ᠰᠢᠨᠵᠢᠯᠡᠬᠡ ᠮᠡᠷᠭᠡᠵᠢᠯ ᠤᠨ ᠰᠢᠨ᠎ᠡ ᠠᠮᠢᠵᠢᠷᠠᠯ ᠲᠠᠢ ᠡᠯᠡᠰᠦᠨ ᠴᠦᠯ ᠤᠨ ᠬᠠᠮᠠᠭᠠᠯᠠᠯᠳᠠ

 ᠄ 2025-11-25 10:01:36

   ᠡᠯᠡᠰᠦᠨ ᠴᠥᠯ ᠭᠡᠵᠦ ᠬᠡᠯᠡᠬᠦ ᠲᠠᠢ ᠵᠡᠷᠭᠡ︽ᠡᠯᠡᠰᠦ ᠲᠤᠭᠤᠰᠤ ᠨᠠᠷᠠ ᠢᠢ ᠪᠦᠷᠬᠦᠵᠦ᠂ ᠦᠨᠦᠴᠢᠨ ᠰᠢᠪᠠᠭᠤ ᠬᠥᠯ ᠲᠤᠭᠲᠠᠬᠤ ᠮᠣᠳᠣ ᠥᠬᠡᠶ︾ᠤᠷᠴᠢᠨ ᠬᠦᠮᠦᠰ ᠤᠨ ᠪᠤᠳᠤᠯ ᠳ᠋ᠤ ᠤᠷᠤᠬᠤ ᠮᠠᠭᠠᠳ᠃ ᠬᠠᠷᠢᠨ ᠤᠷᠳᠤᠰ ᠬᠤᠳᠠ ᠵᠢᠨ ᠲᠠᠯᠠᠳ ᠬᠤᠰᠢᠭᠤᠨ ᠤ ᠬᠡᠪᠴᠢᠶᠡᠨ ᠳ᠋ᠤ ᠪᠠᠶᠢᠭ᠎ᠠ ᠬᠦᠪᠴᠢ ᠵᠢᠨ ᠡᠯᠡᠰᠦ ᠨᠢ ᠰᠢᠨ᠎ᠡ ᠡᠨ᠋ᠸᠷᠬᠢ ᠵᠢᠨ ᠠᠵᠤ ᠦᠢᠯᠡᠰ ᠪᠤᠵᠠᠭᠠᠶᠢᠷᠠᠬᠰᠠᠨ︽ᠰᠢᠵᠢᠷ ᠠᠯᠳᠠ︾ ᠪᠤᠯᠵᠤ ᠬᠤᠪᠢᠷᠠᠯ᠎ᠠ᠃ ᠡ᠊ᠨᠳᠡᠬᠢ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠢᠢᠨ ᠰᠠᠭᠤᠷᠢᠨ ᠭᠠᠵᠠᠷ ᠨᠢ ᠤᠶᠤᠨᠴᠢ ᠬᠠᠮᠠᠭᠠᠯᠠᠯᠳᠠ ᠵᠢ ᠪᠡᠶᠡᠯᠡᠭᠦᠯᠵᠤ᠂ ᠡᠯᠡᠰᠦᠨ ᠴᠦᠯ ᠳ᠋ᠡᠬᠢ ᠠᠵᠤ ᠦᠢᠯᠡᠰ ᠲᠸ᠋ ᠰᠢᠨ᠎ᠡ ᠠᠮᠢᠵᠢᠷᠠᠯ ᠤᠨ ᠬᠦᠴᠦᠨ ᠤᠯᠭᠤᠨ︽ᠪᠤᠬᠢᠷᠳᠤᠯ ᠦᠭᠡᠢ ᠬᠤᠪᠢᠰᠤᠯᠳᠠ︾ ᠵᠢ ᠪᠢᠴᠢᠭᠯᠡᠯ᠎ᠡ᠃

    ᠰᠤᠷᠪᠤᠯᠵᠢᠯᠠᠬᠴᠢ ᠤᠷᠳᠤᠰ ᠬᠤᠳᠠ ᠵᠢᠨ ᠬᠥᠪᠴᠢ ᠢᠢᠨ ᠡᠯᠡᠰᠦᠨ ᠤ ᠳᠤᠮᠳᠠ ᠬᠡᠰᠡᠭ ᠲᠤ ᠪᠠᠶᠢᠷᠢᠯᠠᠭ᠎ᠠ ᠳᠠᠯᠠᠳ ᠬᠤᠰᠢᠭᠤᠨ ᠤ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠢᠢᠨ ᠰᠠᠭᠤᠷᠢᠨ ᠭᠠᠵᠠᠷ ᠲᠤ ᠬᠦᠷᠬᠦ ᠳᠤ ᠡ᠊ᠨᠳᠡ ᠵᠠᠭᠤᠨ ᠲᠦᠮᠡᠨ ᠬᠡᠰᠡᠭ ᠬᠥᠬᠡ ᠥᠩᠭᠡ ᠲᠡᠶ ᠬᠡᠷᠡᠯ ᠴᠡᠨᠡᠭ ᠤᠨ ᠬᠠᠪᠲᠠᠰᠤ ᠠᠯᠲᠠᠨ ᠰᠢᠷᠭᠠᠯ ᠡᠯᠡᠰᠦᠨ ᠳᠤᠮᠳᠠ ᠵᠢᠭ᠍ᠳᠡᠷᠡᠨ᠂ ᠶᠠᠭ ᠯᠠ ᠳᠠᠯᠠᠢ ᠢᠢᠨ ᠳᠠᠪᠠᠯᠭᠠᠨ ᠮᠡᠲᠦ ᠬᠦᠪᠡᠬᠡ ᠬᠢᠵᠠᠭᠠᠷ ᠦᠭᠡᠢ ᠬᠠᠷᠠᠭᠳᠠᠨ᠎ᠠ᠃ ᠡᠭᠦᠨ ᠤ ᠳᠡᠭᠡᠭᠦᠷ ᠵᠢᠯᠣᠭᠤᠴᠢ ᠥᠬᠡᠶ ᠨᠢᠰᠭᠡᠯ ᠤᠳ ᠰᠦᠯᠵᠢᠯᠳᠦᠨ᠂︽ᠴᠠᠭᠳᠠᠨ ᠪᠠᠶᠢᠴᠠᠭᠠᠭᠴᠢ︾  ᠢᠢᠨ ᠠᠵᠢᠯ ᠢᠶᠠᠨ ᠭᠦᠢᠴᠡᠳᠭᠡᠨ᠎ᠡ᠃ ᠳᠤᠮᠳᠠᠴᠢ ᠥᠷᠭᠡᠨ ᠨᠢ ᠪᠠᠷᠤᠭ 5 ᠺᠢᠯᠦᠮᠧᠲᠷ ᠤᠨ ᠡᠨᠡ ᠬᠦ︽ᠬᠡᠷᠡᠯ ᠴᠡᠨᠡᠭ ᠤᠨ ᠣᠷᠳᠣ ᠴᠠᠭᠠᠨ ᠬᠡᠷᠡᠮ︾  ᠤᠨ ᠡᠯᠡᠰᠦ ᠢᠢ ᠵᠠᠰᠠᠬᠤ ᠪᠦᠰᠡ ᠨᠢ ᠣᠶᠤᠨᠴᠢ ᠰᠢᠨᠵᠢᠯᠡᠭᠡ ᠮᠡᠷᠭᠡᠵᠢᠯ ᠤᠨ ᠴᠢᠳᠠᠪᠤᠷᠢ ᠪᠠᠷ ᠡᠯᠡᠰᠦᠨ ᠴᠦᠯ ᠳᠠᠬᠢ ᠰᠢᠨ᠎ᠡ ᠡᠨᠧᠷᠭᠢ ᠢᠢᠨ ᠠᠮᠢᠵᠢᠷᠠᠯ ᠤᠨ ᠬᠦᠴᠦᠨ ᠢ ᠪᠠᠳᠠᠷᠠᠭᠤᠯᠵᠤ ᠪᠠᠶᠢᠨ᠎ᠠ᠃

    ᠪᠦᠬᠦ ᠪᠥᠮᠪᠥᠷᠴᠡᠭ ᠤᠨ ᠠᠩᠬᠠᠳᠠᠭᠴᠢ ᠮᠢᠩᠭᠠᠨ ᠲᠦᠮᠡᠨ ᠺᠢᠯᠣᠸᠠᠲ ᠲᠠᠰ ᠤᠨ ᠰᠢᠨ᠎ᠡ ᠡᠨᠧᠷᠭᠢ ᠢᠢᠨ ᠰᠠᠭᠤᠷᠢᠨ ᠭᠠᠵᠠᠷ ᠪᠤᠯᠬᠤ ᠥᠪᠥᠷ ᠮᠣᠩᠭᠤᠯ ᠤᠨ ᠬᠥᠪᠴᠢ ᠢᠢᠨ ᠡᠯᠡᠰᠦᠨ ᠴᠦᠯ ᠤᠨ ᠳᠤᠮᠳᠠ ᠬᠤᠶᠢᠳᠤ ᠬᠡᠰᠡᠭ ᠤᠨ ᠰᠢᠨ᠎ᠡ ᠡᠨᠧᠷᠭᠢ ᠢᠢᠨ ᠰᠠᠭᠤᠷᠢᠨ ᠭᠠᠵᠠᠷ ᠤᠨ ᠠᠵᠢᠯᠯᠠᠬᠤ ᠲᠣᠭᠤᠷᠢᠭ ᠲᠤ ᠮᠠᠰᠢᠨ ᠤ ᠬᠦᠩᠭᠢᠨᠡᠬᠦ ᠳᠠᠭᠤ ᠭᠠᠷᠴᠤ ᠨᠢᠭᠡᠨ ᠵᠢᠵᠢᠭ ᠵᠢᠯᠣᠭᠤᠴᠢ ᠦᠭᠡᠢ ᠨᠢᠰᠭᠡᠯ ᠳᠡᠭ᠍ᠳᠡᠨ ᠭᠠᠷᠴᠤ ᠢᠷᠡᠯ᠎ᠡ᠃ ᠡᠨᠡ ᠬᠦ ᠥᠨᠳᠥᠷ ᠪᠦᠲᠦᠮᠵᠢᠲᠡᠶ ᠠᠵᠢᠯᠯᠠᠳᠠᠭ ᠨᠢᠰᠭᠡᠯ ᠨᠢ ᠲᠡᠷᠢᠭᠦᠨ ᠤ ᠥᠨᠳᠥᠷ ᠲᠤᠳᠤᠴᠠᠲᠤ ᠰᠢᠩᠭᠡᠭᠡᠯᠲᠡ ᠢᠢᠨ ᠳᠤᠷᠠᠨ᠂ ᠬᠡᠲᠦ ᠤᠯᠠᠭᠠᠨ ᠤ ᠳᠤᠯᠠᠭᠠᠨ ᠤ ᠬᠡᠮᠵᠢᠶ᠎ᠡ ᠢᠢᠨ ᠳᠠᠮᠵᠢᠭᠤᠯᠤᠭᠴᠢ ᠢᠢ ᠠᠴᠢᠶᠠᠯᠠᠬᠤ ᠢᠢᠨ ᠬᠠᠮᠲᠤ AI ᠵᠠᠳᠠᠯᠤᠯᠲᠠ ᠢᠢᠨ ᠰᠢᠰᠲ᠋ᠧᠮ ᠢ ᠠᠰᠢᠬᠯᠠᠵᠠᠢ᠃ ᠰᠠᠭᠤᠷᠢᠨ ᠭᠠᠵᠠᠷ ᠤᠨ ᠬᠡᠷᠡᠯ ᠴᠡᠨᠡᠭ ᠤᠨ ᠬᠠᠪᠲᠠᠰᠤᠨ ᠳᠤ ᠨᠢᠭᠡ ᠤᠳᠠᠭᠠᠨ ᠤ ᠪᠥᠬᠦ ᠲᠠᠯ᠎ᠠ ᠢᠢᠨ ᠪᠠᠶᠢᠴᠠᠭᠠᠯᠲᠠ ᠬᠢᠬᠦ ᠪᠠᠷ ᠡᠨᠡ ᠬᠦ ᠵᠢᠯᠣᠭᠤᠴᠢ ᠦᠭᠡᠢ ᠨᠢᠰᠭᠡᠯ ᠢ ᠨᠢᠰᠬᠡᠵᠤ᠂ ᠬᠡᠷᠡᠯ ᠴᠡᠨᠡᠭ ᠤᠨ ᠰᠠᠭᠤᠷᠢᠨ ᠭᠠᠵᠠᠷ ᠤᠨ ᠠᠵᠢᠯᠲᠠᠨ ᠯᠢᠦ ᠮᠢᠨ ᠵᠢᠶᠧ ᠶᠠᠭ ᠲᠥᠪ ᠡᠵᠡᠮᠰᠢᠯ ᠤᠨ ᠲᠠᠰᠤᠭ ᠲᠤ ᠵᠢᠯᠣᠭᠤᠴᠢ ᠥᠬᠡᠶ ᠨᠢᠰᠭᠡᠯ ᠤᠨ ᠨᠢᠰᠦᠯᠲᠡ ᠢᠢᠨ ᠵᠠᠮ ᠱᠤᠭᠤᠮ ᠢ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠵᠦ ᠪᠠᠶᠢᠪᠠ᠃  ︽ᠤᠳᠤ ᠵᠢᠯᠣᠭᠤᠴᠢ ᠦᠭᠡᠢ ᠨᠢᠰᠭᠡᠯ ᠭᠡᠷᠡᠯ ᠴᠡᠨᠡᠭ ᠤᠨ ᠬᠠᠪᠳᠠᠰᠤ ᠢᠢ ᠲᠣᠭᠤᠷᠢᠨ ᠪᠠᠶᠢᠴᠠᠭᠠᠵᠤ ᠡᠬᠢᠯᠡᠯ᠎ᠡ᠃ ᠲᠡᠷᠡ ᠢᠯᠡ ᠭᠡᠷᠡᠯ ᠪᠣᠯᠤᠨ ᠬᠡᠲᠦ ᠤᠯᠠᠭᠠᠨ ᠰᠠᠴᠤᠷᠠᠭ ᠲᠤ ᠵᠠᠳᠠᠯᠤᠯᠲᠠ ᠬᠢᠭᠰᠡᠨ ᠤ ᠲᠠᠷᠠᠭ᠎ᠠ ᠭᠡᠮ ᠰᠣᠭᠤᠭ ᠤᠨ ᠪᠠᠶᠢᠳᠠᠯ᠂ ᠪᠠᠶᠢᠷᠢᠰᠢᠯ ᠵᠢᠴᠢ ᠲᠣᠨᠣᠭᠯᠠᠯ ᠤᠨ ᠬᠠᠮᠢᠶ᠎ᠠ ᠪᠦᠬᠦᠢ ᠲᠤᠭ᠎ᠠ ᠬᠡᠮᠵᠢᠶ᠎ᠡ ᠢᠢ ᠮᠡᠳᠡᠵᠦ ᠳᠡᠶᠢᠯᠦᠨ᠎ᠡ᠃ ᠤᠳᠠᠯ ᠦᠭᠡᠢ ᠵᠢᠯᠤᠭᠤᠴᠢ ᠦᠭᠡᠢ ᠨᠢᠰᠭᠡᠯ ᠲᠤᠭᠤᠷᠢᠨ ᠪᠠᠶᠢᠴᠠᠭᠠᠵᠤ ᠪᠠᠷᠠᠭᠰᠠᠨ ᠤ ᠳᠠᠷᠠᠭ᠎ᠠ ᠦᠪᠡᠷᠲᠡᠭᠡᠨ ᠪᠤᠴᠠᠵᠤ ᠢᠷᠡᠨ᠎ᠡ᠃ ᠲᠡᠷᠡ ᠨᠢ ᠬᠤᠶᠠᠷ ᠲᠥᠷᠥᠯ ᠤᠨ ᠠᠵᠢᠯᠯᠠᠬᠤ ᠵᠠᠭᠪᠤᠷ ᠲᠠᠢ᠂ ᠨᠢᠭᠡ ᠨᠢ ᠠᠦ᠋ᠲ᠋ᠤ᠋ ᠪᠠᠷ ᠠᠵᠢᠯᠯᠠᠬᠤ ᠬᠡᠪ ᠵᠠᠭᠪᠤᠷ᠂ ᠨᠥᠭᠦᠭᠡ ᠨᠢ ᠮᠧᠬᠠᠨᠢᠭ ᠢᠶᠠᠷ ᠠᠵᠢᠯᠯᠠᠬᠤ ᠬᠡᠪ ᠵᠠᠭᠪᠤᠷ ᠪᠤᠯᠤᠨ᠎ᠠ᠂ ᠶᠡᠷᠦ ᠵᠢᠨ ᠴᠠᠭ ᠲᠸ᠋ ᠲᠡᠷᠡ ᠪᠦᠷᠢᠮᠦᠰᠦᠨ ᠠᠦ᠋ᠲ᠋ᠤ᠋ ᠪᠠᠷ ᠠᠵᠢᠯᠯᠠᠳᠠᠭ︾ ᠬᠡᠵᠤ ᠥᠪᠥᠷ ᠮᠣᠩᠭᠤᠯ ᠤᠨ ᠬᠥᠪᠴᠢ ᠢᠢᠨ ᠡᠯᠡᠰᠦᠨ ᠤ ᠣᠷᠳᠣᠰ ᠤᠨ ᠳᠤᠮᠳᠠ ᠬᠤᠶᠢᠳᠤ ᠬᠡᠰᠡᠭ ᠤᠨ ᠰᠢᠨ᠎ᠡ ᠡᠨᠧᠷᠭᠢ ᠢᠢᠨ ᠰᠠᠭᠤᠷᠢᠨ ᠭᠠᠵᠠᠷ ᠤᠨ ᠠᠵᠢᠯᠲᠠᠨ ᠯᠢᠦ ᠮᠢᠨ ᠵᠢᠶᠧ ᠲᠠᠶᠢᠯᠪᠤᠷᠢᠯᠠᠪᠠ᠃ ᠤᠶᠢᠯᠠᠭᠠᠬᠰᠠᠨ ᠵᠢᠡᠷ ᠰᠢᠨ᠎ᠡ ᠡᠨ᠋ᠸᠷᠬᠢ ᠵᠢᠨ ᠰᠠᠭᠤᠷᠢᠨ ᠭᠠᠵᠠᠷ ᠤᠨ ᠮᠠᠰᠢᠨ ᠲᠤᠨᠤᠭ ᠢ ᠠᠵᠢᠯᠯᠠᠭᠤᠯᠵᠤ ᠰᠡᠯᠪᠢᠭ ᠲᠤᠨᠤᠭ ᠢ ᠬᠠᠮᠠᠭᠠᠯᠠᠬᠤ ᠰᠠᠯᠪᠤᠷᠢ ᠨᠢ ᠬᠡᠳᠦᠢᠪᠡᠷ 28 ᠠᠵᠢᠯᠳᠠᠨ ᠲᠠᠢ ᠪᠤᠯᠪᠠᠴᠤ ᠲᠡᠳᠡ 3.2 ᠲᠦᠮᠡᠨ ᠮᠦ ᠶᠡᠷᠦᠩᠬᠡᠢ ᠲᠠᠯᠠᠪᠠᠢ ᠲᠠᠢ᠂ 400 ᠭᠠᠷᠤᠢ ᠲᠦᠮᠡᠨ ᠬᠡᠰᠡᠭ ᠭᠡᠷᠡᠯ ᠴᠡᠨᠡᠭ ᠤᠨ ᠲᠣᠨᠤᠭ ᠲᠥᠬᠦᠭᠡᠷᠦᠮᠵᠢ ᠵᠢ ᠠᠵᠢᠯᠯᠠᠭᠤᠯᠵᠤ ᠰᠡᠯᠪᠢᠭ ᠲᠣᠨᠤᠭ ᠢ ᠬᠠᠮᠠᠭᠠᠯᠠᠬᠤ ᠠᠵᠢᠯ ᠢ ᠬᠠᠷᠢᠭᠤᠴᠠᠵᠤ ᠪᠤᠢ᠃ ᠠᠮᠢ ᠠᠬᠤᠶ ᠢᠢᠨ ᠰᠡᠷᠭᠦᠭᠡᠯᠲᠡ ᠪᠠ ᠴᠠᠬᠢᠯᠭᠠᠨ ᠭᠠᠷᠭᠠᠬᠤ ᠦᠷ᠎ᠡ ᠪᠦᠲᠦᠮᠵᠢ ᠢᠢ ᠵᠡᠷᠭᠡ ᠳᠤᠨᠢ ᠵᠤᠬᠢᠴᠠᠭᠤᠯᠬᠤ ᠢᠢᠨ ᠲᠥᠯᠥᠭᠡ ᠬᠡᠷᠡᠯ ᠴᠡᠨᠡᠭ ᠤᠨ ᠬᠠᠪᠲᠠᠰᠤ ᠢᠢ ᠭᠠᠵᠠᠷ ᠤᠨ ᠭᠠᠳᠠᠷᠭᠤ ᠠᠴᠠ 1.5 ᠮᠧᠲᠷ ᠳᠡᠭᠡᠭ᠍ᠰᠢ ᠪᠠᠶᠢᠷᠢᠯᠠᠭᠤᠯᠵᠤ᠂ ᠬᠠᠪᠲᠠᠰᠤ ᠢᠢᠨ ᠳᠣᠤᠷ᠎ᠠ ᠲᠠᠯ᠎ᠠ ᠳᠤ ᠡᠪᠡᠰᠦ ᠳᠠᠷᠢᠬᠤ ᠪᠠ ᠲᠡᠵᠢᠭᠡᠨ ᠦᠷᠡᠵᠢᠭᠦᠯᠬᠦ ᠢᠢ ᠪᠡᠶᠡᠯᠡᠭᠦᠯᠬᠦ ᠳᠤ ᠭᠦᠢᠴᠡᠳ ᠣᠷᠣᠨ ᠵᠠᠶ ᠬᠠᠩᠭᠠᠵᠤ᠂ ᠠᠮᠢ ᠠᠬᠤᠶ ᠢᠢᠨ ᠰᠡᠷᠭᠦᠭᠡᠯᠲᠡ ᠪᠠ ᠲᠠᠷᠢᠶᠠᠯᠠᠩ ᠮᠠᠯ ᠠᠵᠤ ᠠᠬᠤᠶ ᠡᠷᠬᠢᠯᠡᠬᠦ ᠳ᠋ᠤ ᠲᠥᠬᠦᠮ ᠪᠣᠯᠭᠠᠪᠠ᠃ ᠭᠡᠪᠡᠴᠦ ᠬᠡᠷᠡᠯ ᠴᠡᠨᠡᠭ ᠤᠨ ᠬᠠᠪᠲᠠᠰᠤ ᠵᠢ ᠢᠯᠡᠳᠲᠡ ᠥᠨᠳᠥᠷ ᠪᠠᠶᠢᠷᠢᠯᠠᠭᠤᠯᠤᠭᠰᠠᠨ ᠨᠢ ᠬᠡᠷᠡᠯ ᠴᠡᠨᠡᠭ ᠤᠨ ᠬᠠᠪᠳᠠᠰᠤ ᠵᠢ ᠠᠷᠠᠴᠢᠯᠠᠨ ᠬᠠᠮᠠᠭᠠᠯᠠᠵᠤ ᠪᠠᠶᠢᠴᠠᠭᠠᠨ ᠰᠡᠯᠪᠢᠬᠦ ᠬᠦᠴᠢᠷᠳᠡᠯ ᠢ ᠶᠡᠭᠡ ᠪᠠᠷ ᠨᠡᠮᠡᠭ᠍ᠳᠡᠭᠦᠯᠦᠭᠰᠡᠨ ᠪᠠᠶᠢᠵᠤ᠂ ᠤᠯᠠᠮᠵᠢᠯᠠᠯᠲᠤ ᠬᠥᠮᠦᠨ ᠤ ᠬᠦᠴᠦ ᠪᠠᠷ ᠨᠢᠭᠡ ᠤᠳᠠᠭᠠᠨ ᠤ ᠪᠥᠬᠦ ᠲᠠᠯ᠎ᠠ ᠢᠢᠨ ᠲᠣᠭᠤᠷᠢᠨ ᠪᠠᠶᠢᠴᠠᠭᠠᠯᠲᠠ ᠬᠢᠬᠦ ᠳ᠋ᠤ ᠨᠢᠭᠡ ᠵᠢᠯ ᠭᠠᠷᠤᠢ ᠢᠢᠨ ᠴᠠᠭ ᠬᠡᠷᠡᠭ᠍ᠰᠡᠵᠤ ᠪᠠᠶᠢᠵᠠᠢ᠃ ᠤᠳᠤ ᠵᠢᠯᠣᠭᠤᠴᠢ ᠥᠬᠡᠶ ᠨᠢᠰᠭᠡᠯ ᠤᠨ ᠣᠶᠤᠨᠴᠢ ᠲᠣᠭᠤᠷᠢᠨ ᠪᠠᠶᠢᠴᠠᠭᠠᠬᠤ ᠰᠢᠰᠲ᠋ᠧᠮ ᠢ ᠠᠰᠢᠬᠯᠠᠬᠰᠠᠨ ᠤ ᠲᠠᠷᠠᠭ᠎ᠠ ᠵᠥᠪᠬᠡᠨ ᠭᠤᠷᠪᠠᠨ ᠰᠠᠷ᠎ᠠ ᠢᠢᠨ ᠴᠠᠭ ᠵᠠᠷᠤᠴᠠᠭᠤᠯᠬᠤ ᠪᠤᠯᠵᠤ᠂ ᠠᠵᠢᠯ ᠤᠨ ᠦᠷ᠎ᠡ ᠪᠦᠲᠦᠮᠵᠢ ᠢᠢ ᠦᠰᠦᠷᠦᠯᠲᠡ ᠵᠢᠨ ᠴᠢᠨᠠᠷᠳᠠᠢ ᠲᠡᠭᠡᠭᠰᠢᠯᠡᠭᠦᠯᠵᠡᠢ᠃

