ᠴᠢᠬᠤᠯᠠ ᠲᠥᠷᠥ ᠶ᠋ᠢᠨ ᠪᠣᠳᠣᠯᠭ᠎ᠠ ᠶ᠋ᠢ ᠲᠣᠳᠣᠷᠬᠠᠢ ᠣᠶᠢᠯᠠᠭᠠᠭᠤᠯᠬᠤ ᠬᠡᠷᠡᠭᠲᠡᠢ᠃
︵ᠬᠣᠶᠠᠷ︶ ᠨᠠᠶᠢᠷᠠᠭᠤᠯᠭ᠎ᠠ ᠶ᠋ᠢᠨ ᠠᠷᠭ᠎ᠠ ᠪᠠᠷᠢᠯ ᠢ ᠴᠢᠬᠤᠯᠠᠴᠢᠯᠠᠨ ᠣᠷᠴᠢᠭᠤᠯᠭ᠎ᠠ ᠶ᠋ᠢᠨ ᠪᠦᠳᠦᠭᠡᠯ ᠤᠨ ᠤᠩᠰᠢᠭᠤᠷᠢᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠤᠩᠰᠢᠭᠴᠢᠳ ᠤᠨ ᠠᠩᠬᠠᠷᠤᠯ ᠢ ᠲᠠᠲᠠᠬᠤ ᠶ᠋ᠢᠨ ᠲᠥᠯᠥᠭᠡ ᠰᠣᠨᠢᠨ ᠮᠡᠳᠡᠭᠡᠨ ᠦ ᠭᠠᠷᠴᠠᠭ ᠪᠠ ᠤᠳᠤᠷᠢᠳᠬᠠᠯ ᠢ ᠦᠷᠭᠦᠯᠵᠢ ᠡᠯ᠎ᠡ ᠵᠦᠢᠯ ᠦᠨ ᠨᠠᠶᠢᠷᠠᠭᠤᠯᠭ᠎ᠠ ᠶ᠋ᠢᠨ ᠠᠷᠭ᠎ᠠ ᠶ᠋ᠢ ᠬᠡᠷᠡᠭᠯᠡᠨ ᠨᠠᠶᠢᠷᠠᠭᠤᠯᠵᠤ ᠪᠢᠴᠢᠭᠰᠡᠨ ᠪᠠᠶᠢᠳᠠᠭ᠃ ᠡᠶᠢᠮᠦᠷᠬᠦᠦ ᠠᠭᠤᠯᠭ᠎ᠠ ᠶ᠋ᠢ ᠣᠷᠴᠢᠭᠤᠯᠬᠤ ᠳᠠᠭᠠᠨ ᠣᠷᠴᠢᠭᠤᠯᠤᠭᠴᠢ ᠤᠭ ᠵᠣᠬᠢᠶᠠᠯ ᠤᠨ ᠨᠠᠶᠢᠷᠠᠭᠤᠯᠭ᠎ᠠ ᠶ᠋ᠢᠨ ᠣᠨᠴᠠᠯᠢᠭ ᠢ ᠬᠠᠳᠠᠭᠠᠯᠠᠬᠤ ᠶ᠋ᠢ ᠠᠩᠬᠠᠷᠬᠤ ᠶ᠋ᠢᠨ ᠬᠠᠮᠲᠤ ᠮᠣᠩᠭᠣᠯ ᠬᠡᠯᠡᠨ ᠦ ᠨᠠᠶᠢᠷᠠᠭᠤᠯᠭ᠎ᠠ ᠵᠢᠨ ᠵᠠᠩ ᠳᠠᠳᠬᠠᠯ ᠲᠠᠢ ᠤᠶᠠᠯᠳᠤᠭᠤᠯᠤᠨ ᠵᠣᠬᠢᠰᠲᠠᠢ ᠲᠣᠬᠢᠷᠠᠭᠤᠯᠬᠤ ᠬᠡᠷᠡᠭᠲᠡᠢ᠃ ᠰᠠᠶᠢᠨ ᠨᠠᠶᠢᠷᠠᠭᠤᠯᠭ᠎ᠠ ᠢᠢᠨ ᠠᠷᠭ᠎ᠠ ᠢᠢᠨ ᠬᠡᠷᠡᠭᠯᠡᠯᠲᠡ ᠨᠢ ᠰᠣᠨᠢᠨ ᠮᠡᠳᠡᠭᠡᠨ ᠦ ᠭᠠᠷᠴᠠᠭ ᠤᠨ ᠨᠥᠯᠥᠭᠡᠯᠡᠬᠦ ᠬᠦᠴᠦᠨ ᠢ ᠨᠡᠮᠡᠭᠳᠡᠭᠦᠯᠵᠦ᠂ ᠤᠩᠰᠢᠭᠴᠢᠳ ᠢ ᠰᠣᠨᠢᠨ ᠮᠡᠳᠡᠭᠡᠨ ᠦ ᠠᠭᠤᠯᠭ᠎ᠠ ᠢᠢ ᠤᠩᠰᠢᠬᠤ ᠳᠤᠷᠠᠲᠠᠢ ᠪᠣᠯᠭᠠᠳᠠᠭ᠃ ᠵᠦᠢᠷᠯᠡᠯ ᠦᠨ ᠤᠳᠬ᠎ᠠ ᠠᠭᠤᠯᠭ᠎ᠠ ᠲᠠᠢ ᠰᠣᠨᠢᠨ ᠮᠡᠳᠡᠭᠡᠨ ᠦ ᠭᠠᠷᠴᠠᠭ ᠢ ᠣᠷᠴᠢᠭᠤᠯᠬᠤ ᠦᠶ᠎ᠡ ᠳᠦ᠂ ᠣᠷᠴᠢᠭᠤᠯᠤᠭᠴᠢ ᠮᠣᠩᠭᠣᠯ ᠬᠡᠯᠡᠨ ᠡᠴᠡ ᠡᠶᠢᠮᠦᠷᠬᠦᠦ ᠢᠯᠡᠳᠬᠡᠬᠦ ᠠᠷᠭ᠎ᠠ ᠶ᠋ᠢ ᠡᠷᠢᠵᠦ ᠣᠯᠬᠤ ᠪᠠᠷ ᠴᠢᠷᠮᠠᠶᠢᠬᠤ ᠬᠡᠷᠡᠭᠲᠡᠢ᠃ ᠬᠡᠷᠪᠡ ᠵᠦᠢᠷᠯᠡᠯ ᠦᠨ ᠠᠭᠤᠯᠭ᠎ᠠ ᠢᠢ ᠰᠢᠭᠤᠳ ᠣᠷᠴᠢᠭᠤᠯᠪᠠᠯ᠂ ᠤᠤᠯ ᠵᠣᠬᠢᠶᠠᠯ ᠤᠨ ᠬᠥᠭ ᠠᠶᠠᠰ ᠪᠠ ᠨᠥᠯᠥᠭᠡᠯᠡᠬᠦ ᠬᠦᠴᠦᠨ ᠢᠢᠡᠨ ᠠᠯᠳᠠᠵᠤ ᠮᠡᠳᠡᠨ᠎ᠡ᠃ ᠮᠣᠩᠭᠣᠯ ᠬᠡᠯᠡᠨ ᠦ ᠦᠭᠡᠰ ᠤᠨ ᠰᠠᠩ ᠡᠴᠡ ᠠᠳᠠᠯᠢᠪᠲᠤᠷ ᠵᠦᠢᠷᠯᠡᠯ ᠢ ᠡᠷᠢᠬᠦ ᠪᠡᠷ ᠳᠠᠮᠵᠢᠭᠤᠯᠤᠨ ᠣᠷᠴᠢᠭᠤᠯᠭ᠎ᠠ ᠶ᠋ᠢᠨ ᠵᠣᠬᠢᠶᠠᠯ ᠤᠨ ᠤᠭ ᠤᠳᠬ᠎ᠠ ᠶ᠋ᠢ ᠣᠨᠣᠪᠴᠢᠲᠠᠶ ᠳᠠᠮᠵᠢᠭᠤᠯᠬᠤ ᠮᠥᠷᠲᠡᠭᠡᠨ ᠠᠮᠢᠳᠤᠯᠢᠭ ᠳᠦᠷᠰᠦᠯᠢᠭ ᠪᠣᠯᠭᠠᠵᠤ᠂ ᠤᠩᠰᠢᠭᠴᠢᠳ ᠤᠨ ᠤᠩᠰᠢᠯᠭ᠎ᠠ ᠶ᠋ᠢᠨ ᠳᠠᠳᠬᠠᠯ ᠳᠤ ᠨᠡᠶᠢᠴᠡᠭᠦᠯᠵᠦ᠂ ᠡᠭᠦᠨ ᠦ ᠤᠯᠠᠮ ᠠᠴᠠ ᠰᠣᠨᠢᠨ ᠮᠡᠳᠡᠭᠡᠨ ᠤ ᠤᠯᠠᠮᠵᠢᠯᠠᠨ ᠲᠠᠷᠬᠠᠭᠠᠬᠤ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ ᠪᠣᠯᠣᠨ᠎ᠠ᠃
ᠬᠣᠶᠠᠷ᠂ ᠣᠶᠤᠨᠴᠢ ᠪᠠᠭᠠᠵᠢ ᠶ᠋ᠢ ᠠᠰᠢᠭᠯᠠᠨ ᠣᠷᠴᠢᠭᠤᠯᠭ᠎ᠠ ᠶ᠋ᠢᠨ ᠦᠷ᠎ᠡ ᠪᠦᠲᠦᠮᠵᠢ ᠶ᠋ᠢ ᠳᠡᠭᠡᠭᠰᠢᠯᠡᠭᠦᠯᠦᠨ᠎ᠡ
︵ᠨᠢᠭᠡ︶ ᠲᠤᠰᠠᠯᠠᠬᠤ ᠪᠠᠭᠠᠵᠢ ᠶ᠋ᠢᠨ ᠬᠡᠷᠡᠭᠯᠡᠯᠲᠡ ᠶ᠋ᠢᠨ ᠪᠠᠶᠢᠳᠠᠯ ᠲᠤᠰᠬᠠᠢ ᠪᠠᠶᠢᠭᠤᠯᠤᠮᠵᠢ ᠶ᠋ᠢᠨ ᠨᠡᠭᠡᠭᠡᠨ ᠬᠥᠭᠵᠢᠭᠦᠯᠦᠭᠰᠡᠨ ︽ᠮᠣᠩᠭᠣᠯ ᠬᠢᠲᠠᠳ ᠬᠣᠣᠰ ᠬᠡᠯᠡᠨ ᠦ ᠵᠡᠷᠭᠡᠴᠡᠭᠡ ᠬᠡᠯᠡᠨ ᠦ ᠮᠠᠲ᠋ᠧᠷᠢᠶᠠᠯ ᠤᠨ ᠬᠥᠮᠥᠷᠭᠡ︾ ᠪᠣᠯ ᠣᠷᠴᠢᠭᠤᠯᠤᠭᠴᠢ ᠶ᠋ᠢᠨ ᠰᠠᠶᠢᠨ ᠬᠠᠪᠰᠤᠷᠤᠭᠴᠢ ᠮᠥᠨ᠃ ᠡᠨᠡ ᠬᠦ ᠬᠡᠯᠡᠨ ᠦ ᠮᠠᠲ᠋ᠧᠷᠢᠶᠠᠯ ᠤᠨ ᠬᠥᠮᠥᠷᠭᠡ ᠳᠦ ᠶᠡᠬᠡ ᠬᠡᠮᠵᠢᠶᠡᠨ ᠦ ᠰᠢᠯᠭᠠᠨ ᠪᠠᠲᠤᠯᠠᠭᠰᠠᠨ ᠨᠡᠷ᠎ᠡ ᠲᠣᠮᠢᠶ᠎ᠠ ᠪᠠ ᠥᠭᠦᠯᠡᠪᠦᠷᠢ ᠢᠢᠨ ᠬᠡᠯᠪᠡᠷᠢ ᠢᠢ ᠬᠤᠷᠠᠮᠳᠤᠭᠤᠯᠵᠤ᠂ ᠣᠷᠴᠢᠭᠤᠯᠭ᠎ᠠ ᠢᠢᠨ ᠠᠵᠢᠯ ᠳᠤ ᠡᠯᠪᠡᠭ ᠪᠠᠶᠠᠯᠢᠭ ᠡᠬᠢ ᠪᠠᠶᠠᠯᠢᠭ ᠢ ᠬᠠᠩᠭᠠᠭᠰᠠᠨ ᠪᠠᠶᠢᠨ᠎ᠠ᠃ ᠣᠷᠴᠢᠭᠤᠯᠬᠤ ᠶᠠᠪᠤᠴᠠ ᠳᠤ ᠣᠷᠴᠢᠭᠤᠯᠤᠭᠴᠢ ᠵᠥᠪᠬᠡᠨ ᠬᠣᠯᠪᠣᠭᠳᠠᠯ ᠪᠦᠬᠦᠢ ᠦᠭᠡᠰ ᠢ ᠤᠷᠤᠭᠤᠯᠪᠠᠯ ᠳᠠᠷᠤᠢ ᠲᠦᠷᠭᠡᠨ ᠣᠨᠣᠪᠴᠢᠲᠠᠶ ᠲᠠᠨᠢᠯᠴᠠᠭᠤᠯᠬᠤ ᠣᠷᠴᠢᠭᠤᠯᠭ᠎ᠠ ᠶ᠋ᠢᠨ ᠠᠷᠭ᠎ᠠ ᠶ᠋ᠢ ᠣᠯᠵᠤ ᠲᠠᠢᠢᠯᠤᠨᠠ᠃ ︽ᠵᠣᠬᠢᠶᠠᠮᠠᠯ ᠣᠶᠤᠨ ᠴᠢᠳᠠᠪᠤᠷᠢ︾ ᠪᠠᠷ ᠵᠢᠱᠢᠶᠡᠯᠡᠪᠡᠯ ᠬᠡᠯᠡᠨ ᠦ ᠮᠠᠲ᠋ᠧᠷᠢᠶᠠᠯ ᠤᠨ ᠬᠥᠮᠥᠷᠭᠡ ᠳᠦ ᠲᠣᠰ ᠦᠭᠡ ᠶ᠋ᠢ ᠣᠷᠣᠭᠤᠯᠪᠠᠯ᠂ ︽ᠬᠥᠮᠥᠨ ᠲᠥᠷᠥᠯᠬᠢᠲᠡᠨ ᠦ ᠣᠶᠤᠨ ᠴᠢᠳᠠᠪᠤᠷᠢ ᠶ᠋ᠢᠨ ᠣᠨᠴᠠᠯᠢᠭ ᠢ ᠪᠦᠷᠢᠯᠳᠦᠭᠦᠯᠦᠭᠰᠡᠨ ᠮᠠᠰᠢᠨ ᠤ ᠰᠢᠰᠲ᠋ᠧᠮ ︵ᠰᠠᠨᠠᠭᠤᠯᠤᠮᠵᠢ ᠶ᠋ᠢᠨ ᠴᠢᠨᠠᠷᠲᠠᠢ ᠣᠷᠴᠢᠭᠤᠯᠭ᠎ᠠ︶ ︾ ᠭᠡᠬᠦ ᠮᠡᠲᠦ ᠶ᠋ᠢᠨ ᠣᠷᠴᠢᠭᠤᠯᠭ᠎ᠠ ᠶ᠋ᠢᠨ ᠠᠷᠭ᠎ᠠ ᠶ᠋ᠢ ᠣᠯᠵᠤ ᠳᠡᠢᠢᠯᠬᠦ ᠪᠡᠷ ᠪᠠᠷᠠᠬᠤ ᠦᠭᠡᠢ ᠪᠠᠰᠠ ᠠᠳᠠᠯᠢ ᠪᠤᠰᠤ ᠬᠡᠯᠡᠨ ᠦ ᠣᠷᠴᠢᠨ ᠳᠤ ᠬᠡᠷᠡᠭᠯᠡᠭᠰᠡᠨ ᠵᠢᠱᠢᠶ᠎ᠡ ᠶ᠋ᠢ ᠣᠯᠵᠤ ᠦᠵᠡᠬᠦ ᠪᠣᠯᠣᠨ᠎ᠠ᠃ ᠡᠨᠡ ᠨᠢ ᠣᠷᠴᠢᠭᠤᠯᠤᠭᠴᠢ ᠶ᠋ᠢᠨ ᠦᠭᠡᠰ ᠢ ᠳᠠᠪᠲᠠᠨ ᠵᠣᠬᠢᠶᠠᠬᠤ ᠪᠠᠶᠢᠳᠠᠯ ᠠᠴᠠ ᠲᠤᠶᠢᠯ ᠤᠨ ᠶᠡᠬᠡ ᠪᠡᠷ ᠰᠡᠷᠭᠡᠶᠢᠯᠡᠵᠦ᠂ ᠨᠡᠷ᠎ᠡ ᠲᠣᠮᠢᠶᠠᠨ ᠤ ᠣᠷᠴᠢᠭᠤᠯᠭ᠎ᠠ ᠶ᠋ᠢᠨ ᠨᠢᠭᠡᠳᠦᠯᠲᠦ ᠴᠢᠨᠠᠷ᠂ ᠬᠡᠯᠡᠨ ᠦ ᠮᠠᠲ᠋ᠧᠷᠢᠶᠠᠯ ᠤᠨ ᠬᠥᠮᠥᠷᠭᠡ ᠶ᠋ᠢᠨ ᠦᠷᠭᠦᠯᠵᠢᠯᠡᠨ ᠰᠢᠨᠡᠳᠬᠦ ᠶ᠋ᠢ ᠪᠠᠲᠤᠯᠠᠵᠤ᠂ ᠬᠡᠯᠡᠨ ᠦ ᠬᠥᠭᠵᠢᠯᠲᠡ ᠬᠤᠪᠢᠷᠠᠯᠲᠠ ᠶ᠋ᠢ ᠴᠠᠭ ᠲᠤᠬᠠᠢ ᠳ᠋ᠤᠨᠢ ᠲᠤᠰᠬᠠᠵᠤ᠂ ᠣᠷᠴᠢᠭᠤᠯᠤᠭᠴᠢ ᠳᠤ ᠬᠠᠮᠤᠭ ᠤᠨ ᠰᠢᠨ᠎ᠡ ᠣᠷᠴᠢᠭᠤᠯᠭ᠎ᠠ ᠶ᠋ᠢᠨ ᠯᠠᠪᠯᠠᠯᠲᠠ ᠶ᠋ᠢ ᠬᠠᠩᠭᠠᠭᠰᠠᠨ ᠪᠠᠶᠢᠨ᠎ᠠ᠃
︵ᠬᠣᠶᠠᠷ︶ ᠲᠡᠰ ᠲᠠᠷᠠᠭᠠᠯᠠᠯ ᠢ ᠰᠢᠯᠢᠳᠡᠭᠵᠢᠭᠦᠯᠬᠦ ᠪᠠ ᠪᠦᠯᠬᠦᠮ ᠨᠡᠢᠢᠲᠡ ᠶ᠋ᠢᠨ ᠬᠠᠮᠵᠢᠯᠴᠠᠭ᠎ᠠ ᠵᠢ ᠰᠠᠶᠢᠵᠢᠷᠠᠭᠤᠯᠤᠨ᠎ᠠ ︽ᠣᠷᠴᠢᠭᠤᠯᠤᠭᠴᠢ ᠶ᠋ᠢᠨ ᠠᠩᠬᠠᠨ ᠤ ᠣᠷᠴᠢᠭᠤᠯᠭ᠎ᠠ ︱ ᠲᠤᠰᠬᠠᠢ ᠮᠡᠷᠭᠡᠵᠢᠯᠲᠡᠨ ᠦ ᠬᠢᠨᠠᠨ ᠬᠠᠷᠭᠤᠭᠤᠯᠭ᠎ᠠ ︱ ᠡᠷᠭᠢᠯᠡᠨ ᠨᠠᠶᠢᠷᠠᠭᠤᠯᠤᠭᠴᠢ ᠶ᠋ᠢᠨ ᠡᠴᠦᠰ ᠦᠨ ᠰᠢᠭᠦᠯᠲᠡ︾ ᠵᠢᠨ ᠭᠤᠷᠪᠠᠨ ᠱᠠᠲᠤᠨ ᠤ ᠬᠢᠨᠠᠨ ᠬᠠᠷᠭᠤᠭᠤᠯᠬᠤ ᠲᠣᠭᠲᠠᠴᠠ ᠶ᠋ᠢ ᠪᠠᠢᠢᠭᠤᠯᠬᠤ ᠪᠣᠯ ᠣᠷᠴᠢᠭᠤᠯᠭ᠎ᠠ ᠶ᠋ᠢᠨ ᠶᠠᠰᠤ ᠴᠢᠨᠠᠷ ᠢ ᠦᠨᠡᠨ ᠬᠦ ᠪᠠᠲᠤᠯᠠᠬᠤ ᠶ᠋ᠢᠨ ᠴᠢᠬᠤᠯᠠ ᠵᠠᠩᠭᠢᠯᠠᠭ᠎ᠠ ᠪᠣᠯᠣᠨ᠎ᠠ᠃ ᠠᠩᠬ᠎ᠠ ᠣᠷᠴᠢᠭᠤᠯᠬᠤ ᠱᠠᠲᠤᠨ ᠳᠤ ᠣᠷᠴᠢᠭᠤᠯᠤᠭᠴᠢ ᠥᠪᠡᠷ ᠦᠨ ᠬᠡᠯᠡᠨ ᠦ ᠴᠢᠳᠠᠪᠤᠷᠢ ᠪᠠ ᠲᠤᠰᠬᠠᠢ ᠮᠡᠷᠭᠡᠵᠢᠯ ᠦᠨ ᠮᠡᠳᠡᠯᠭᠡ ᠪᠡᠷ ᠢᠶᠡᠨ ᠠᠩᠬ᠎ᠠ ᠠᠯᠬᠤᠮ ᠤᠨ ᠣᠷᠴᠢᠭᠤᠯᠭ᠎ᠠ ᠶ᠋ᠢ ᠪᠡᠶᠡᠯᠡᠭᠦᠯᠵᠦ᠂ ᠳᠠᠷᠠᠭ᠎ᠠ ᠪᠠᠷ ᠨᠢ ᠠᠮᠢ ᠠᠬᠤᠢ ᠶ᠋ᠢᠨ ᠤᠬᠠᠭᠠᠨ ᠤ ᠲᠤᠰᠬᠠᠢ ᠮᠡᠷᠭᠡᠵᠢᠯᠲᠡᠨ ᠵᠡᠷᠭᠡ ᠲᠤᠰᠬᠠᠢ ᠮᠡᠷᠭᠡᠵᠢᠯ ᠦᠨ ᠬᠥᠮᠥᠰ ᠲᠤᠰᠬᠠᠢ ᠮᠡᠷᠭᠡᠵᠢᠯ ᠦᠨ ᠬᠦᠷᠢᠶ᠎ᠡ ᠬᠡᠪᠴᠢᠶᠡᠨ ᠳᠦ ᠬᠣᠯᠪᠣᠭᠳᠠᠭᠰᠠᠨ ᠮᠡᠳᠡᠭᠡ ᠵᠢ ᠬᠢᠨᠠᠨ ᠬᠠᠷᠭᠤᠭᠤᠯᠵᠤ᠂ ᠨᠡᠷ᠎ᠡ ᠲᠣᠮᠢᠶ᠎ᠠ ᠶ᠋ᠢᠨ ᠣᠨᠣᠪᠴᠢᠲᠤ ᠴᠢᠨᠠᠷ ᠢ ᠭᠣᠣᠯᠳᠠᠯᠭ᠎ᠠ ᠲᠠᠢ ᠪᠠᠶᠢᠴᠠᠭᠠᠳᠠᠭ᠃ ︽ᠨᠤᠲᠤᠭ ᠪᠡᠯᠴᠢᠭᠡᠷ ᠦᠨ ᠠᠮᠢ ᠠᠬᠤᠢ ᠶ᠋ᠢᠨ ᠨᠥᠬᠥᠪᠦᠷᠢ︾ ᠵᠢᠨ ᠲᠤᠬᠠᠢ ᠮᠡᠳᠡᠭᠡ ᠪᠡᠷ ᠵᠢᠱᠢᠶᠡᠯᠡᠪᠡᠯ ᠲᠤᠰᠬᠠᠢ ᠮᠡᠷᠭᠡᠵᠢᠯᠲᠡᠨ ᠡᠴᠡ ᠲᠡᠭᠦᠨ ᠳᠦ ᠬᠣᠯᠪᠣᠭᠳᠠᠭᠰᠠᠨ ᠠᠮᠢ ᠠᠬᠤᠢ ᠶ᠋ᠢᠨ ᠤᠬᠠᠭᠠᠨ ᠤ ᠲᠤᠰᠬᠠᠢ ᠮᠡᠷᠭᠡᠵᠢᠯ ᠦᠨ ᠨᠡᠷ᠎ᠡ ᠲᠣᠮᠢᠶ᠎ᠠ ᠶ᠋ᠢ ᠨᠠᠷᠢᠨ ᠬᠠᠷᠭᠤᠭᠤᠯᠵᠤ᠂ ᠲᠡᠭᠦᠨ ᠦ ᠣᠷᠴᠢᠭᠤᠯᠭ᠎ᠠ ᠶ᠋ᠢᠨ ᠵᠥᠪ ᠣᠨᠣᠪᠴᠢᠲᠠᠶ ᠪᠠᠶᠢᠬᠤ ᠶ᠋ᠢ ᠦᠨᠡᠨ ᠬᠦ ᠪᠠᠲᠤᠯᠠᠨ᠎ᠠ᠃ ᠬᠠᠮᠤᠭ ᠤᠨ ᠰᠡᠭᠦᠯ ᠳᠦ ᠬᠢᠷᠢ ᠬᠡᠮ ᠲᠠᠢ ᠨᠠᠶᠢᠷᠠᠭᠤᠯᠤᠭᠴᠢ ᠠ᠋ᠴᠠ ᠣᠷᠴᠢᠭᠤᠯᠭ᠎ᠠ ᠳᠤ ᠥᠭᠦᠯᠡᠪᠦᠷᠢ ᠢᠢᠨ ᠬᠡᠯᠪᠡᠷᠢ ᠢᠢᠨ ᠪᠦᠲᠦᠴᠡ ᠢᠢᠨ ᠲᠣᠬᠢᠷᠠᠭᠤᠯᠤᠯᠲᠠ ᠪᠠ ᠬᠡᠯᠡᠨ ᠦ ᠥᠩᠭᠡ ᠢᠢᠨ ᠲᠣᠬᠢᠷᠠᠭᠤᠯᠤᠯᠲᠠ ᠬᠢᠵᠦ᠂ ᠣᠷᠴᠢᠭᠤᠯᠭ᠎ᠠ ᠢᠢᠨ ᠲᠤᠰᠬᠠᠢ ᠮᠡᠷᠭᠡᠵᠢᠯ ᠦᠨ ᠴᠢᠨᠠᠷ ᠢ ᠪᠠᠲᠤᠯᠠᠬᠤ ᠢᠢᠨ ᠬᠠᠮᠲᠤ ᠨᠡᠩ ᠢᠯᠡᠭᠦᠦ ᠤᠩᠰᠢᠭᠤᠷᠢᠲᠠᠢ ᠪᠣᠯᠭᠠᠨ᠎ᠠ᠃ ᠡᠶᠢᠮᠦᠷᠬᠦᠦ ᠱᠠᠲᠤ ᠱᠠᠲᠤ ᠪᠠᠷ ᠬᠢᠨᠠᠨ ᠬᠠᠷᠭᠤᠭᠤᠯᠬᠤ ᠲᠣᠭᠲᠠᠴᠠ ᠪᠠᠷ ᠳᠠᠮᠵᠢᠭᠤᠯᠤᠨ᠂ ᠣᠷᠴᠢᠭᠤᠯᠭ᠎ᠠ ᠶ᠋ᠢᠨ ᠪᠤᠷᠤᠭᠤᠳᠠᠬᠤ ᠠᠴᠠ ᠪᠦᠲᠦᠮᠵᠢᠲᠡᠶ ᠪᠡᠷ ᠵᠠᠶᠢᠯᠠᠰᠬᠢᠵᠦ᠂ ᠣᠷᠴᠢᠭᠤᠯᠭ᠎ᠠ ᠶ᠋ᠢᠨ ᠪᠦᠬᠦᠯᠢ ᠴᠣᠭᠴᠠ ᠶ᠋ᠢᠨ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠨ᠎ᠠ᠃ ᠡᠭᠦᠨ ᠤ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ︽ᠮᠣᠩᠭᠣᠯ ᠬᠢᠲᠠᠳ ᠰᠣᠨᠢᠨ ᠮᠡᠳᠡᠭᠡᠨ ᠦ ᠬᠡᠯᠡᠨ ᠦ ᠬᠠᠷᠢᠴᠠᠭᠤᠯᠤᠯ ︾ ᠂ ︽ᠲᠥᠷᠥ ᠶ᠋ᠢᠨ ᠪᠣᠳᠣᠯᠭ᠎ᠠ ᠶ᠋ᠢᠨ ᠪᠢᠴᠢᠭ ᠮᠠᠲ᠋ᠧᠷᠢᠶᠠᠯ ᠤᠨ ᠲᠠᠶᠢᠯᠤᠮᠵᠢ ︾ ᠵᠡᠷᠭᠡ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠣᠷᠴᠢᠭᠤᠯᠤᠭᠴᠢ ᠶ᠋ᠢᠨ ᠲᠤᠰᠬᠠᠢ ᠮᠡᠷᠭᠡᠵᠢᠯ ᠦᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠢ ᠠᠩᠬᠠᠷᠬᠤ ᠴᠢᠬᠤᠯᠠᠲᠠᠢ ᠃ ︽ᠠᠷᠪᠠᠨ ᠳᠥᠷᠪᠡᠳᠦᠭᠡᠷ ᠲᠠᠪᠤᠨ ᠵᠢᠯ ᠦᠨ ᠲᠥᠯᠦᠪᠵᠢᠭᠦᠯᠭᠡ ︾ ᠵᠢᠨ ᠬᠣᠯᠪᠣᠭᠳᠠᠯ ᠪᠦᠬᠦᠢ ᠮᠡᠳᠡᠭᠡ ᠪᠡᠷ ᠵᠢᠱᠢᠶᠡᠯᠡᠪᠡᠯ ᠬᠣᠯᠪᠣᠭᠳᠠᠯ ᠪᠦᠬᠦᠢ ᠣᠷᠣᠨ ᠪᠦᠰᠡ ᠶ᠋ᠢᠨ ᠲᠤᠰᠬᠠᠢ ᠮᠡᠷᠭᠡᠵᠢᠯᠲᠡᠨ ᠢ ᠤᠷᠢᠵᠤ ᠲᠥᠷᠥ ᠶ᠋ᠢᠨ ᠪᠣᠳᠣᠯᠭ᠎ᠠ ᠶ᠋ᠢᠨ ᠠᠬᠤᠢ ᠪᠠᠶᠢᠳᠠᠯ ᠳᠤ ᠲᠠᠶᠢᠯᠤᠮᠵᠢ ᠬᠢᠯᠭᠡᠪᠠᠯ᠂ ᠣᠷᠴᠢᠭᠤᠯᠤᠭᠴᠢ ᠶ᠋ᠢ ᠬᠠᠪᠰᠤᠷᠤᠨ ᠮᠡᠳᠡᠭᠡᠯᠡᠯ ᠤᠨ ᠭᠣᠣᠯᠳᠠᠯᠭ᠎ᠠ ᠶ᠋ᠢ ᠨᠠᠩ ᠰᠠᠶᠢᠲᠤᠷ ᠡᠵᠡᠮᠰᠢᠭᠦᠯᠵᠦ᠂ ᠡᠭᠦᠨ ᠢᠶᠡᠷ ᠳᠠᠮᠵᠢᠭᠤᠯᠤᠨ ᠣᠷᠴᠢᠭᠤᠯᠤᠭᠴᠢ ᠶ᠋ᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠣᠩᠭᠣᠯ ᠬᠡᠯᠡᠨ ᠦ ᠰᠣᠨᠢᠨ ᠮᠡᠳᠡᠭᠡᠨ ᠤ ᠣᠷᠴᠢᠭᠤᠯᠭ᠎ᠠ ᠶ᠋ᠢᠨ ᠠᠵᠢᠯ ᠤᠨ ᠦᠷᠭᠦᠯᠵᠢᠯᠡᠨ ᠬᠥᠭᠵᠢᠬᠦ ᠶ᠋ᠢ ᠠᠬᠢᠭᠤᠯᠵᠤ ᠴᠢᠳᠠᠨ᠎ᠠ᠃
ᠭᠤᠷᠪᠠ᠂ ᠲᠤᠰᠬᠠᠢ ᠮᠡᠷᠭᠡᠵᠢᠯ ᠦᠨ ᠬᠡᠪ ᠪᠣᠯᠪᠠᠰᠤᠷᠠᠯ ᠢᠶᠠᠨ ᠴᠢᠩᠭᠠᠳᠬᠠᠵᠤ ᠣᠷᠴᠢᠭᠤᠯᠭ᠎ᠠ ᠶ᠋ᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ
ᠮᠣᠩᠭᠣᠯ ᠬᠢᠲᠠᠳ ᠬᠣᠣᠰ ᠬᠡᠯᠡᠨ ᠦ ᠴᠢᠳᠠᠪᠤᠷᠢ ᠪᠣᠯ ᠮᠣᠩᠭᠣᠯ ᠬᠡᠯᠡᠨ ᠦ ᠰᠣᠨᠢᠨ ᠮᠡᠳᠡᠭᠡᠨ ᠦ ᠣᠷᠴᠢᠭᠤᠯᠭ᠎ᠠ ᠶ᠋ᠢᠨ ᠰᠠᠭᠤᠷᠢ ᠮᠥᠨ᠃ ᠣᠷᠴᠢᠭᠤᠯᠤᠭᠴᠢ ᠭᠠᠭᠴᠠ ᠬᠦ ᠮᠣᠩᠭᠣᠯ ᠬᠢᠲᠠᠳ ᠬᠣᠣᠰ ᠬᠡᠯᠡᠨ ᠦ ᠪᠠᠲᠤ ᠰᠠᠭᠤᠷᠢ ᠶ᠋ᠢ ᠪᠦᠷᠢᠯᠳᠦᠭᠦᠯᠪᠡᠯ ᠰᠠᠶ᠋ᠢ ᠬᠢᠲᠠᠳ ᠬᠡᠯᠡᠨ ᠦ ᠤᠭ ᠵᠣᠬᠢᠶᠠᠯ ᠤᠨ ᠠᠭᠤᠯᠭ᠎ᠠ ᠶ᠋ᠢ ᠣᠨᠣᠪᠴᠢᠲᠠᠶ ᠣᠶᠢᠯᠠᠭᠠᠵᠤ ᠴᠢᠳᠠᠬᠤ ᠪᠥᠭᠡᠳ ᠲᠡᠭᠦᠨ ᠢ ᠲᠤᠶᠢᠯ ᠤᠨ ᠣᠨᠣᠪᠴᠢᠲᠠᠶ ᠪᠠᠷ ᠮᠣᠩᠭᠣᠯ ᠬᠡᠯᠡ ᠪᠡᠷ ᠢᠯᠡᠳᠬᠡᠨ ᠭᠠᠷᠭᠠᠵᠤ ᠴᠢᠳᠠᠬᠤ ᠶᠤᠮ᠃ ᠣᠷᠣᠨ ᠨᠤᠲᠤᠭ ᠤᠨ ᠡᠳ᠋ ᠦᠨ ᠵᠠᠰᠠᠭ ᠤᠨ ᠰᠠᠯᠠᠭ᠎ᠠ ᠮᠥᠴᠢᠷ ᠦᠳ ᠵᠣᠬᠢᠶᠠᠨ ᠪᠠᠶᠢᠭᠤᠯᠤᠨ ᠵᠣᠬᠢᠴᠠᠭᠤᠯᠬᠤ ᠦᠢᠯᠡᠳᠦᠯ ᠢᠶᠡᠨ ᠭᠦᠢᠴᠡᠳ ᠪᠠᠳᠠᠷᠠᠭᠤᠯᠵᠤ᠂ ᠮᠣᠩᠭᠣᠯ ᠬᠢᠲᠠᠳ ᠬᠣᠣᠰ ᠬᠡᠯᠡᠨ ᠦ ᠴᠢᠳᠠᠪᠤᠷᠢ ᠶ᠋ᠢᠨ ᠪᠣᠯᠪᠠᠰᠤᠷᠠᠯ ᠤᠨ ᠠᠵᠢᠯᠯᠠᠭ᠎ᠠ ᠶ᠋ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠢ᠃ ᠨᠢᠭᠡ ᠲᠠᠯ᠎ᠠ ᠪᠠᠷ᠂ ᠲᠤᠰᠬᠠᠢ ᠮᠡᠷᠭᠡᠵᠢᠯ ᠦᠨ ᠬᠡᠯᠡᠨ ᠦ ᠲᠤᠰᠬᠠᠢ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠤᠨ᠎ᠠ᠃ ᠡᠲᠡᠭᠡᠷ ᠲᠤᠰᠬᠠᠢ ᠮᠡᠷᠭᠡᠵᠢᠯᠲᠡᠨ ᠮᠣᠩᠭᠣᠯ ᠬᠢᠲᠠᠳ ᠬᠡᠯᠡᠨ ᠦ ᠰᠤᠳᠤᠯᠭᠠᠨ ᠤ ᠲᠠᠯ᠎ᠠ ᠪᠠᠷ ᠰᠢᠯᠢᠳᠡᠭ ᠰᠠᠶᠢᠨ ᠠᠮᠵᠢᠯᠲᠠ ᠪᠦᠲᠦᠮᠵᠢ ᠣᠯᠣᠭᠰᠠᠨ ᠢᠶᠠᠷ ᠪᠠᠷᠠᠬᠤ ᠦᠭᠡᠢ ᠪᠠᠰᠠ ᠡᠯᠪᠡᠭ ᠪᠠᠶᠠᠯᠢᠭ ᠵᠢᠭᠠᠨ ᠰᠤᠷᠭᠠᠯᠲᠠ ᠶ᠋ᠢᠨ ᠲᠤᠷᠰᠢᠯᠭ᠎ᠠ ᠲᠠᠢ ᠶᠤᠮ᠃ ᠲᠠᠳᠠ ᠮᠣᠩᠭᠣᠯ ᠬᠢᠲᠠᠳ ᠬᠣᠶᠠᠷ ᠬᠡᠯᠡᠨ ᠦ ᠬᠡᠯᠡᠨ ᠵᠦᠢ ᠶ᠋ᠢᠨ ᠪᠦᠲᠦᠴᠡ᠂ ᠦᠭᠡᠰ ᠦᠨ ᠰᠠᠩ᠂ ᠨᠠᠶᠢᠷᠠᠭᠤᠯᠭ᠎ᠠ ᠶ᠋ᠢᠨ ᠠᠷᠭ᠎ᠠ ᠵᠡᠷᠭᠡ ᠲᠠᠯ᠎ᠠ ᠶ᠋ᠢᠨ ᠮᠡᠳᠡᠯᠭᠡ ᠶ᠋ᠢ ᠰᠢᠰᠲ᠋ᠧᠮ ᠲᠠᠢ ᠲᠠᠶᠢᠯᠪᠤᠷᠢᠯᠠᠵᠤ᠂ ᠣᠷᠴᠢᠭᠤᠯᠤᠭᠴᠢ ᠶ᠋ᠢ ᠬᠠᠪᠰᠤᠷᠤᠨ ᠬᠡᠯᠡᠨ ᠦ ᠮᠡᠳᠡᠯᠭᠡ ᠶ᠋ᠢᠨ ᠲᠠᠯ᠎ᠠ ᠪᠠᠷ ᠬᠢ ᠳᠤᠲᠠᠭᠤᠳᠠᠯ ᠢ ᠨᠥᠬᠥᠪᠦᠷᠢᠯᠡᠵᠦ ᠴᠢᠳᠠᠳᠠᠭ᠃ ᠵᠢᠱᠢᠶᠡᠯᠡᠪᠡᠯ ᠮᠣᠩᠭᠣᠯ ᠬᠡᠯᠡᠨ ᠵᠦᠢ ᠶ᠋ᠢ ᠲᠠᠶᠢᠯᠪᠤᠷᠢᠯᠠᠬᠤ ᠦᠶ᠎ᠡ ᠳᠦ᠂ ᠲᠤᠰᠬᠠᠢ ᠮᠡᠷᠭᠡᠵᠢᠯᠲᠡᠨ ᠪᠣᠳᠠᠲᠠᠢ ᠵᠢᠱᠢᠶ᠎ᠡ ᠥᠭᠦᠯᠡᠪᠦᠷᠢ ᠪᠡᠷ ᠳᠡᠮᠵᠢᠨ ᠮᠣᠩᠭᠣᠯ ᠬᠡᠯᠡᠨ ᠦ ᠥᠭᠦᠯᠡᠪᠦᠷᠢ ᠶ᠋ᠢᠨ ᠪᠦᠷᠢᠯᠳᠦᠭᠦᠨ᠂ ᠬᠡᠯᠡᠨ ᠦ ᠳᠠᠷᠠᠭᠠᠯᠠᠯ ᠪᠠ ᠴᠠᠭ ᠤᠨ ᠪᠠᠶᠢᠳᠠᠯ ᠤᠨ ᠬᠤᠪᠢᠷᠠᠯᠲᠠ ᠶ᠋ᠢ ᠵᠠᠳᠠᠯᠵᠤ᠂ ᠣᠷᠴᠢᠭᠤᠯᠤᠭᠴᠢ ᠳᠤ ᠮᠣᠩᠭᠣᠯ ᠬᠡᠯᠡᠨ ᠦ ᠢᠯᠡᠳᠬᠡᠬᠦ ᠵᠢᠮ᠎ᠡ ᠶᠣᠰᠣ ᠶ᠋ᠢ ᠨᠠᠩ ᠭᠦᠨᠵᠡᠭᠡᠢ ᠣᠶᠢᠯᠠᠭᠠᠭᠤᠯᠵᠤ ᠪᠣᠯᠣᠨ᠎ᠠ︔ ᠨᠥᠭᠥᠭᠡ ᠲᠠᠯ᠎ᠠ ᠪᠠᠷ᠂ ᠣᠷᠴᠢᠭᠤᠯᠤᠭᠴᠢ ᠶ᠋ᠢᠨ ᠮᠣᠩᠭᠣᠯ ᠬᠢᠲᠠᠳ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶ᠋ᠢ ᠵᠣᠷᠢᠭᠵᠢᠭᠤᠯᠤᠨ᠎ᠠ᠃ ᠦᠭᠡ ᠬᠡᠯᠡ ᠪᠣᠯ ᠰᠣᠶᠣᠯ ᠤᠨ ᠠᠴᠢᠶᠠᠯᠠᠪᠤᠷᠢ ᠮᠥᠨ᠂ ᠮᠣᠩᠭᠣᠯ ᠬᠢᠲᠠᠳ ᠬᠣᠶᠠᠷ ᠬᠡᠯᠡᠨ ᠦ ᠠᠷᠤ ᠳᠤ ᠥᠪᠡᠷ ᠥᠪᠡᠷ ᠦᠨ ᠥᠪᠡᠷᠮᠢᠴᠡ ᠰᠣᠶᠣᠯ ᠤᠨ ᠠᠭᠤᠯᠬᠤᠨ ᠠᠭᠤᠯᠤᠭᠳᠠᠵᠤ ᠪᠠᠶᠢᠳᠠᠭ᠃ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠬᠤ ᠪᠠᠷ ᠳᠠᠮᠵᠢᠭᠤᠯᠤᠨ᠂ ᠣᠷᠴᠢᠭᠤᠯᠤᠭᠴᠢ ᠬᠣᠶᠠᠷ ᠵᠦᠢᠯ ᠦᠨ ᠰᠣᠶᠣᠯ ᠤᠨ ᠵᠥᠷᠢᠶ᠎ᠡ ᠵᠢᠴᠢ ᠨᠡᠶᠢᠲᠡᠯᠢᠭ ᠲᠠᠯ᠎ᠠ ᠶ᠋ᠢ ᠪᠡᠶ᠎ᠡ ᠪᠡᠷ ᠢᠶᠡᠨ ᠣᠶᠢᠯᠠᠭᠠᠵᠤ᠂ ᠬᠣᠶᠠᠷ ᠵᠦᠢᠯ ᠦᠨ ᠬᠡᠯᠡ ᠰᠣᠶᠣᠯ ᠤᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠦ ᠪᠣᠯᠣᠨ᠎ᠠ᠃ ᠵᠢᠱᠢᠶᠡᠯᠡᠪᠡᠯ ᠮᠣᠩᠭᠣᠯ ᠬᠢᠲᠠᠳ ᠰᠣᠶᠣᠯ ᠤᠨ ᠨᠠᠶᠢᠷ᠂ ᠠᠷᠠᠳ ᠤᠨ ᠵᠠᠩ ᠦᠢᠯᠡ ᠶ᠋ᠢᠨ ᠦᠵᠡᠭᠦᠯᠭᠡ ᠵᠡᠷᠭᠡ ᠠᠵᠢᠯᠯᠠᠭ᠎ᠠ ᠳᠤ ᠣᠷᠣᠯᠴᠠᠪᠠᠯ᠂ ᠣᠷᠴᠢᠭᠤᠯᠤᠭᠴᠢ ᠨᠠᠷ ᠮᠣᠩᠭᠣᠯ ᠦᠨᠳᠦᠰᠦᠲᠡᠨ ᠦ ᠲᠡᠦᠬᠡ᠂ ᠤᠯᠠᠮᠵᠢᠯᠠᠯ᠂ ᠵᠠᠩ ᠳᠠᠳᠬᠠᠯ ᠵᠡᠷᠭᠡ ᠶ᠋ᠢ ᠰᠢᠭᠤᠳ ᠣᠶᠢᠯᠠᠭᠠᠵᠤ᠂ ᠡᠭᠦᠨ ᠦ ᠤᠯᠠᠮ ᠢᠶᠠᠷ ᠣᠷᠴᠢᠭᠤᠯᠬᠤ ᠶᠠᠪᠤᠴᠠ ᠳᠤ ᠰᠣᠶᠣᠯ ᠤᠨ ᠠᠬᠤᠢ ᠪᠠᠶᠢᠳᠠᠯ ᠢ ᠨᠠᠩ ᠰᠠᠶᠢᠨ ᠡᠵᠡᠮᠰᠢᠵᠦ᠂ ᠰᠣᠶᠣᠯ ᠤᠨ ᠵᠥᠷᠢᠶ᠎ᠡ ᠡᠴᠡ ᠪᠣᠯᠤᠭᠰᠠᠨ ᠡ᠊ᠨᠳᠡᠭᠦᠦ ᠣᠶᠢᠯᠠᠭᠠᠯᠲᠠ ᠠ᠋ᠴᠠ ᠵᠠᠶᠢᠯᠠᠰᠬᠢᠵᠦ ᠪᠣᠯᠣᠨ᠎ᠠ᠃
ᠰᠢᠨ᠎ᠡ ᠴᠠᠭ ᠦᠶ᠎ᠡ ᠶ᠋ᠢᠨ ᠮᠣᠩᠭᠣᠯ ᠬᠡᠯᠡᠨ ᠦ ᠰᠣᠨᠢᠨ ᠮᠡᠳᠡᠭᠡᠨ ᠦ ᠣᠷᠴᠢᠭᠤᠯᠭ᠎ᠠ ᠶ᠋ᠢᠨ ᠠᠵᠢᠯ ᠢ ᠥᠨᠳᠥᠷ ᠪᠦᠲᠦᠮᠵᠢᠲᠡᠶ ᠪᠡᠷ ᠶᠠᠪᠤᠭᠤᠯᠬᠤ ᠳᠦ᠂ ᠣᠷᠴᠢᠭᠤᠯᠤᠭᠴᠢ ᠨᠠᠷ ᠣᠷᠴᠢᠭᠤᠯᠭ᠎ᠠ ᠶ᠋ᠢᠨ ᠠᠷᠭ᠎ᠠ ᠪᠣᠳᠣᠯᠭ᠎ᠠ᠂ ᠮᠡᠷᠭᠡᠵᠢᠯ ᠦᠨ ᠬᠡᠷᠡᠭᠯᠡᠭᠡ ᠵᠢᠴᠢ ᠴᠢᠳᠠᠪᠤᠷᠢᠲᠠᠨ ᠢ ᠬᠥᠮᠥᠵᠢᠭᠦᠯᠬᠦ ᠡᠴᠡ ᠭᠠᠷᠳᠠᠵᠤ᠂ ᠥᠪᠡᠷ ᠦᠨ ᠲᠤᠰᠬᠠᠢ ᠮᠡᠷᠭᠡᠵᠢᠯ ᠦᠨ ᠪᠣᠯᠪᠠᠰᠤᠷᠠᠯ ᠪᠠ ᠣᠷᠴᠢᠭᠤᠯᠭ᠎ᠠ ᠶ᠋ᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠣᠷᠣᠨ ᠨᠤᠲᠤᠭ ᠤᠨ ᠡᠳ᠋ ᠦᠨ ᠵᠠᠰᠠᠭ ᠤᠨ ᠰᠠᠯᠠᠭ᠎ᠠ ᠮᠥᠴᠢᠷ ᠦᠳ ᠣᠷᠴᠢᠭᠤᠯᠭ᠎ᠠ ᠶ᠋ᠢᠨ ᠠᠵᠢᠯ ᠤᠨ ᠬᠥᠭᠵᠢᠯᠲᠡ ᠶ᠋ᠢ ᠢᠳᠡᠪᠬᠢᠲᠡᠢ ᠳᠡᠮᠵᠢᠵᠦ᠂ ᠣᠷᠴᠢᠭᠤᠯᠤᠭᠴᠢ ᠳᠤ ᠰᠠᠶᠢᠨ ᠰᠠᠶᠢᠬᠠᠨ ᠠᠵᠢᠯ ᠤᠨ ᠣᠷᠴᠢᠨ ᠲᠣᠭᠣᠷᠢᠨ ᠢ ᠬᠠᠩᠭᠠᠨ ᠥᠭᠴᠦ᠂ ᠮᠣᠩᠭᠣᠯ ᠬᠡᠯᠡᠨ ᠦ ᠰᠣᠨᠢᠨ ᠮᠡᠳᠡᠭᠡᠨ ᠤ ᠣᠷᠴᠢᠭᠤᠯᠭ᠎ᠠ ᠶ᠋ᠢᠨ ᠦᠢᠯᠡᠰ ᠦᠨ ᠴᠡᠴᠡᠭᠯᠡᠨ ᠬᠥᠭᠵᠢᠬᠦ ᠶ᠋ᠢ ᠬᠠᠮᠲᠤ ᠪᠠᠷ ᠠᠬᠢᠭᠤᠯᠬᠤ ᠬᠡᠷᠡᠭᠲᠡᠢ᠃ ᠥᠨᠳᠥᠷ ᠪᠦᠲᠦᠮᠵᠢᠲᠡᠶ ᠣᠷᠴᠢᠭᠤᠯᠭ᠎ᠠ ᠶ᠋ᠢᠨ ᠠᠵᠢᠯ ᠢᠶᠠᠷ ᠳᠠᠮᠵᠢᠭᠤᠯᠤᠨ ᠮᠡᠳᠡᠭᠡ ᠵᠠᠩᠭᠢ ᠶ᠋ᠢ ᠨᠡᠩ ᠰᠠᠶᠢᠨ ᠳᠠᠮᠵᠢᠭᠤᠯᠵᠤ᠂ ᠰᠣᠶᠣᠯ ᠤᠨ ᠰᠣᠯᠢᠯᠴᠠᠭ᠎ᠠ ᠶ᠋ᠢ ᠠᠬᠢᠭᠤᠯᠵᠤ᠂ ᠦᠨᠳᠦᠰᠦᠲᠡᠨ ᠦ ᠪᠦᠯᠬᠦᠮᠳᠡᠯ ᠢ ᠴᠢᠩᠭᠠᠳᠬᠠᠨ᠂ ᠡᠶ᠎ᠡ ᠵᠣᠬᠢᠴᠠᠯ ᠲᠠᠢ ᠨᠡᠶᠢᠭᠡᠮ ᠢ ᠪᠠᠢᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠶᠤᠮ᠃
