ᠤᠢᠢᠷ᠎ᠠ ᠢᠢᠨ ᠵᠢᠯ ᠳᠦ ᠦᠦᠰᠢᠨ ᠬᠣᠰᠢᠭᠤᠨ ᠤ ᠬᠢᠨ ᠤ ᠡᠷᠡᠭᠦᠯ ᠡᠩᠭᠡ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠲᠤᠬᠠᠢ ᠴᠢᠬᠤᠯᠠ ᠦᠵᠡᠯ ᠰᠠᠨᠠᠭ᠎ᠠ ᠢᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠤᠯᠠᠨ ᠲᠦᠮᠡᠨ ᠦ ᠡᠪᠡᠳᠴᠢᠨ ᠦᠵᠡᠭᠦᠯᠬᠦ ᠳᠦ ᠬᠦᠴᠢᠷᠲᠡᠢ᠂ ᠡᠪᠡᠳᠴᠢᠨ ᠦᠵᠡᠭᠦᠯᠬᠦ ᠳᠦ ᠦᠨᠡᠲᠡᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠪᠡᠷ ᠤᠳᠤᠷᠢᠳᠤᠮᠵᠢ ᠪᠣᠯᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠢᠢᠨ ᠥᠭᠡᠷᠡᠴᠢᠯᠡᠯᠲᠡ ᠢᠢ ᠭᠦᠨᠵᠡᠭᠡᠶᠢᠷᠡᠭᠦᠯᠬᠦ ᠪᠡᠷ ᠬᠦᠴᠦᠯᠡᠬᠦ ᠴᠡᠭ ᠪᠣᠯᠭᠠᠵᠤ᠂ ᠡᠷᠡᠭᠦᠯ ᠡᠩᠭᠡ ᠦᠦᠰᠢᠨ ᠤ ᠪᠦᠳᠦᠭᠡᠨ ᠪᠠᠶᠢᠭᠤᠯᠤᠯᠲᠠ᠂ ᠬᠢᠳᠠᠳ︵ᠮᠣᠩᠭᠣᠯ︶ᠡᠮ ᠡᠮᠨᠡᠯᠭᠡ ᠢᠢᠨ ᠦᠢᠯᠡᠰ ᠢ ᠬᠥᠭ᠍ᠵᠢᠭᠦᠯᠬᠦ᠂ ᠤᠯᠠᠨ ᠨᠡᠶᠢᠲᠡ ᠢᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠬᠥᠮᠦᠨ ᠠᠮᠠ ᠢᠢᠨ ᠴᠢᠨᠠᠷ ᠰᠠᠶᠢᠲᠠᠢ ᠬᠥᠭ᠍ᠵᠢᠯᠲᠡ ᠵᠡᠷᠭᠡ ᠠᠵᠢᠯ ᠢᠶᠠᠷ ᠴᠢᠬᠤᠯᠠ ᠭᠠᠷᠳᠠᠴᠠ ᠪᠣᠯᠭᠠᠵᠤ᠂ ᠪᠣᠳᠠᠲᠠᠢ ᠢᠢ ᠡᠷᠬᠢᠮᠯᠡᠨ ᠰᠢᠨ᠎ᠡ ᠢᠢ ᠡᠭᠦᠳᠴᠦ᠂ ᠪᠦᠬᠦ ᠬᠣᠰᠢᠭᠤᠨ ᠤ ᠠᠷᠠᠳ ᠲᠦᠮᠡᠨ ᠦ ᠰᠡᠳᠭᠢᠯ ᠬᠠᠨᠤᠮᠵᠢᠲᠠᠢ ᠡᠷᠡᠭᠦᠯ ᠬᠠᠮᠠᠭᠠᠯᠠᠯ ᠡᠷᠡᠭᠦᠯ ᠮᠡᠨᠳᠦ ᠢᠢᠨ ︽ᠰᠢᠨ᠎ᠡ ᠬᠠᠷᠢᠭᠤᠯᠲᠠ ᠵᠢᠨ ᠬᠠᠭᠤᠳᠠᠰᠤ︾ ᠵᠢ ᠪᠢᠴᠢᠭ᠍ᠯᠡᠵᠡᠢ᠃