     ᠥᠪᠥᠷ ᠮᠣᠩᠭᠤᠯ ᠤᠨ ᠬᠥᠪᠴᠢ ᠢᠢᠨ ᠡᠯᠡᠰᠦᠨ ᠴᠦᠯ ᠤᠨ ᠳᠤᠮᠳᠠ ᠬᠤᠶᠢᠳᠤ ᠬᠡᠰᠡᠭ ᠤᠨ ᠰᠢᠨ᠎ᠡ ᠡᠨᠧᠷᠭᠢ ᠢᠢᠨ ᠰᠠᠭᠤᠷᠢᠨ ᠭᠠᠵᠠᠷ ᠪᠤᠯ ᠰᠠᠨ ᠰᠢᠶᠠ ᠪᠦᠯᠦᠭ᠍ᠯᠡᠯ ᠠᠴᠠ ᠪᠡᠯᠡ ᠣᠷᠣᠭᠤᠯᠤᠨ ᠪᠦᠳᠦᠭᠡᠨ ᠪᠠᠶᠢᠭᠤᠯᠤᠬᠰᠠᠨ ︽ᠤᠮᠠᠷᠠᠲᠤ ᠵᠢᠨ ᠭᠤᠷᠪᠠᠨ ᠤᠷᠤᠨ︾ ᠍ ᠠᠮᠢ ᠠᠬᠤᠢ ᠢᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠰᠠᠭᠤᠷᠢᠨ ᠭᠠᠵᠠᠷ ᠪᠣᠯᠤᠨ᠎ᠠ᠃ ᠥᠩᠭᠡᠷᠡᠭ᠍ᠰᠡᠨ ᠳᠤ ᠰᠠᠭᠤᠷᠢᠨ ᠭᠠᠵᠠᠷ ᠤᠨ ᠮᠠᠰᠢᠨ ᠲᠤᠨᠤᠭ ᠢ ᠠᠵᠢᠯᠯᠠᠭᠤᠯᠵᠤ ᠰᠡᠯᠪᠢᠭ ᠲᠤᠨᠤᠭ ᠢ ᠬᠠᠮᠠᠭᠠᠯᠠᠬᠤ ᠰᠠᠯᠪᠤᠷᠢ ᠵᠢᠨ ᠠᠵᠢᠯᠲᠠᠨ ᠬᠡᠷᠡᠯ ᠴᠡᠨᠡᠭ ᠤᠨ ᠬᠠᠪᠲᠠᠰᠤᠨ ᠳᠤᠮᠳᠠ ᠡᠳᠦᠷ ᠪᠦᠷᠢ ᠳᠤᠮᠳᠠᠴᠢ ᠪᠠᠷ 10 ᠺᠢᠯᠤᠮᠧᠲᠷ ᠶᠠᠪᠠᠭᠠᠨ ᠢᠶᠠᠷ ᠲᠣᠭᠤᠷᠢᠨ ᠪᠠᠶᠢᠴᠠᠭᠠᠵᠤ᠂ ᠰᠠᠯᠬᠢ ᠪᠤᠷᠤᠭᠠᠨ ᠬᠢᠭᠡᠳ ᠴᠠᠬᠢᠯᠭᠠᠨ ᠳᠤ ᠴᠣᠬᠢᠭᠳᠠᠬᠤ ᠳᠠᠪᠬᠤᠷ ᠠᠶᠤᠯ ᠲᠦᠭ᠍ᠰᠢᠭᠦᠷᠢ ᠳᠤ ᠲᠤᠯᠭᠠᠷᠠᠬᠤ ᠪᠠᠷ ᠪᠠᠷᠠᠬᠤ ᠥᠬᠡᠶ ᠬᠥᠮᠦᠨ ᠤ ᠬᠦᠴᠦ ᠪᠠᠷ ᠪᠠᠶᠢᠴᠠᠭᠠᠬᠤ ᠣᠨᠣᠪᠴᠢ ᠢᠢᠨ ᠬᠡᠮᠵᠢᠶ᠎ᠡ ᠢᠢ ᠪᠠᠲᠤᠯᠠᠬᠤ ᠳᠤ ᠴᠤ ᠪᠡᠷᠬᠡ ᠪᠠᠶᠢᠵᠠᠢ᠃ ᠤᠳᠤ ᠵᠢᠯᠣᠭᠤᠴᠢ ᠥᠬᠡᠶ ᠨᠢᠰᠭᠡᠯ +AI ᠤᠶᠤᠨᠴᠢᠯᠠᠭᠰᠠᠨ ᠲᠣᠭᠤᠷᠢᠨ ᠪᠠᠶᠢᠴᠠᠭᠠᠬᠤ ᠵᠠᠭᠪᠤᠷ ᠨᠢ ᠬᠥᠮᠦᠨ ᠤ ᠬᠦᠴᠦᠨ ᠢ ᠠᠷᠪᠢᠯᠠᠬᠰᠠᠨ ᠢᠶᠠᠷ ᠪᠠᠷᠠᠬᠤ ᠥᠬᠡᠶ ᠭᠡᠮ ᠰᠤᠭᠤᠭ ᠢ ᠢᠯᠭᠠᠨ ᠲᠠᠨᠢᠬᠤ ᠣᠨᠣᠪᠴᠢ ᠢᠢᠨ ᠨᠣᠷᠮ᠎ᠠ ᠢᠢ 95% ᠡᠴᠡ ᠳᠡᠭᠡᠭ᠍ᠰᠢ ᠳᠤ ᠬᠦᠷᠭᠡᠭ᠍ᠰᠡᠨ ᠪᠠᠶᠢᠨ᠎ᠠ᠃ ᠠᠵᠢᠯᠲᠠᠳ ᠵᠥᠪᠬᠡᠨ ᠲᠥᠪ ᠡᠵᠡᠮᠰᠢᠯ ᠤᠨ ᠲᠠᠰᠤᠭ ᠲᠤ ᠬᠤᠯᠤᠭᠠᠨᠴᠢᠷ ᠢᠶᠠᠨ ᠬᠡᠳᠦ ᠲᠤᠶ᠋ᠢᠪᠠᠯ ᠵᠢᠯᠣᠭᠤᠴᠢ ᠥᠬᠡᠶ ᠨᠢᠰᠭᠡᠯ ᠣᠶᠤᠨᠴᠢ ᠡᠵᠡᠮᠳᠡᠯ ᠤᠨ ᠲᠠᠪᠴᠠᠩ ᠤᠨ ᠵᠢᠯᠣᠭᠤᠳᠣᠯᠭ᠎ᠠ ᠳᠣᠤᠷ᠎ᠠ ᠲᠣᠭᠲᠠᠭᠰᠠᠨ ᠬᠡᠷᠡᠯ ᠴᠡᠨᠡᠭ ᠤᠨ ᠣᠷᠣᠨ ᠪᠦᠰᠡ ᠳᠤ ᠦᠪᠡᠷ ᠵᠢᠡᠨ ᠨᠢᠰᠴᠦ ᠠᠵᠢᠯᠯᠠᠳᠠᠭ ᠪᠠᠶᠢᠨ᠎ᠠ᠃            ︽ᠵᠢᠯᠣᠭᠤᠴᠢ ᠥᠬᠡᠶ ᠨᠢᠰᠭᠡᠯ ᠢ ᠠᠰᠢᠬᠯᠠᠭᠠᠳ ᠪᠢᠳᠡ ᠬᠥᠮᠦᠨ ᠤ ᠬᠦᠴᠦ ᠵᠢ ᠠᠷᠪᠢᠯᠠᠵᠤ ᠥᠪᠡᠷ ᠤᠨ ᠥᠷᠲᠡᠭ ᠢ ᠶᠡᠭᠡ ᠪᠠᠭᠤᠷᠠᠭᠤᠯᠵᠠᠢ᠂ ᠡᠩ ᠤᠨ ᠪᠠᠶᠢᠳᠠᠯ ᠳᠤ ᠬᠡᠷᠡᠯ ᠴᠡᠨᠡᠭ ᠤᠨ ᠬᠠᠪᠳᠠᠰᠤᠨ ᠤ ᠲᠤᠭᠤᠷᠢᠭ ᠤᠨ ᠬᠡᠮ ᠰᠤᠭᠤᠭ ᠢ ᠬᠤᠶᠠᠷ ᠬᠥᠮᠦᠨ ᠪᠠᠷᠤᠭ 2000 ᠭᠠᠷᠤᠢ ᠡᠳᠦᠷ ᠬᠡᠷᠡᠭᠰᠡᠨ ᠵᠠᠰᠠᠵᠤ ᠳᠠᠭᠤᠰᠬᠠᠨ᠎ᠡ᠂ ᠣᠳᠣ ᠬᠤᠶᠠᠷ ᠨᠢᠰᠭᠡᠯ ᠢ ᠲᠤᠬᠢᠷᠠᠭᠤᠯᠤᠭᠰᠠᠨ ᠪᠠᠶᠢᠳᠠᠯ ᠳᠣᠣᠷ᠎ᠠ 36 ᠡᠳᠦᠷ ᠬᠡᠷᠡᠭ᠍ᠰᠡᠬᠦ ᠪᠤᠯᠵᠤ᠂ ᠬᠥᠮᠦᠨ ᠤ ᠬᠦᠴᠦ ᠵᠠᠷᠤᠵᠤ ᠪᠠᠶᠢᠬᠰᠠᠨ ᠲᠠᠢ ᠬᠠᠷᠢᠴᠠᠭᠤᠯᠪᠠᠯ ᠠᠵᠢᠯ ᠤᠨ ᠦᠷ᠎ᠠ ᠪᠦᠲᠦᠮᠵᠢ ᠨᠢ ᠤᠤᠯ ᠤᠨ ᠬᠢ ᠠᠴᠠ 26 ᠳᠠᠬᠢᠨ ᠳᠡᠭᠡᠭ᠍ᠰᠢᠯᠡᠪᠡ︾ ᠬᠡᠵᠤ ᠰᠠᠨ ᠰᠢᠶᠠ ᠮᠧᠩ ᠨᠧᠩ ᠰᠢᠨᠵᠢᠯᠡᠭᠡ ᠮᠡᠷᠭᠡᠵᠢᠯ ᠤᠨ ᠰᠢᠨᠡᠴᠢᠯᠡᠯᠲᠡ ᠪᠠ ᠲᠤᠭᠠᠴᠢᠯᠠᠯᠲᠠ ᠢᠢᠨ ᠰᠠᠯᠪᠤᠷᠢ ᠵᠢᠨ ᠳᠡᠭᠡᠳᠦ ᠵᠡᠷᠭᠡ ᠢᠢᠨ ᠬᠠᠮᠢᠶᠠᠷᠤᠭᠴᠢ ᠯᠢᠦ ᠴᠠᠩ ᠬᠡᠯᠡᠯ᠎ᠡ᠃

     ᠵᠢᠯᠣᠭᠤᠴᠢ ᠦᠭᠡᠢ ᠨᠢᠰᠭᠡᠯ ᠨᠢ ᠠᠵᠢᠯ ᠤᠨ ᠠᠬᠢᠴᠠ ᠵᠢ ᠲᠦᠷᠭᠡᠳᠭᠡᠭᠰᠡᠨ ᠵᠢᠡᠷ ᠪᠠᠷᠠᠬᠤ ᠦᠭᠡᠢ ᠨᠡᠩ ᠴᠤ ᠭᠡᠷᠡᠯ ᠴᠡᠨᠡᠭ ᠤᠨ ᠴᠠᠬᠢᠯᠭᠠᠨ ᠥᠷᠲᠡᠭᠡᠨ ᠤ︽ᠨᠢᠰᠭᠡ ᠡᠮᠴᠢ︾ ᠪᠤᠯᠤᠯ᠎ᠠ᠃ ᠵᠢᠯᠣᠭᠤᠴᠢ ᠦᠭᠡᠢ ᠨᠢᠰᠭᠡᠯ ᠨᠢ ᠬᠡᠷᠡᠯ ᠴᠡᠨᠡᠭ ᠤᠨ ᠬᠠᠪᠲᠠᠰᠤᠨ ᠤ ᠳᠤᠯᠠᠭᠠᠨ ᠤ ᠵᠥᠷᠢᠶ᠎ᠡ ᠬᠡᠪ ᠤᠨ ᠪᠤᠰᠤ ᠪᠤᠯᠬᠤ ᠵᠢᠴᠢ ᠭᠡᠮᠲᠦᠯ ᠢ ᠨᠠᠷᠢᠯᠢᠭ ᠣᠨᠣᠪᠴᠢᠲᠠᠶ ᠤᠨᠤᠰᠢᠯᠠᠬᠰᠠᠨ ᠤ ᠲᠠᠷᠠᠭ᠎ᠠ AI ᠪᠤᠳᠤᠬᠤ ᠠᠷᠭ᠎ᠠ ᠪᠠᠷ ᠭᠡᠮ ᠰᠤᠭᠤᠭ ᠲᠠᠢ ᠣᠷᠣᠨ ᠪᠦᠰᠡ ᠢᠢᠨ ᠪᠠᠶᠢᠷᠢᠰᠢᠯ ᠢ ᠲᠤᠭᠲᠠᠭᠠᠵᠤ᠂ ᠲᠣᠳᠣᠷᠬᠠᠶ ᠪᠠᠶᠢᠴᠠᠭᠠᠯᠲᠠ ᠢᠢᠨ ᠮᠡᠳᠡᠭᠦᠯᠦᠯᠲᠡ ᠢᠢ ᠪᠣᠶ ᠪᠣᠯᠭᠠᠨ᠎ᠠ᠃ ᠵᠢᠯᠤᠭᠤᠴᠢ ᠦᠭᠡᠢ ᠮᠠᠰᠢᠨ ᠤ ᠠᠦ᠋ᠲ᠋ᠣ᠋ ᠲᠥᠯᠥᠪᠵᠢᠭᠦᠯᠭᠡ ᠢᠢᠨ ᠲᠣᠭᠤᠷᠢᠨ ᠪᠠᠶᠢᠴᠠᠭᠠᠬᠤ ᠱᠤᠭᠤᠮ ᠨᠢ ᠨᠢᠬᠡ ᠬᠡᠷᠡᠯ ᠴᠡᠨᠡᠭ ᠤᠨ ᠬᠠᠪᠳᠠᠰᠤ ᠵᠢ ᠴᠸ ᠣᠷᠬᠢᠭᠳᠠᠭᠤᠯᠬᠤ ᠥᠬᠡᠶ ᠪᠠᠶᠢᠴᠠᠭᠠᠯᠳᠠ ᠬᠢᠬᠦ ᠵᠢ ᠪᠠᠳᠤᠯᠠᠵᠤ᠂ ᠥᠨᠳᠥᠷ ᠲᠤᠳᠤᠴᠠᠲᠤ ᠰᠢᠩᠭᠡᠭᠡᠯᠲᠡ ᠢᠢᠨ ᠮᠠᠰᠢᠨ ᠢᠶᠠᠷ ᠰᠡᠭᠦᠳᠡᠷᠯᠡᠭ᠍ᠰᠡᠨ ᠵᠢᠷᠤᠭ ᠳᠦᠷᠰᠦ ᠡᠴᠡ ᠬᠡᠷᠡᠯ ᠴᠡᠨᠡᠭ ᠤᠨ ᠬᠠᠪᠳᠠᠰᠤᠨ ᠤ ᠪᠤᠬᠢᠷᠳᠤᠭᠰᠠᠨ᠂ ᠴᠠᠪᠠ ᠭᠠᠷᠤᠭᠰᠠᠨ ᠵᠡᠷᠭᠡ ᠢᠢ ᠨᠠᠷᠢᠨ ᠲᠤᠳᠤᠷᠬᠠᠢ ᠬᠠᠷᠠᠭᠤᠯᠵᠤ᠂ ᠠᠵᠢᠯᠴᠢᠳ ᠨᠠᠷᠢᠯᠢᠭ ᠣᠨᠣᠴᠠᠲᠠᠶ ᠵᠠᠰᠠᠪᠤᠷᠢᠯᠠᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃

     ᠮᠡᠳᠡᠭᠡᠵᠢ ᠪᠠᠷ᠂ ᠡ᠊ᠨᠳᠡ ᠰᠠᠯᠬᠢ ᠰᠢᠭᠤᠷᠭ᠎ᠠ ᠲᠠᠢ᠂ ᠨᠡᠷᠡᠨ ᠤ ᠲᠤᠰᠤᠯᠲᠠ ᠴᠢᠩᠭ᠎ᠠ᠂ ᠡᠳᠦᠷ ᠰᠦᠨᠢ ᠢᠢᠨ ᠳᠤᠯᠠᠭᠠᠨ ᠤ ᠵᠥᠷᠢᠶ᠎ᠡ ᠶᠡᠭᠡ ᠮᠥᠷᠲᠡᠭᠡᠨ ᠬᠥᠷᠥᠰᠥ ᠰᠢᠷᠣᠶ ᠢᠢᠨ ᠬᠤᠵᠢᠷᠰᠢᠭᠰᠠᠨ ᠪᠠᠶᠢᠳᠠᠯ ᠬᠦᠨᠳᠦ ᠨᠣᠴᠢᠲᠠᠶ ᠪᠤᠯᠬᠤᠷ ᠲᠤᠨᠤᠭ ᠲᠥᠬᠦᠭᠡᠷᠦᠮᠵᠢ ᠵᠢᠨ ᠢᠳᠡᠭᠳᠡᠯ ᠴᠢᠩᠭ᠎ᠠ ᠪᠠᠶᠢᠵᠤ᠂ ᠨᠠᠩ ᠴᠤ ᠲᠦᠢᠯ ᠤᠨ ᠴᠠᠭ ᠠᠭᠠᠷ ᠤᠨ ᠪᠠᠶᠢᠳᠠᠯ ᠲᠤᠤᠷ᠎ᠠ ᠲᠤᠭᠤᠷᠢᠨ ᠪᠠᠶᠢᠴᠠᠭᠠᠯᠲᠠ ᠢᠢ ᠵᠥᠪᠬᠡᠨ ᠵᠢᠯᠤᠭᠤᠴᠢ ᠦᠭᠡᠢ ᠨᠢᠰᠭᠡᠯ ᠭᠦᠢᠴᠡᠳᠭᠡᠵᠦ ᠳᠡᠶᠢᠯᠳᠡᠭ ᠪᠠᠶᠢᠨ᠎ᠠ᠃ ᠥᠪᠥᠷ ᠮᠣᠩᠭᠤᠯ ᠤᠨ ᠬᠤᠸᠠ ᠨᠧᠩ ᠬᠥᠪᠴᠢ ᠢᠢᠨ ᠡᠨᠧᠷᠭᠢ ᠢᠢᠨ ᠬᠢᠵᠠᠭᠠᠷᠲᠤ ᠺᠣᠮᠫᠠᠨᠢ ᠢᠢᠨ ᠬᠠᠷᠢᠭᠤᠴᠠᠯᠭᠠᠲᠠᠨ ᠫᠠᠨ ᠢᠦᠶ ᠵᠢᠨ ᠬᠡᠯᠡᠬᠦ ᠪᠠᠷ᠂ ᠡᠷᠬᠡᠪᠰᠢ ᠰᠢᠨᠵᠢᠯᠡᠭᠡ ᠮᠡᠷᠭᠡᠵᠢᠯ ᠢ ᠠᠰᠢᠬᠯᠠᠵᠤ ᠥᠨᠳᠥᠷ ᠪᠦᠲᠦᠮᠵᠢᠲᠡᠢ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠢᠨᠠᠯᠳᠠ ᠢᠢᠨ ᠵᠠᠭᠪᠤᠷ ᠢ ᠬᠠᠶᠢᠨ ᠰᠦᠪᠡᠭ᠍ᠴᠢᠯᠡᠵᠦ᠂ ᠣᠶᠤᠨᠴᠢ ᠬᠠᠮᠠᠭᠠᠯᠠᠯᠳᠠ ᠵᠢᠨ ᠬᠢᠷᠢ ᠲᠦᠪᠰᠢᠨ ᠢᠶᠠᠨ ᠳᠡᠭᠡᠭ᠍ᠰᠢᠯᠡᠭᠦᠯᠬᠦ ᠬᠡᠷᠡᠭ᠍ᠲᠡᠢ ᠬᠡᠯ᠎ᠡ᠃ ᠲᠡᠳᠡ ᠵᠢᠯᠣᠭᠤᠴᠢ ᠥᠬᠡᠶ ᠨᠢᠰᠭᠡᠯ ᠤᠨ ᠬᠡᠷᠡᠯ ᠵᠢᠷᠤᠭ ᠤᠨ ᠬᠡᠮᠵᠢᠯᠲᠡ ᠢᠢᠨ ᠮᠡᠷᠭᠡᠵᠢᠯ ᠢ ᠬᠡᠷᠡᠭ᠍ᠯᠡᠭ᠍ᠰᠡᠨ ᠠᠴᠠ ᠬᠤᠶᠠᠷ ᠭᠠᠷᠠᠭ ᠤᠨ ᠬᠤᠭᠤᠴᠠᠭᠠᠨ ᠳᠤ ᠪᠠᠷᠤᠭ 6 ᠲᠦᠮᠡ ᠭᠠᠷᠤᠶ ᠮᠥ ᠭᠠᠵᠠᠷ ᠤᠨ ᠬᠡᠮᠵᠢᠯᠲᠡ ᠢᠢ ᠪᠡᠶᠡᠯᠡᠭᠦᠯᠵᠦ᠂ ᠲᠣᠭᠠᠴᠢᠯᠠᠭᠰᠠᠨ ᠭᠠᠵᠠᠷ ᠤᠨ ᠭᠠᠳᠠᠷᠭᠤ ᠢᠢᠨ ᠵᠠᠭᠪᠤᠷ ᠢ ᠪᠣᠶ ᠪᠣᠯᠭᠠᠬᠰᠠᠨ ᠪᠠᠶᠢᠪᠠ᠃ ᠵᠢᠯᠣᠭᠤᠴᠢ ᠥᠬᠡᠶ ᠨᠢᠰᠭᠡᠯ ᠤᠨ ᠲᠣᠭᠤᠷᠢᠨ ᠪᠠᠶᠢᠴᠠᠭᠠᠬᠤ ᠰᠢᠰᠲ᠋ᠧᠮ ᠤᠨ ᠲᠣᠭᠲᠠᠭᠤᠨ ᠢᠶᠠᠷ ᠠᠵᠢᠯᠯᠠᠬᠤ ᠢᠢ ᠪᠠᠲᠤᠯᠠᠬᠤ ᠢᠢᠨ ᠲᠥᠯᠥᠭᠡ ᠲᠣᠰ ᠺᠣᠮᠫᠠᠨᠢ ᠪᠠᠰᠠ ᠪᠠᠷᠢᠮᠵᠢᠶᠠᠵᠢᠭᠤᠯᠤᠭᠰᠠᠨ ᠠᠵᠢᠯ ᠤᠨ ᠶᠠᠪᠤᠴᠠ ᠢᠢ ᠪᠤᠢ ᠪᠤᠯᠭᠠᠵᠤ ᠡᠭᠦᠷᠭᠡ ᠢᠢᠨ ᠲᠥᠯᠥᠪᠵᠢᠭᠦᠯᠭᠡ᠂ ᠨᠢᠰᠦᠯᠲᠡ ᠢᠢ ᠭᠦᠢᠴᠡᠳᠭᠡᠬᠦ ᠠᠴᠠ ᠲᠤᠭ᠎ᠠ ᠪᠠᠷᠢᠮᠲᠠ ᠢᠢᠨ ᠰᠢᠢᠳᠪᠦᠷᠢᠯᠡᠯᠲᠡ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠲᠣᠳᠣᠷᠬᠠᠶ ᠠᠵᠢᠯᠯᠠᠬᠤ ᠲᠦᠷᠢᠮ ᠪᠠ ᠮᠡᠷᠭᠡᠵᠢᠯ ᠤᠨ ᠪᠠᠷᠢᠮᠵᠢᠶ᠎ᠠ ᠲᠠᠢ ᠪᠤᠯᠭᠠᠪᠠ᠃ ᠡᠭᠦᠨ ᠤ ᠬᠠᠮᠲᠤ ᠲᠤᠰᠬᠠᠶ ᠮᠡᠷᠭᠡᠵᠢᠯ ᠤᠨ ᠪᠣᠯᠪᠠᠰᠤᠷᠠᠯ ᠢᠶᠠᠷ ᠳᠠᠮᠵᠢᠭᠤᠯᠤᠨ ᠠᠵᠢᠯᠲᠠᠨ ᠨᠢᠭᠡ ᠪᠦᠷᠢ ᠢᠢ ᠴᠥᠮ ᠰᠢᠨ᠎ᠡ ᠮᠡᠷᠭᠡᠵᠢᠯ ᠢ ᠡᠵᠡᠮᠰᠢᠭᠦᠯᠵᠡᠢ᠃ ᠲᠡᠳᠡ ᠲᠥᠪ ᠡᠵᠡᠮᠰᠢᠯ ᠤᠨ ᠲᠠᠰᠤᠭ ᠲᠤ ᠤᠶᠤᠨᠴᠢ ᠬᠠᠮᠠᠭᠠᠯᠠᠯᠳᠠ ᠵᠢᠨ ᠲᠠᠪᠴᠠᠩ ᠢ ᠠᠰᠢᠬᠯᠠᠨ ᠪᠦᠬᠦ ᠲᠠᠯᠠᠪᠠᠢ ᠢᠢᠨ ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠢᠢ ᠲᠣᠭᠤᠷᠢᠨ ᠪᠠᠶᠢᠴᠠᠭᠠᠬᠤ ᠠᠵᠢᠯ ᠢ ᠪᠡᠶᠡᠯᠡᠭᠦᠯᠳᠡᠭ ᠪᠠᠶᠢᠨ᠎ᠠ᠃

