︽ᠪᠢ ᠪᠤᠯ ᠨᠢᠬᠡᠨ ᠲᠠᠷᠢᠶᠠᠴᠢᠨ ᠬᠦᠮᠦᠨ᠂ ᠦᠡᠭᠭᠡᠷᠡᠭᠰᠡᠨ ᠳᠤ ᠶᠠᠯ᠎ᠠ ᠬᠢᠭᠰᠡᠨ ᠦᠬᠡᠢ᠂ ᠡᠨᠡ ᠤᠳᠠᠭ᠎ᠠ ᠤᠬᠠᠭᠠᠨ ᠲᠦᠬᠡᠷᠢᠵᠦ ᠬᠡᠳᠦᠨ ᠬᠤᠨᠢ ᠬᠤᠯᠠᠭᠠᠶᠢᠯᠠᠵᠤ ᠬᠤᠳᠠᠯᠳᠤᠭᠠᠳ ᠬᠠᠤᠯᠢ ᠴᠠᠭᠠᠵᠠ ᠲᠠᠢ ᠬᠠᠯᠳᠠᠭᠰᠠᠨ ᠪᠠᠶᠢᠨ᠎ᠠ᠂ ᠪᠠᠶᠢᠴᠠᠭᠠᠬᠤ ᠪᠠᠶᠢᠭᠤᠯᠭ᠎ᠠ ᠨᠠᠮ᠎ᠠ ᠳᠤ ᠬᠦᠡᠭᠭᠡᠨ ᠰᠶᠢᠳᠬᠡᠵᠦ ᠦᠭᠬᠦ ᠵᠢ ᠬᠦᠰᠡᠵᠦ ᠪᠠᠶᠢᠨ᠎ᠠ᠂ ᠪᠢ ᠦᠪᠡᠷ ᠤᠨ ᠪᠤᠷᠤᠭᠤ ᠪᠠᠨ ᠨᠢᠬᠡᠨᠳᠡ ᠲᠠᠨᠢᠵᠤ ᠤᠯᠪᠠ︾᠃
2024 ᠤᠨ ᠤ 3 ᠰᠠᠷ᠎ᠠ ᠵᠢᠨ 2 ᠤ ᠡᠳᠦᠷ᠂ ᠨᠤᠤ ᠤᠪᠤᠭᠳᠤ ᠮᠠᠰᠢᠨ ᠲᠡᠷᠬᠡ ᠵᠢᠯᠤᠭᠤᠳᠤᠨ ᠦᠦᠰᠢᠨ ᠬᠤᠰᠢᠭᠤᠨ ᠤ XX ᠲᠤᠰᠬᠤᠨ ᠳᠤ ᠬᠦᠷᠴᠦ᠂ ᠡᠷᠳᠡᠨᠢ ᠰᠢᠰᠢ ᠪᠡᠷ ᠬᠤᠨᠢᠨ ᠰᠦᠷᠦᠭ ᠢ ᠬᠠᠭᠤᠷᠴᠤ ᠬᠤᠤᠷᠯᠠᠭᠳᠠᠭᠴᠢ ᠵᠢᠨ ᠭᠤᠷᠪᠠᠨ ᠢᠮᠠᠭ᠎ᠠ ᠵᠢ ᠬᠤᠯᠠᠭᠠᠶᠢᠯᠠᠨ ᠠᠪᠴᠢᠷᠠᠵᠠᠢ᠃ ᠰᠡᠬᠦᠯᠡᠷ ᠨᠢ ᠨᠤᠤ ᠤᠪᠤᠭᠳᠤ ᠬᠤᠯᠠᠭᠠᠶᠢᠯᠠᠭᠰᠠᠨ ᠭᠤᠷᠪᠠᠨ ᠢᠮᠠᠭ᠎ᠠ ᠪᠠᠨ ᠬᠤᠳᠠᠯᠳᠤᠭᠠᠳ 4500 ᠲᠦᠬᠦᠷᠢᠭ ᠤᠨ ᠠᠰᠢᠭ ᠤᠯᠵᠠᠢ᠃
ᠬᠢᠨᠠᠨ ᠪᠠᠶᠢᠴᠠᠭᠠᠬᠤ ᠪᠡᠷ ᠲᠠᠮᠵᠢᠨ ᠨᠤᠤ ᠤᠪᠤᠭᠳᠤ ᠵᠢᠨ ᠬᠤᠯᠠᠭᠠᠶᠢᠯᠠᠭᠰᠠᠨ ᠠᠵᠢᠯᠯᠠᠭ᠎ᠠ ᠨᠢ ᠡᠷᠡᠬᠦᠦ ᠵᠢᠨ ᠬᠡᠷᠡᠭ ᠤᠨ ᠶᠠᠯ᠎ᠠ ᠳᠤ ᠬᠦᠷᠦᠭᠰᠡᠨ ᠪᠠᠶᠢᠨ᠎ᠠ᠃ ᠬᠡᠷᠡᠭ ᠭᠠᠷᠭᠠᠭᠰᠠᠨ ᠤ ᠲᠠᠷᠠᠭ᠎ᠠ ᠬᠠᠤᠯᠢ ᠵᠢ ᠵᠦᠷᠢᠴᠡᠭᠰᠡᠨ ᠦᠢᠯᠡ ᠠᠵᠢᠯᠯᠠᠭ᠎ᠠ ᠬᠢᠭᠰᠡᠨ ᠬᠡᠳᠡᠭ ᠵᠢᠠᠨ ᠰᠡᠷᠡᠵᠦ ᠮᠡᠳᠡᠬᠡᠳ ᠤᠬᠠᠭᠠᠷᠠᠨ ᠰᠡᠬᠡᠬᠡᠷᠡᠵᠦ᠂ ᠰᠠᠨᠠᠭᠠᠴᠢᠯᠠᠭ᠎ᠠ ᠡᠴᠡ ᠪᠠᠨ ᠲᠤᠮᠢᠯᠠᠭᠰᠠᠨ ᠰᠠᠯᠪᠤᠷᠢ ᠳᠤ ᠤᠴᠢᠵᠤ ᠶᠠᠯ᠎ᠠ ᠪᠠᠨ ᠬᠦᠯᠢᠶᠡᠵᠦ᠂ ᠪᠠᠶ᠎ᠠ ᠪᠠᠨ ᠲᠤᠰᠢᠶᠠᠭᠰᠠᠨ ᠪᠦᠬᠡᠳ ᠬᠤᠬᠢᠷᠠᠯ ᠠᠮᠰᠠᠭᠴᠢ ᠳᠤ ᠲᠦᠯᠦᠪᠦᠷᠢ ᠦᠭᠴᠦ ᠠᠭᠤᠴᠢᠯᠠᠯ ᠢ ᠤᠯᠵᠤ᠂ ᠰᠡᠶᠢᠨ ᠲᠤᠷ᠎ᠠ ᠡᠴᠡ ᠪᠠᠨ ᠶᠠᠯ᠎ᠠ ᠪᠠᠨ ᠮᠡᠳᠡᠷᠡᠵᠦ ᠰᠶᠢᠳᠬᠡᠯ ᠢ ᠬᠦᠯᠢᠶᠡᠪᠡ᠃ ᠪᠠᠶᠢᠴᠠᠭᠠᠬᠤ ᠲᠤᠰᠢᠶᠠᠯᠳᠠᠨ ᠡᠴᠡ ᠬᠡᠷᠡᠭ ᠤᠨ ᠪᠤᠳᠠᠳᠤ ᠪᠠᠶᠢᠳᠠᠯ ᠢ ᠦᠨᠳᠦᠰᠦᠯᠡᠵᠦ᠂ ᠨᠤᠤ ᠤᠪᠤᠭᠳᠤ ᠳᠤ ᠦᠯᠢᠦ ᠵᠠᠭᠠᠯᠳᠤᠬᠤ ᠲᠤᠭᠳᠠᠭᠠᠯ ᠭᠠᠷᠭᠠᠪᠠ᠃ ᠦᠯᠦ ᠵᠠᠭᠠᠯᠳᠤᠭᠰᠠᠨ ᠬᠡᠷᠡᠭ ᠢ ᠵᠠᠰᠠᠭ ᠵᠠᠬᠢᠷᠭᠠᠨ ᠵᠢᠡᠷ ᠰᠶᠢᠳᠬᠡᠬᠦ ᠪᠤᠯ ᠰᠢᠨ᠎ᠠ ᠦᠶ᠎ᠠ ᠳᠤ ᠬᠦᠡᠭᠭᠡᠨ ᠶᠠᠯ᠎ᠠ ᠬᠢᠭᠰᠡᠳ ᠢ ᠵᠠᠯᠬᠠᠭᠠᠬᠤ ᠴᠢᠬᠤᠯᠠ ᠭᠤᠭᠴᠤᠭ᠎ᠠ ᠪᠤᠯᠤᠨ᠎ᠠ᠃ ᠠᠭᠤᠴᠢᠯᠠᠬᠤ ᠪᠠ ᠴᠢᠡᠭᠭ᠎ᠠ ᠰᠶᠢᠳᠬᠡᠬᠦ ᠵᠢ ᠬᠤᠤᠰᠯᠠᠭᠤᠯᠬᠤ᠂ ᠬᠡᠳᠦᠷᠡᠬᠦᠯᠦᠨ ᠰᠶᠢᠳᠬᠡᠬᠦ ᠡᠴᠡ ᠵᠠᠶᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠦᠦᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠦᠡᠭᠭᠡᠨ ᠶᠠᠯ᠎ᠠ ᠬᠢᠭᠰᠡᠳ ᠢ ᠵᠠᠯᠬᠠᠭᠠᠬᠤ ᠠᠵᠢᠯ ᠢ ᠲᠡᠭᠡᠳᠦ ᠬᠡᠮᠵᠢᠶ᠎ᠠ ᠪᠡᠷ ᠴᠢᠬᠤᠯᠠᠴᠢᠯᠠᠵᠤ᠂ ᠪᠤᠳᠠᠳᠤ ᠬᠡᠷᠡᠭ ᠤᠨ ᠪᠠᠶᠢᠳᠠᠯ ᠢ ᠦᠨᠳᠦᠰᠦᠯᠡᠨ᠂ ᠬᠠᠤᠯᠢ ᠶᠤᠰᠤᠭᠠᠷ ᠦᠯᠦ ᠵᠠᠭᠠᠯᠳᠤᠵᠤ᠂ ᠡᠷᠡᠬᠦᠦ ᠰᠶᠢᠳᠬᠡᠯ ᠢ ᠦᠯᠦ ᠤᠨᠤᠭᠳᠠᠭᠤᠯᠤᠨ ᠵᠠᠰᠠᠭ ᠵᠠᠬᠢᠷᠭᠠᠨ ᠵᠢᠡᠷ ᠰᠶᠢᠳᠬᠡᠬᠦ ᠵᠢ ᠠᠡᠭᠬᠠᠷᠪᠠ᠃
ᠦᠯᠦ ᠵᠠᠭᠠᠯᠳᠤᠬᠤ ᠲᠤᠭᠳᠠᠭᠠᠯ ᠭᠠᠷᠭᠠᠭᠰᠠᠨ ᠤ ᠲᠠᠷᠠᠭ᠎ᠠ᠂ ᠪᠠᠶᠢᠴᠠᠭᠠᠬᠤ ᠲᠤᠰᠢᠶᠠᠯᠳᠠ ᠡᠴᠡ ᠪᠠᠶᠢᠴᠠᠭᠠᠬᠤ ᠪᠠᠶᠢᠭᠤᠯᠭ᠎ᠠ ᠵᠢᠨ ᠡᠷᠡᠬᠦᠦ ᠰᠶᠢᠳᠬᠡᠯ ᠢ ᠦᠯᠦ ᠤᠨᠤᠭᠳᠠᠭᠤᠯᠤᠨ ᠵᠠᠰᠠᠭ ᠵᠠᠬᠢᠷᠭᠠᠨ ᠵᠢᠡᠷ ᠰᠶᠢᠳᠬᠡᠬᠦ ᠲᠤᠭᠳᠠᠭᠠᠯ ᠢ ᠦᠨᠳᠦᠰᠦᠯᠡᠨ᠂ ᠵᠠᠭᠠᠯᠳᠤᠭᠳᠠᠭᠴᠢ ᠨᠤᠤ ᠤᠪᠤᠭᠳᠤ ᠵᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠸ᠋ ᠰᠢᠯᠵᠢᠬᠦᠯᠦᠨ ᠵᠠᠯᠬᠠᠭᠠᠬᠤ ᠰᠠᠨᠠᠭᠤᠯᠭ᠎ᠠ ᠭᠠᠷᠭᠠᠪᠠ᠃ 2024 ᠤᠨ ᠤ 7 ᠰᠠᠷ᠎ᠠ ᠵᠢᠨ 9 ᠤ ᠡᠳᠦᠷ᠂ ᠵᠠᠰᠠᠭ ᠵᠠᠬᠢᠷᠭᠠᠨ ᠤ ᠰᠠᠯᠠᠭ᠎ᠠ ᠮᠦᠴᠢᠷ ᠡᠴᠡ ᠲᠤᠲᠤᠭᠠᠳᠤ ᠵᠢ ᠬᠠᠮᠠᠭᠠᠯᠠᠬᠤ ᠪᠠᠶᠢᠭᠤᠯᠭ᠎ᠠ ᠳᠤ ︽ᠰᠠᠨᠠᠭᠤᠯᠭ᠎ᠠ ᠵᠢᠨ ᠪᠢᠴᠢᠭ︾ ᠭᠠᠷᠭᠠᠵᠤ᠂ ᠦᠯᠦ ᠵᠠᠭᠠᠯᠳᠤᠭᠳᠠᠭᠴᠢ ᠨᠤᠤ ᠤᠪᠤᠭᠳᠤ ᠳᠤ ᠵᠠᠰᠠᠭ ᠵᠠᠬᠢᠷᠭᠠᠨ ᠤ ᠰᠶᠢᠳᠬᠡᠯ ᠦᠭᠬᠦ ᠵᠢ ᠰᠠᠨᠠᠭᠤᠯᠪᠠ᠃
ᠪᠠᠶᠢᠴᠠᠭᠠᠬᠤ ᠲᠤᠰᠢᠶᠠᠯᠳᠠᠨ ᠤ ᠰᠠᠨᠠᠭᠤᠯᠤᠮᠵᠢ᠄
ᠬᠠᠤᠯᠢ ᠴᠠᠭᠠᠵᠠ ᠲᠦᠪ ᠭᠤᠤᠯᠴᠢ ᠰᠢᠳᠤᠷᠭᠤ ᠶᠤᠰᠤ ᠵᠢ ᠬᠠᠮᠠᠭᠠᠯᠠᠳᠠᠭ᠃ ᠶᠡᠬᠡ ᠪᠠᠭ᠎ᠠ ᠬᠡᠰᠡᠨ ᠦᠬᠡᠢ ᠬᠤᠯᠠᠭᠠᠢ ᠬᠢᠪᠡᠯ ᠵᠤᠬᠢᠬᠤ ᠰᠶᠢᠳᠬᠡᠯ ᠢ ᠤᠯᠬᠤ ᠬᠡᠷᠡᠭᠳᠡᠢ᠃ ᠦᠯᠦ ᠵᠠᠭᠠᠯᠳᠤᠵᠤ ᠡᠷᠡᠬᠦᠦ ᠰᠶᠢᠳᠬᠡᠯ ᠢ ᠦᠯᠦ ᠤᠨᠤᠭᠳᠠᠭᠤᠯᠤᠨ ᠵᠠᠰᠠᠬ ᠵᠠᠬᠢᠷᠭᠠᠨ ᠵᠢᠡᠷ ᠰᠶᠢᠳᠬᠡᠵᠦ ᠪᠠᠶᠢᠭ᠎ᠠ ᠨᠢ ᠶᠠᠮᠠᠷᠪᠠ ᠬᠦᠮᠦᠨ ᠬᠡᠰᠡᠨ ᠦᠬᠡᠢ ᠬᠠᠤᠯᠢ ᠴᠠᠭᠠᠵᠠ ᠵᠢᠨ ᠤᠯᠠᠭᠠᠨ ᠱᠤᠭᠤᠮ ᠢ ᠬᠦᠨᠳᠡᠵᠦ ᠪᠤᠯᠬᠤ ᠦᠬᠡᠢ᠂ ᠬᠠᠤᠯᠢ ᠵᠢ ᠵᠦᠷᠢᠴᠡᠭᠰᠡᠨ ᠶᠠᠮᠠᠷᠪᠠ ᠠᠵᠢᠯᠯᠠᠭ᠎ᠠ ᠨᠢ ᠴᠦᠮ ᠡᠷᠬᠡᠪᠰᠢ ᠵᠤᠬᠢᠬᠤ ᠰᠶᠢᠳᠬᠡᠯ ᠢ ᠡᠬᠦᠷᠬᠡᠯᠡᠬᠦ ᠬᠡᠷᠡᠭᠳᠡᠢ ᠬᠡᠳᠡᠭ ᠢ ᠰᠡᠷᠡᠮᠵᠢᠯᠡᠬᠦᠯᠵᠦ ᠪᠠᠶᠢᠨ᠎ᠠ᠃
ᠤᠶᠢᠷ᠎ᠠ ᠵᠢᠨ ᠵᠢᠯ ᠳᠤ ᠦᠦᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ︽ᠶᠠᠯ᠎ᠠ ᠪᠠᠨ ᠮᠡᠳᠡᠷᠡᠵᠦ ᠰᠶᠢᠳᠬᠡᠯ ᠢ ᠬᠦᠯᠢᠶᠡᠭᠰᠡᠳ︾ ᠢ ᠠᠭᠤᠴᠢᠯᠠᠨ ᠰᠶᠢᠳᠬᠡᠬᠦ ᠲᠦᠷᠢᠮ ᠢ ᠬᠡᠷᠡᠭᠵᠢᠬᠦᠯᠵᠦ᠂ ᠬᠦᠡᠭᠭᠡᠪᠳᠦᠷ ᠡᠷᠡᠬᠦᠦ ᠵᠢᠨ ᠬᠡᠷᠡᠭ ᠤᠨ ᠦᠯᠦ ᠵᠠᠭᠠᠯᠳᠤᠭᠳᠠᠭᠰᠠᠳ ᠨᠡᠶᠢᠬᠡᠮ ᠳᠤ ᠪᠤᠴᠠᠵᠤ ᠢᠷᠡᠬᠦ ᠵᠢ ᠪᠦᠲᠦᠮᠵᠢᠳᠡᠢ ᠠᠬᠢᠭᠤᠯᠵᠠᠢ᠃