ᠨᠢᠭᠲᠠ ᠬᠡᠯᠪᠡᠷᠢ ᠢᠢᠨ ᠰᠢᠶᠠᠨ ᠤ ᠬᠡᠪᠴᠢᠶᠡᠨ ᠦ ᠡᠮ ᠡᠮᠨᠡᠯᠭᠡ ᠢᠢᠨ ᠬᠠᠮᠲᠤ ᠢᠢᠨ ᠴᠣᠭᠴᠠ ᠢᠢᠨ ᠥᠭᠡᠷᠡᠴᠢᠯᠡᠯᠲᠡ ᠵᠢᠨ ᠰᠢᠨ᠎ᠡ ᠬᠡᠪ ᠵᠠᠭᠪᠤᠷ ᠢ ᠡᠭᠦᠳᠪᠡ
ᠰᠢᠶᠠᠨ ᠤ ᠬᠡᠪᠴᠢᠶᠡᠨ ᠦ ᠡᠮᠴᠢᠯᠡᠭᠡᠨ ᠦ ᠦᠢᠯᠡᠴᠢᠯᠡᠭᠡᠨ ᠦ ᠲᠤᠭᠳᠠᠯᠴᠠᠭ᠎ᠠ ᠵᠢ ᠲᠡᠬᠦᠯᠳᠡᠷᠵᠢᠬᠦᠯᠪᠡ᠃ ᠦᠦᠰᠢᠨ ᠬᠣᠰᠢᠭᠤ ︽1743︾ ᠠᠵᠢᠯ ᠤᠨ ᠵᠠᠭᠪᠤᠷ ᠢ ᠡᠭᠦᠳᠴᠦ᠂ ᠰᠢᠶᠠᠨ ᠤ ᠬᠡᠪᠴᠢᠶᠡᠨ ᠦ ᠡᠮᠨᠡᠯᠭᠡ ᠢᠢᠨ ᠬᠠᠮᠲᠤ ᠢᠢᠨ ᠴᠣᠭᠴᠠ ᠢᠢᠨ ᠥᠭᠡᠷᠡᠴᠢᠯᠡᠯᠲᠡ ᠬᠥᠭ᠍ᠵᠢᠯᠲᠡ ᠢᠢ ᠠᠬᠢᠭᠤᠯᠵᠤ᠂ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠪᠠᠷ ᠡᠮᠨᠡᠯᠭᠡ ᠢᠢᠨ ᠬᠠᠮᠲᠤ ᠢᠢᠨ ᠴᠣᠭᠴᠠ ᠢᠢᠨ ᠶᠡᠷᠦᠩᠬᠡᠶ ᠡᠮᠨᠡᠯᠭᠡ ᠢᠢᠨ ᠬᠣᠷᠢᠶ᠎ᠠ ᠪᠣᠯᠭᠠᠵᠤ᠂ ᠡᠯ᠎ᠡ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠣᠷᠢᠶ᠎ᠠ ᠪᠠᠷ ᠡᠮᠨᠡᠯᠭᠡ ᠢᠢᠨ ᠬᠠᠮᠲᠤ ᠢᠢᠨ ᠴᠣᠭᠴᠠ ᠢᠢᠨ ᠬᠤᠪᠢᠶᠠᠷᠢ ᠡᠮᠨᠡᠯᠬᠡ ᠵᠢᠨ ᠬᠣᠷᠢᠶ᠎ᠠ ᠪᠤᠯᠭᠠᠵᠤ᠂ ᠮᠣᠩᠭᠣᠯ ᠡᠮᠨᠡᠯᠭᠡ ᠢᠢᠨ ᠬᠣᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠦᠪ᠂ ᠡᠬᠡ ᠨᠢᠯᠬᠠᠰ ᠤᠨ ᠪᠠᠶᠢᠭᠤᠯᠤᠮᠵᠢ ᠪᠠᠷ ᠬᠡᠷᠡᠭ ᠡᠷᠬᠢᠯᠡᠭ᠍ᠴᠢᠳ ᠦᠨ ᠬᠤᠷᠠᠯ ᠤᠨ ᠭᠡᠰᠢᠭᠦᠨ ᠪᠣᠯᠭᠠᠭᠰᠠᠨ ᠨᠢᠭᠲᠠ ᠬᠡᠯᠪᠡᠷᠢ ᠢᠢᠨ ᠡᠮ ᠡᠮᠨᠡᠯᠭᠡ ᠢᠢᠨ ᠬᠠᠮᠲᠤ ᠢᠢᠨ ᠴᠣᠭᠴᠠ ᠢᠢᠨ ᠦᠢᠯᠡᠴᠢᠯᠡᠭᠡᠨ ᠦ ᠲᠤᠭᠳᠠᠴᠠ ᠵᠢ ᠪᠠᠶᠢᠭᠤᠯᠤᠨ᠂ ︽1446︾ ᠡᠮ ᠡᠮᠨᠡᠯᠬᠡ ᠵᠢᠨ ᠬᠠᠮᠲᠤ ᠢᠢᠨ ᠴᠣᠭᠴᠠ ᠢᠢᠨ ᠮᠡᠳᠡᠭᠡ ᠵᠠᠩᠭᠢᠵᠢᠯᠲᠠ ᠢᠢᠨ ᠪᠥᠲᠥᠭᠡᠨ ᠪᠠᠶᠢᠭᠤᠯᠤᠯᠲᠠ ᠢᠢᠨ ᠢᠨᠵᠧᠨᠧᠷᠢᠩ ᠢ ᠬᠡᠷᠡᠭ᠍ᠵᠢᠭᠦᠯᠵᠦ᠂ ᠬᠣᠰᠢᠭᠤᠨ ᠤ ᠬᠡᠪᠴᠢᠶᠡᠨ ᠦ ᠡᠮ ᠡᠮᠨᠡᠯᠬᠡ ᠵᠢᠨ ᠬᠠᠮᠲᠤ ᠢᠢᠨ ᠴᠣᠭᠴᠠ ᠢᠢᠨ ᠡᠭᠦᠯᠡᠨ ᠲᠠᠪᠴᠠᠩ ᠢ ᠪᠠᠶᠢᠭᠤᠯᠵᠤ᠂ ᠪᠥᠬᠥ ᠬᠣᠰᠢᠭᠤᠨ ᠤ ᠡᠮᠴᠢᠯᠡᠭᠡᠨ ᠦ ᠪᠠᠶᠢᠭᠤᠯᠤᠮᠵᠢ ᠢᠢᠨ ᠡᠯ᠎ᠡ ᠲᠥᠷᠥᠯ ᠦᠨ ᠰᠢᠰᠲ᠋ᠧᠮ ᠦᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠣᠭ᠎ᠠ ᠪᠠᠷᠢᠮᠲᠠ ᠢᠢ ᠬᠠᠮᠲᠤ ᠪᠠᠷ ᠡᠳ᠋ᠯᠡᠬᠦ᠂ ᠲᠥᠪᠯᠡᠷᠡᠭᠦᠯᠦᠨ ᠳᠣᠭᠢᠷᠠᠭᠤᠯᠬᠤ᠂ ᠨᠢᠭᠡᠳᠦᠯᠲᠡᠶ ᠬᠢᠨᠠᠨ ᠬᠠᠮᠢᠶᠠᠷᠬᠤ ᠢᠢ ᠪᠡᠶᠡᠯᠡᠭᠦᠯᠪᠡ︔ ᠡᠮ ᠡᠮᠨᠡᠯᠬᠡ ᠵᠢᠨ ᠬᠠᠮᠳᠤ ᠵᠢᠨ ᠴᠤᠭᠴᠠ ᠨᠢ ᠰᠠᠭᠤᠭᠠᠯᠢ ᠠᠷᠠᠳ ᠤᠨ ᠣᠨᠣᠰᠢᠯᠠᠨ ᠡᠮᠨᠡᠬᠦᠯᠦᠭᠰᠡᠨ ᠮᠡᠳᠡᠭᠡ ᠵᠠᠩᠭᠢ ᠢᠢ ᠴᠠᠭ ᠲᠤᠬᠠᠶ ᠳᠤᠨᠢ ᠴᠤᠭᠯᠠᠭᠤᠯᠤᠨ ᠨᠠᠶᠢᠳᠠᠯᠠᠵᠦ᠂︽ᠦᠨᠳᠦᠰᠦᠨ ᠱᠠᠳᠤᠨ ᠳᠤ ᠪᠠᠶᠢᠴᠠᠭᠠᠵᠤ᠂ ᠬᠤᠰᠢᠭᠤ ᠱᠠᠳᠤᠨ ᠳᠤ ᠤᠨᠤᠰᠢᠯᠠᠬᠤ︾ᠵᠢ ᠪᠡᠶᠡᠯᠡᠭᠦᠯᠵᠦ᠂ ᠣᠯᠠᠨ ᠲᠦᠮᠡᠨ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠣᠷᠢᠶ᠎ᠠ ᠳᠤ ᠨᠠᠩ ᠳᠥᠭᠥᠮ ᠳᠥᠲᠡ ᠡᠷᠡᠭᠦᠯ ᠬᠠᠮᠠᠭᠠᠯᠠᠯ ᠡᠷᠡᠭᠦᠯ ᠮᠡᠨᠳᠦ ᠢᠢᠨ ᠦᠢᠯᠡᠴᠢᠯᠡᠭᠡ ᠢᠢ ᠭᠥᠷᠳᠡᠬᠦ ᠢᠢ ᠪᠡᠶᠡᠯᠡᠭᠦᠯᠵᠡᠢ᠃