      ︽ᠳ᠋ᠠ ᠵᠢᠶᠠᠩ ᠤᠨ ᠵᠢᠯᠣᠭᠤᠴᠢ ᠥᠬᠡᠶ ᠨᠢᠰᠭᠡᠯ ᠢᠶᠠᠷ ᠳᠠᠮᠵᠢᠭᠤᠯᠤᠨ ᠴᠠᠬᠢᠯᠭᠠᠨ ᠬᠦᠷᠭᠡᠬᠦ ᠱᠤᠭᠤᠮ ᠪᠤᠯᠤᠨ ᠰᠤᠪᠤᠷᠭ᠎ᠠ ᠢᠢᠨ ᠵᠢᠶᠠᠰᠠ ᠢᠢ ᠲᠣᠭᠤᠷᠢᠨ ᠪᠠᠶᠢᠴᠠᠭᠠᠵᠤ ᠴᠠᠭ ᠲᠤᠬᠠᠶ ᠳᠤᠨᠢ ᠭᠡᠮᠲᠦᠯ ᠤᠨ ᠵᠠᠳᠠᠯᠤᠯᠲᠠ ᠬᠢᠨ᠎ᠡ᠃ ᠲᠤᠭᠠᠴᠢᠯᠠᠬᠰᠠᠨ ᠮᠡᠷᠭᠡᠵᠢᠯ ᠤᠨ ᠠᠰᠢᠬᠯᠠᠯᠳᠠ ᠨᠢ ᠠᠮᠤᠷ ᠲᠦᠪᠰᠢᠨ ᠢᠶᠠᠷ ᠪᠥᠬᠦ ᠲᠠᠯ᠎ᠠ ᠢᠢᠨ ᠪᠠᠲᠤᠯᠠᠭ᠎ᠠ ᠢᠢ ᠬᠠᠡᠭᠭᠠᠵᠤ ᠪᠠᠶᠢᠨ᠎ᠠ︾ ᠬᠡᠵᠤ ᠥᠪᠥᠷ ᠮᠣᠩᠭᠤᠯ ᠤᠨ ᠬᠤᠸᠠ ᠨᠧᠩ ᠬᠥᠪᠴᠢ ᠢᠢᠨ ᠡᠨᠧᠷᠭᠢ ᠢᠢᠨ ᠬᠢᠵᠠᠭᠠᠷᠲᠤ ᠺᠣᠮᠫᠠᠨᠢ ᠢᠢᠨ ᠬᠠᠷᠢᠭᠤᠴᠠᠯᠭᠠᠲᠠᠨ ᠫᠠᠨ ᠢᠦᠶ ᠰᠡᠳᠬᠢᠯ ᠬᠠᠨᠤᠮᠵᠢᠳᠠᠢ ᠶᠠᠷᠢᠨ᠎ᠠ᠃ ᠣᠳᠣᠬᠠᠨ ᠳᠤ ᠳ᠋ᠠ ᠵᠢᠶᠠᠩ ᠺᠤᠮᠫᠠᠨᠢ ᠢᠢᠨ ᠦᠢᠯᠡᠳᠦᠭᠰᠡᠨ ᠬᠠᠮᠤᠭ ᠤᠨ ᠰᠢᠨ᠎ᠡ ᠨᠢᠭᠡ ᠦᠶ᠎ᠡ ᠢᠢᠨ ᠵᠢᠯᠣᠭᠤᠴᠢ ᠥᠬᠡᠶ ᠨᠢᠰᠭᠡᠯ ᠨᠢ ᠬᠥᠮᠦᠨ ᠢ ᠤᠷᠤᠯᠠᠨ ᠵᠢᠵᠢᠭᠦᠷᠯᠡᠨ ᠰᠠᠬᠢᠬᠤ ᠪᠠ ᠤᠶᠤᠨᠴᠢᠯᠠᠭᠰᠠᠨ ᠲᠣᠭᠤᠷᠢᠨ ᠪᠠᠶᠢᠴᠠᠭᠠᠬᠤ ᠲᠠᠪᠠᠭᠤᠯᠢᠭ ᠲᠠᠯ᠎ᠠ ᠪᠠᠷ ᠵᠢᠡᠨ ᠰᠢᠨ᠎ᠡ ᠡᠨᠧᠷᠭᠢ ᠢᠢ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠣᠶᠤᠨᠴᠢ ᠬᠠᠮᠠᠭᠠᠯᠠᠯᠳᠠ ᠵᠢᠨ ᠲᠡᠪᠴᠡᠡᠭ ᠤᠨ ᠰᠠᠭᠤᠷᠢ ᠢᠢ ᠲᠠᠯᠪᠢᠵᠤ ᠪᠠᠶᠢᠨ᠎ᠠ᠃ ᠰᠠᠯᠬᠢᠨ ᠬᠦᠴᠦᠨ᠂ ᠭᠡᠷᠡᠯ ᠴᠡᠨᠡᠭ ᠵᠡᠷᠭᠡ ᠪᠠᠷ ᠲᠥᠯᠦᠭᠡᠯᠡᠭᠦᠯᠦᠭ᠍ᠰᠡᠨ ᠳᠠᠬᠢᠨ ᠡᠭᠦᠰᠴᠦ ᠪᠣᠯᠬᠤ ᠡᠨᠧᠷᠭᠢ ᠨᠢ ᠶᠠᠭ ᠰᠢᠨ᠎ᠡ ᠡᠨᠧᠷᠭᠢ ᠢᠢᠨ ᠬᠤᠪᠢᠰᠤᠯᠳᠠ ᠵᠢ ᠡᠭᠦᠰᠬᠡᠵᠤ ᠪᠠᠶᠢᠭ᠎ᠠ ᠡᠨᠡ ᠡᠷᠡᠨ ᠳᠤ ᠵᠢᠯᠣᠭᠤᠴᠢ ᠥᠬᠡᠶ ᠨᠢᠰᠭᠡᠯ+AI ᠲᠣᠭᠤᠷᠢᠨ ᠪᠠᠶᠢᠴᠠᠭᠠᠬᠤ ᠮᠡᠷᠭᠡᠵᠢᠯ ᠤᠨ ᠬᠡᠷᠡᠭ᠍ᠯᠡᠯᠲᠡ ᠨᠢ ᠰᠢᠨ᠎ᠡ ᠡᠨᠧᠷᠭᠢ ᠢᠢᠨ ᠲᠥᠷᠥᠯ ᠵᠦᠢᠯ ᠢ ᠡᠯᠡᠰᠦᠨ ᠴᠦᠯ ᠳᠤ ᠬᠦᠨ ᠥᠨᠳᠦᠰᠦᠯᠡᠭᠦᠯᠵᠦ᠂ ᠴᠡᠪᠡᠷ ᠴᠠᠬᠢᠯᠭᠠᠨ ᠨᠢᠭᠡᠪᠦᠷᠢ ᠢᠢᠨ ᠡᠭᠦᠰᠦᠯ ᠳᠤ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠲᠡ ᠢᠢᠨ ᠬᠦᠴᠦᠨ ᠢ ᠨᠢᠭᠲᠠᠷᠠᠭᠤᠯᠤᠬᠰᠠᠨ ᠪᠦᠭᠡᠳ ᠨᠤᠮᠢᠨ ᠨᠣᠭᠤᠭᠠᠨ ᠤᠶᠢᠵᠢᠭᠤᠯᠤᠯᠳᠠ ᠵᠢᠨ ᠲᠠᠯᠠᠪᠠᠢ ᠨᠢ ᠬᠥᠮᠦᠨ ᠪᠣᠯᠤᠨ ᠪᠠᠶᠢᠭᠠᠯᠢ ᠢᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠵᠢ ᠭᠡᠷᠡᠴᠢᠯᠡᠨ᠂ ᠡᠯᠡᠰᠦᠨ ᠴᠦᠯ ᠤᠨ ᠠᠮᠢ ᠠᠬᠤᠢ ᠢᠢ ᠰᠡᠷᠭᠦᠭᠡᠬᠦ ᠪᠠ ᠠᠵᠤ ᠠᠬᠤᠢ ᠢᠢᠨ ᠦᠷ᠎ᠡ ᠠᠰᠢᠭ ᠢ ᠳᠡᠭᠡᠭ᠍ᠰᠢᠯᠡᠬᠦᠯᠬᠦ ᠬᠤᠣᠰ ᠠᠮᠵᠢᠯᠲᠠ ᠢᠢ ᠪᠡᠶᠡᠯᠡᠭᠦᠯᠪᠡ᠃

    ︽ᠬᠤᠣᠰ ᠨᠡᠭᠦᠷᠡᠰᠦᠲᠥ᠋ᠷᠥᠭ᠍ᠴᠢ︾ ᠢᠢᠨ ᠠᠬᠤᠢ ᠪᠠᠶᠢᠳᠠᠯ ᠳᠣᠣᠷ᠎ᠠ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭ᠍ᠵᠢᠭᠦᠯᠬᠦ ᠪᠠ ᠨᠡᠭᠦᠷᠡᠰᠦᠲᠥ᠋ᠷᠥᠭ᠍ᠴᠢ ᠪᠠᠭ᠎ᠠ ᠭᠠᠳᠠᠭᠰᠢᠯᠠᠭᠤᠯᠬᠤ ᠡᠨᠧᠷᠭᠢ ᠢᠢᠨ ᠠᠵᠤ ᠦᠢᠯᠡᠰ ᠢ ᠬᠦᠭᠵᠢᠭᠦᠯᠭᠦ ᠪᠣᠯ ᠵᠠᠶᠢᠯᠠᠰᠢ ᠦᠭᠡᠢ ᠰᠣᠩᠭᠤᠯᠲᠠ ᠪᠣᠯᠤᠨ᠎ᠠ᠂ ᠥᠪᠥᠷ ᠮᠣᠩᠭᠤᠯ ᠳᠤ ᠰᠢᠨ᠎ᠡ ᠡᠨᠧᠷᠭᠢ ᠢᠢᠨ ᠡᠬᠢ ᠪᠠᠶᠠᠯᠢᠭ ᠢ ᠨᠡᠭᠡᠭᠡᠨ ᠬᠥᠭ᠍ᠵᠢᠭᠦᠯᠵᠦ ᠪᠣᠯᠬᠤ ᠯᠤᠲᠤ ᠶᠡᠭᠡ ᠳᠠᠯᠳᠠ ᠬᠦᠴᠦᠨ ᠪᠠᠶᠢᠬᠤ ᠮᠥᠷᠲᠡᠭᠡᠨ ᠠᠮᠢ ᠠᠬᠤᠢ ᠢᠢᠨ ᠵᠠᠰᠠᠯᠲᠠ ᠢᠢᠨ ᠲᠠᠯ᠎ᠠ ᠪᠠᠷ ᠶᠡᠭᠡ ᠤᠷᠤᠨ ᠵᠠᠢ ᠲᠠᠢ ᠪᠠᠶᠢᠨ᠎ᠠ᠃ ᠰᠠᠭᠤᠷᠢᠨ ᠭᠠᠵᠠᠷ ᠤᠨ ᠵᠢᠯᠣᠭᠤᠴᠢ ᠥᠬᠡᠶ ᠨᠢᠰᠭᠡᠯ ᠢ ᠠᠰᠢᠬᠯᠠᠬᠰᠠᠨ ᠨᠢ ᠬᠦᠪᠴᠢ ᠵᠢᠨ ᠡᠯᠡᠰᠦᠨ ᠴᠥᠯ ᠤᠨ ᠤᠷᠴᠢᠨ ᠠᠬᠤᠢ ᠳ᠋ᠡᠬᠢ ᠰᠢᠨ᠎ᠡ ᠡᠨᠧᠷᠭᠢ ᠵᠢᠨ ᠠᠵᠤ ᠦᠢᠯᠡᠰ ᠲᠸ᠋ ᠮᠠᠰᠢ ᠲᠦᠭᠦᠮ ᠢ ᠠᠪᠴᠢᠷᠠᠬᠰᠠᠨ ᠪᠦᠬᠡᠳ ᠪᠠᠰᠠ ᠠᠮᠢ ᠠᠬᠤᠶ ᠢᠢᠨ ᠵᠠᠰᠠᠯᠲᠠ ᠢᠢᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠥᠯᠥᠪᠵᠢᠭᠦᠯᠭᠡ ᠳᠤ ᠡᠷᠴᠢᠲᠡᠢ ᠬᠦᠴᠦᠨ ᠬᠠᠩᠭᠠᠭᠰᠠᠨ ᠪᠠᠶᠢᠨ᠎ᠠ᠃ 

ᠰᠠᠯᠬᠢ ᠰᠢᠭᠤᠷᠭ᠎ᠠ ᠲᠡᠭᠳᠡᠭᠰᠡᠨ ᠡᠯᠡᠰᠦᠨ ᠴᠦᠯ ᠡᠴᠡ ᠰᠢᠨ᠎ᠡ ᠡᠨ᠋ᠸᠷᠬᠢ ᠵᠢᠨ ᠪᠤᠬᠢᠷᠳᠤᠯ ᠦᠭᠡᠢ ᠠᠵᠤ ᠦᠢᠯᠡᠰ ᠬᠦᠪᠦᠷᠡᠵᠤ᠂ ᠰᠢᠷᠭᠠᠯ ᠮᠠᠡᠭᠬ᠎ᠠ ᠨᠢ ᠰᠢᠨ᠎ᠡ ᠡᠨ᠋ᠸᠷᠬᠢ ᠵᠢᠨ ᠰᠠᠭᠤᠷᠢᠨ ᠭᠠᠵᠠᠷ ᠪᠤᠯᠵᠤ᠂ ᠠᠮᠢ ᠠᠬᠤᠢ ᠨᠢ ᠰᠠᠶᠢᠵᠢᠷᠠᠵᠤ ᠠᠵᠤ ᠠᠬᠤᠶᠢᠯᠠᠯ ᠨᠢ ᠪᠤᠵᠠᠭᠠᠶᠢᠷᠠᠵᠤ ᠪᠠᠶᠢᠨ᠎ᠠ᠃ ᠡ᠊ᠨᠳᠡ ᠪᠤᠬᠢᠷᠳᠤᠯ ᠦᠭᠡᠢ ᠴᠠᠬᠢᠯᠭᠠᠨ ᠪᠦᠷᠢ ᠡᠴᠡ ᠰᠢᠨᠵᠢᠯᠡᠬᠡ ᠮᠡᠷᠭᠡᠵᠢᠯ ᠤᠨ ᠰᠢᠨ᠎ᠡ ᠡᠭᠦᠳᠦᠯᠳᠡ ᠵᠢᠨ ᠨᠢᠬᠳᠠᠷᠠᠯ ᠤᠨ ᠬᠦᠴᠦᠨ ᠢ ᠬᠠᠷᠠᠭᠤᠯᠵᠤ᠂ ᠨᠤᠮᠢᠨ ᠨᠤᠭᠤᠭᠠᠨ ᠲᠠᠯᠠᠪᠠᠢ ᠪᠦᠷᠢ ᠡᠴᠡ ᠬᠦᠮᠦᠨ ᠪᠠᠶᠢᠭᠠᠯᠢ ᠵᠢᠨ ᠡᠶ᠎ᠡ ᠵᠤᠬᠢᠴᠠᠡᠭᠭᠤᠢ ᠵᠢᠷᠤᠭ ᠲᠦᠷᠰᠦ ᠢᠯᠡᠷᠡᠵᠤ᠂ ᠰᠢᠨ᠎ᠡ ᠡᠨ᠋ᠸᠷᠬᠢ ᠵᠢᠨ ᠬᠦᠭᠵᠢᠯᠲᠡ ᠵᠢᠨ ᠢᠷᠡᠭᠡᠳᠦᠢ ᠲᠤᠲᠤᠷᠠᠨᠠᠮ᠃