ᠡᠮᠴᠢᠯᠡᠭᠡᠨ ᠦ ᠡᠬᠢ ᠪᠠᠶᠠᠯᠢᠭ ᠢ ᠦᠨᠳᠦᠰᠦᠨ ᠱᠠᠳᠤᠨ ᠳᠤ ᠪᠠᠭᠤᠯᠭᠠᠬᠤ ᠵᠠᠭᠪᠤᠷ ᠢ ᠪᠥᠬᠥ ᠲᠠᠯ᠎ᠠ ᠪᠠᠷ ᠳᠡᠯᠭᠡᠷᠡᠭᠦᠯᠪᠡ᠃ ᠡᠮ ᠡᠮᠨᠡᠯᠬᠡ ᠵᠢᠨ ᠬᠠᠮᠳᠤ ᠵᠢᠨ ᠴᠤᠭᠴᠠ ᠵᠢᠨ ᠶᠡᠷᠦᠩᠬᠡᠶ ᠡᠮᠨᠡᠯᠭᠡ ᠢᠢᠨ ᠬᠣᠷᠢᠶ᠎ᠠ ᠦᠨᠳᠦᠰᠦᠨ ᠱᠠᠲᠤᠨ ᠳᠤ ᠨᠡᠶᠢᠲᠡ 416 ᠬᠥᠮᠦᠨ ︵ᠤᠳᠠᠭ᠎ᠠ︶ ᠲᠣᠮᠢᠯᠠᠵᠤ᠂ ᠡᠪᠡᠳᠴᠢᠲᠡᠨ ᠢ 3370 ᠬᠥᠮᠦᠨ ︵ᠤᠳᠠᠭ᠎ᠠ︶ ᠣᠨᠣᠰᠢᠯᠠᠨ ᠵᠠᠰᠠᠵᠤ᠂ 105 ᠮᠡᠰᠡ ᠵᠠᠰᠠᠯ ᠬᠢᠵᠦ᠂ 110 ᠤᠳᠠᠭ᠎ᠠ ᠬᠥᠮᠦᠵᠢᠭᠦᠯᠦᠨ ᠪᠣᠯᠪᠠᠰᠤᠷᠠᠭᠤᠯᠵᠤ᠂ 200 ᠭᠠᠷᠤᠶ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠦᠨ᠂ ᠮᠠᠯᠴᠢᠨ ᠲᠠᠷᠢᠶᠠᠴᠢᠨ ᠳᠤ ᠠᠮᠤᠷ ᠲᠦᠪᠰᠢᠨ ᠪᠦᠲᠦᠮᠵᠢᠲᠡᠶ ᠳᠥᠭᠥᠮ ᠳᠥᠲᠡ ᠦᠨ᠎ᠡ ᠬᠢᠮᠳᠠ ᠣᠯᠠᠨ ᠨᠡᠶᠢᠲᠡ ᠢᠢᠨ ᠡᠷᠡᠭᠦᠯ ᠬᠠᠮᠠᠭᠠᠯᠠᠯ ᠪᠠ ᠦᠨᠳᠦᠰᠦᠨ ᠡᠮ ᠡᠮᠨᠡᠯᠭᠡ ᠢᠢᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠢ ᠬᠡᠷ ᠦᠨ ᠡᠭᠦᠳᠡᠨ ᠳᠦᠨᠢ ︽ᠡᠷᠡᠬᠦᠯ ᠮᠡᠨᠳᠦ ᠵᠢᠨ ᠲᠦᠰᠢᠭ︾ ᠲᠠᠢ ᠪᠣᠯᠭᠠᠵᠠᠶ᠃ ᠦᠨᠳᠦᠰᠦᠨ ᠱᠠᠲᠤᠨ ᠳᠤ ᠠᠩᠬ᠎ᠠ ᠡᠮᠨᠡᠬᠦ᠂ ᠬᠣᠣᠰ ᠴᠢᠭ᠍ᠯᠡᠯ ᠢᠶᠡᠷ ᠰᠢᠯᠵᠢᠭᠦᠯᠦᠨ ᠡᠮᠨᠡᠬᠦ᠂ ᠲᠦᠷᠭᠡᠨ ᠪᠠ ᠤᠳᠠᠭᠠᠨ ᠴᠢᠨᠠᠷᠳᠠᠢ ᠡᠪᠡᠳᠴᠢᠨ ᠢ ᠰᠠᠯᠭᠠᠨ ᠡᠮᠨᠡᠬᠦ᠂ ᠳᠡᠭᠡᠳᠦ ᠲᠤᠤᠷᠠᠳᠤ ᠱᠠᠳᠤ ᠪᠠᠷ ᠢᠶᠠᠨ ᠬᠣᠯᠪᠣᠭᠠᠯᠠᠨ ᠬᠥᠳᠡᠯᠦᠯᠴᠡᠭ᠍ᠰᠡᠨ ᠱᠠᠳᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠢ ᠠᠩᠬ᠎ᠠ ᠠᠯᠬᠤᠮ ᠪᠦᠷᠢᠯᠳᠦᠭᠦᠯᠪᠡ᠃ ᠡᠮ ᠡᠮᠨᠡᠯᠭᠡ ᠢᠢᠨ ᠬᠠᠮᠲᠤ ᠢᠢᠨ ᠴᠣᠭᠴᠠ ᠢᠢᠨ ᠪᠠᠶᠢᠭᠤᠯᠤᠯᠲᠠ ᠨᠢ ᠬᠣᠲᠠ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠦ ᠶᠠᠪᠤᠵᠤ᠂ ᠪᠥᠬᠥ ᠬᠣᠲᠠ ᠢᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠢᠢᠨ ᠠᠵᠢᠯ ᠪᠠ ᠪᠥᠬᠥ ᠣᠷᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠢᠢᠨ ᠠᠵᠢᠯ ᠤᠨ ᠨᠢᠭᠡᠨ ᠲᠣᠭ ᠲᠡᠮᠳᠡᠭ ᠪᠣᠯᠤᠭᠰᠠᠨ ᠪᠠᠶᠢᠨ᠎ᠠ᠃
ᠬᠢᠲᠠᠳ ᠮᠣᠩᠭᠣᠯ ᠡᠮᠨᠡᠯᠭᠡ ᠢᠢᠨ ᠤᠨᠴᠠᠯᠢᠭᠳᠤ ᠡᠮᠴᠢᠯᠡᠭᠡᠨ ᠦ ᠦᠢᠯᠡᠴᠢᠯᠡᠭᠡ ᠨᠢ ᠰᠢᠨ᠎ᠡ ᠳᠠᠪᠠᠭᠤᠯᠢᠭ ᠢᠶᠠᠨ ᠢᠯᠡᠷᠡᠭᠦᠯᠪᠡ
ᠤᠨᠴᠠᠯᠢᠬ᠍ᠳᠤ ᠡᠮ ᠡᠮᠨᠡᠯᠭᠡ ᠢᠢᠨ ᠦᠢᠯᠡᠴᠢᠯᠡᠭᠡ ᠢᠯᠡᠳᠲᠡ ᠦᠷ᠎ᠡ ᠪᠦᠲᠦᠮᠵᠢ ᠤᠯᠪᠠ᠃ ᠦᠦᠰᠢᠨ ᠬᠣᠰᠢᠭᠤᠨ ᠤ ᠬᠢᠨ ᠳᠤᠮᠳᠠᠳᠤ ᠢᠢᠨ ᠦᠨᠳᠦᠰᠦᠲᠡᠨ ᠦ ᠬᠠᠮᠲᠤ ᠢᠢᠨ ᠴᠣᠭᠴᠠ ᠢᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠣᠣᠯ ᠰᠢᠵᠢᠮ ᠢ ᠴᠢᠩᠭ᠎ᠠ ᠠᠳᠬᠤᠵᠤ᠂ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠢᠢᠨ ᠵᠢᠱᠶᠢᠡ ᠦᠵᠡᠭᠦᠯᠬᠦ ᠬᠣᠰᠢᠭᠤ ᠢᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ︽ᠡᠮ ᠡᠮᠨᠡᠯᠭᠡ + ᠡᠷᠡᠭᠦᠯᠵᠢᠯ ᠰᠤᠪᠢᠯᠠᠯᠲᠠ + ᠵᠤᠭᠠᠴᠠᠯ︾ ᠤ᠋ᠨ ᠰᠢᠨ᠎ᠡ ᠵᠠᠭᠪᠤᠷ ᠢ ᠲᠤᠪᠤᠶᠢᠯᠭᠠᠵᠦ᠂ 1.9 ᠳ᠋ᠦᠩᠰᠢᠭᠤᠷ ᠲᠥᠭᠥᠷᠢᠭ ᠦᠨ ᠪᠡᠯᠡ ᠣᠷᠣᠭᠤᠯᠵᠤ ᠮᠣᠩᠭᠣᠯ ᠡᠮᠨᠡᠯᠭᠡ ᠢᠢᠨ ᠪᠡᠶ᠎ᠡ ᠰᠡᠳᠭᠢᠴᠡ ᠢᠢᠨ ᠠᠨᠠᠭᠠᠬᠤ ᠤᠬᠠᠭᠠᠨ ᠤ ᠡᠷᠡᠭᠦᠯᠵᠢᠯ ᠰᠤᠪᠢᠯᠠᠯᠲᠠ ᠢᠢᠨ ᠲᠥᠪ ᠢ ᠪᠠᠶᠢᠭᠤᠯᠵᠤ᠂ ᠪᠡᠶ᠎ᠡ ᠰᠡᠳᠭᠢᠴᠡ ᠢᠢᠨ ᠦᠢᠯᠡᠳᠦᠯᠴᠡᠯ ᠦᠨ ᠠᠨᠠᠭᠠᠬᠤ ᠤᠬᠠᠭᠠᠨ᠂ ᠨᠠᠰᠤᠵᠢᠯ ᠤᠨ ᠠᠰᠠᠷᠠᠮᠵᠢ᠂ ᠡᠪᠡᠳᠴᠢᠨ ᠢ ᠤᠷᠢᠳᠴᠢᠯᠠᠨ ᠰᠡᠷᠬᠡᠶᠢᠯᠡᠬᠦ ᠢᠢ ᠨᠢᠭᠡ ᠴᠤᠭᠴᠠᠵᠢᠭᠤᠯᠵᠤ᠂ ᠵᠤᠭᠠᠴᠠᠯ ᠤᠨ ᠪᠦᠯᠬᠦᠮ ᠳᠤ ᠢᠯᠢᠵᠦ ᠨᠤᠬᠤᠯᠠᠬᠤ᠂ ᠵᠡᠭᠦᠦ ᠲᠥᠭᠡᠨᠡᠯᠭᠡ ᠢᠢᠨ ᠵᠠᠰᠠᠯ ᠵᠡᠷᠭᠡ ᠬᠢᠲᠠᠳ ︵ᠮᠤᠡᠭᠭᠤᠯ︶ ᠡᠮᠨᠡᠯᠬᠡ ᠵᠢᠨ ᠤᠯᠠᠮᠵᠢᠯᠠᠯᠲᠤ ᠵᠠᠰᠠᠯᠭ᠎ᠠ ᠢᠢᠨ ᠦᠢᠯᠡᠴᠢᠯᠡᠭᠡ ᠢᠢ ᠬᠠᠩᠭᠠᠵᠤ᠂ ᠬᠢᠲᠠᠳ ︵ᠮᠣᠩᠭᠣᠯ︶ ᠡᠮᠨᠡᠯᠭᠡ ᠢᠢᠨ ᠤᠨᠴᠠᠯᠢᠭᠳᠤ ᠡᠮᠲᠦ ᠬᠣᠭᠣᠯᠠᠨ ᠤ ᠬᠣᠭᠣᠯᠠᠨ ᠲᠢᠩᠬᠢᠮ ᠢ ᠪᠠᠶᠢᠭᠤᠯᠵᠤ᠂ ︽ᠡᠮ ᠡᠮᠨᠡᠯᠭᠡ + ᠡᠷᠡᠭᠦᠯᠵᠢᠯ ᠰᠤᠪᠢᠯᠠᠯᠲᠠ + ᠵᠤᠭᠠᠴᠠᠯ︾ ᠢ ᠨᠢᠭᠡ ᠴᠤᠬ᠍ᠴᠠᠵᠢᠭᠤᠯᠤᠬ᠍ᠰᠠᠨ ᠶᠡᠷᠦᠩᠬᠡᠶᠢᠯᠡᠭ᠍ᠰᠡᠨ ᠦᠢᠯᠡᠴᠢᠯᠡᠭᠡ ᠢᠢ ᠪᠦᠷᠢᠯᠳᠦᠭᠦᠯᠵᠡᠢ᠃ ᠮᠣᠩᠭᠣᠯ ᠡᠮᠨᠡᠯᠭᠡ ᠢᠢᠨ ᠪᠡᠶ᠎ᠡ ᠰᠡᠳᠭᠢᠴᠡ ᠵᠢᠨ ᠬᠠᠷᠢᠯᠴᠠᠨ ᠦᠢᠯᠡᠳᠦᠯᠴᠡᠬᠦ ᠵᠠᠰᠠᠯᠭ᠎ᠠ ᠢᠢᠨ ᠬᠢᠴᠢᠶᠡᠯ ᠦᠨ ᠲᠠᠩᠬᠢᠮ ᠤᠨ ᠬᠢᠴᠢᠶᠡᠯ ᠰᠣᠨᠣᠰᠤᠭᠰᠠᠨ ᠬᠥᠮᠦᠨ ᠦ ᠲᠣᠭ᠎ᠠ ᠨᠡᠶᠢᠲᠡ 30.5 ᠲᠦᠮᠡ ᠭᠠᠷᠤᠶ ᠬᠥᠮᠦᠨ ︵ᠤᠳᠠᠭ᠎ᠠ︶ ᠳ᠋ᠤ ᠬᠦᠷᠴᠦ᠂ ᠡᠮᠴᠢᠯᠡᠭᠡᠨ ᠦ ᠦᠷ᠎ᠡ ᠪᠦᠲᠦᠮᠵᠢ ᠪᠡᠷ ᠢᠯᠡᠷᠬᠡᠶ ᠪᠠᠶᠢᠵᠤ᠂ ᠪᠦᠬᠦ ᠬᠣᠰᠢᠭᠤ ᠵᠢᠴᠢ ᠡᠷᠬᠢᠨ ᠲᠣᠭᠣᠷᠢᠨ ᠤ ᠭᠠᠵᠠᠷ ᠣᠷᠣᠨ ᠤ ᠡᠮᠨᠡᠬᠦ ᠳᠤ ᠬᠦᠴᠢᠷ ᠲᠦᠪᠡᠭ᠍ᠲᠡᠶ ᠡᠯᠳᠡᠪ ᠡᠪᠡᠳᠴᠢᠨ ᠳᠦ ᠨᠡᠷᠪᠡᠭ᠍ᠳᠡᠭ᠍ᠰᠡᠨ ᠬᠥᠮᠦᠰ ᠲᠦ ᠡᠷᠡᠭᠦᠯ ᠮᠡᠨᠳᠦ ᠢᠢᠨ ᠢᠪᠡᠭᠡᠯ ᠢ ᠠᠪᠴᠢᠷᠠᠵᠤ ᠥᠭ᠍ᠭᠦᠭ᠍ᠰᠡᠨ ᠪᠠᠶᠢᠨ᠎ᠠ᠃
ᠣᠯᠠᠨ ᠲᠦᠮᠡᠨ ᠦ ᠡᠷᠡᠭᠦᠯ ᠮᠡᠨᠳᠦ ᠳᠦ ᠦᠢᠯᠡᠴᠢᠯᠡᠬᠦ ᠳᠦ ᠲᠣᠪᠣᠶᠢᠮ᠎ᠠ ᠬᠤᠪᠢ ᠨᠡᠮᠡᠷᠢ ᠦᠵᠡᠭᠦᠯᠪᠡ᠃ ᠦᠦᠰᠢᠨ ᠬᠣᠰᠢᠭᠤᠨ ᠳᠤ ᠣᠲᠣ ᠥᠪᠡᠷᠲᠡᠭᠡᠨ ᠵᠠᠰᠠᠬᠤ ᠣᠷᠣᠨ ᠤ ᠨᠡᠷᠡᠳᠦ ᠮᠣᠩᠭᠣᠯ ᠡᠮᠴᠢ 4᠂ ᠬᠣᠲᠠ ᠢᠢᠨ ᠲᠠᠰ ᠤᠨ ᠨᠡᠷᠡᠳᠦ ᠮᠣᠩᠭᠣᠯ ᠡᠮᠴᠢ 4᠂ ᠬᠣᠲᠠ ᠢᠢᠨ ᠲᠠᠰ ᠤᠨ ᠨᠡᠷᠡᠳᠦ ᠮᠤᠡᠭᠭᠤᠯ ᠡᠮ ᠨᠠᠶᠢᠷᠠᠭᠴᠢ 1᠂ ᠦᠦᠰᠢᠨ ᠰᠣᠳᠣᠨ ᠴᠢᠳᠠᠪᠤᠷᠢᠲᠠᠨ︵ᠮᠣᠩᠭᠣᠯ ᠡᠮᠴᠢ︶2᠂ ᠮᠣᠩᠭᠣᠯ ᠡᠮ ᠡᠮᠨᠡᠯᠭᠡ ᠢᠢᠨ ᠵᠢᠭᠠᠨ ᠵᠢᠯᠣᠭᠣᠳᠬᠤ ᠪᠠᠭᠰᠢ 6᠂ ᠮᠤᠡᠭᠭᠤᠯ ᠡᠮ ᠡᠮᠨᠡᠯᠬᠡ ᠵᠢᠨ ᠵᠠᠯᠭᠠᠮᠵᠢᠯᠠᠭᠴᠢ 19 ᠪᠣᠶ᠃ ᠲᠠᠭᠤᠷᠢᠶᠠᠯ ᠦᠵᠡᠭᠦᠯᠬᠦ ᠬᠡᠯᠪᠡᠷᠢ ᠢᠢᠨ᠂ ᠴᠢᠨᠠᠷ ᠰᠠᠶᠢᠲᠠᠶ ᠬᠡᠯᠪᠡᠷᠢ ᠢᠢᠨ ᠬᠢᠲᠠᠳ ᠡᠮᠨᠡᠯᠭᠡ ᠢᠢᠨ ᠣᠷᠳᠣᠨ︵ᠮᠣᠩᠭᠣᠯ ᠡᠮᠨᠡᠯᠭᠡ ᠢᠢᠨ ᠣᠷᠳᠣᠨ︶ᠤ᠋ ᠡᠵᠡᠯᠡᠬᠦ ᠬᠠᠷᠢᠴᠠᠯ 77% ᠳ᠋ᠤ ᠬᠦᠷᠴᠦ᠂ ᠡᠮ ᠡᠮᠨᠡᠯᠬᠡ ᠵᠢᠨ ᠬᠠᠮᠲᠤ ᠢᠢᠨ ᠴᠣᠭᠴᠠ ᠢᠢᠨ ᠬᠠᠮᠲᠤ ᠪᠠᠷ ᠡᠳ᠋ᠯᠡᠬᠦ ᠮᠣᠩᠭᠣᠯ ᠡᠮ ᠦᠨ ᠬᠡᠷ ᠦᠨ ᠦᠢᠯᠡᠴᠢᠯᠡᠭᠡ ᠢᠢ ᠭᠠᠴᠠᠭ᠎ᠠ ᠲᠣᠰᠬᠣᠨ ᠳᠤ ᠬᠦᠷᠲᠡᠯ᠎ᠡ ᠤᠷᠲᠤᠳᠬᠠᠵᠤ᠂ 72 ᠵᠦᠢᠯ ᠦᠨ ᠮᠣᠩᠭᠣᠯ ᠡᠮ ᠬᠠᠩᠭᠠᠬᠤ ᠪᠠ ᠬᠦᠷᠭᠡᠵᠦ ᠪᠣᠯᠤᠨ᠎ᠠ︔ ᠬᠢᠲᠠᠳ︵ᠮᠣᠩᠭᠣᠯ︶ᠡᠮ ᠡᠮᠨᠡᠯᠭᠡ ᠢᠢᠨ ᠤᠯᠠᠮᠵᠢᠯᠠᠯᠲᠤ ᠮᠡᠳᠡᠯᠭᠡ ᠪᠠ ᠮᠡᠷᠭᠡᠵᠢᠯ ᠴᠢᠳᠠᠪᠤᠷᠢ ᠢᠢ ᠠᠭᠤᠳᠠᠯᠤᠨ ᠡᠮᠬᠢᠯᠡᠵᠦ᠂ 43 ᠵᠦᠢᠯ ᠦᠨ ᠤᠯᠠᠮᠵᠢᠯᠠᠯᠲᠤ ᠡᠮᠴᠢᠯᠡᠭᠡᠨ ᠦ ᠮᠡᠷᠭᠡᠵᠢᠯ ᠦᠨ ᠠᠷᠭ᠎ᠠ ᠢᠢ ᠴᠤᠭᠯᠠᠭᠤᠯᠵᠤ᠂ ᠤᠯᠠᠮᠵᠢᠯᠠᠯᠲᠤ ᠬᠢᠲᠠᠳ︵ᠮᠣᠩᠭᠣᠯ︶ᠡᠮ ᠡᠮᠨᠡᠯᠭᠡ ᠢᠢᠨ ᠠᠮᠢᠵᠢᠷᠠᠯ ᠤᠨ ᠬᠦᠴᠦᠨ ᠢ ᠳᠠᠬᠢᠨ ᠰᠡᠷᠭᠦᠭᠡᠪᠡ᠃
ᠡᠷᠡᠭᠦᠯ ᠬᠠᠮᠠᠭᠠᠯᠠᠯ ᠡᠷᠡᠭᠦᠯ ᠮᠡᠨᠳᠦ ᠢᠢᠨ ᠦᠢᠯᠡᠰ ᠦᠨ ᠪᠦᠬᠦᠢᠯᠡ ᠬᠥᠭ᠍ᠵᠢᠯᠲᠡ ᠳᠦ ᠰᠢᠨ᠎ᠡ ᠪᠠᠶᠢᠳᠠᠯ ᠢᠯᠡᠷᠡᠪᠡ
ᠠᠯᠪᠠᠨ ᠠᠴᠠ ᠪᠠᠶᠢᠭᠤᠯᠤᠭᠰᠠᠨ ᠡᠮᠨᠡᠯᠭᠡ ᠢᠢᠨ ᠬᠣᠷᠢᠶᠠᠨ ᠤ ᠣᠨᠣᠰᠢᠯᠠᠨ ᠡᠮᠨᠡᠬᠦ ᠴᠢᠳᠠᠪᠤᠷᠢ ᠢᠯᠡᠳᠳᠡ ᠲᠡᠭᠡᠭᠰᠢᠯᠡᠪᠡ᠃ ᠭᠣᠸᠯᠳᠠᠯᠭ᠎ᠠ ᠲᠠᠶ ᠰᠢᠨᠵᠢᠯᠡᠭᠡᠨ ᠦ ᠰᠠᠯᠠᠭ᠎ᠠ ᠢᠢᠨ ᠪᠠᠶᠢᠭᠤᠯᠤᠯᠲᠠ ᠢᠢ ᠲᠣᠭᠲᠠᠭᠤᠨ ᠢᠶᠠᠷ ᠠᠬᠢᠭᠤᠯᠵᠤ᠂ ᠪᠥᠬᠥ ᠬᠣᠰᠢᠭᠤᠨ ᠳᠤ 6 ᠨᠠᠷᠠᠲᠤ ᠡᠮᠴᠢ ᠢᠢᠨ ᠠᠵᠢᠯᠯᠠᠬᠤ ᠲᠠᠰᠤᠭ ᠢ ᠪᠠᠶᠢᠭᠤᠯᠪᠠ︔ ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠨᠢ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠶᠡᠷᠦᠩᠬᠡᠢ ᠡᠮᠨᠡᠯᠭᠡ ᠢᠢᠨ ᠬᠣᠷᠢᠶᠠᠨ ᠤ ᠠᠯᠤᠰ ᠠᠴᠠ ᠡᠮᠴᠢᠯᠡᠬᠦ ᠲᠥᠪ ᠦᠨ ᠪᠦᠷᠢᠯᠳᠦᠬᠦᠨ ᠪᠤᠯᠪᠠ︔ ᠰᠢ ᠠᠨ ᠤ ᠵᠠᠮ ᠬᠠᠷᠢᠯᠴᠠᠭᠠᠨ ᠤ ᠶᠡᠬᠡ ᠰᠤᠷᠭᠠᠭᠤᠯᠢ ᠢᠢᠨ ᠨᠢᠭᠡᠳᠦᠭᠡᠷ ᠬᠠᠷᠢᠶᠠᠲᠤ ᠡᠮᠨᠡᠯᠭᠡ ᠢᠢᠨ ᠬᠣᠷᠢᠶ᠎ᠠ ᠲᠠᠶ ᠦᠷᠭᠦᠯᠵᠢᠯᠡᠨ ᠬᠠᠮᠲᠤᠷᠠᠯᠴᠠᠬᠤ ᠪᠠᠷ ᠳᠡᠮᠵᠢᠨ᠂ ᠵᠢᠷᠦᠬᠡᠨ ᠳᠣᠲᠣᠷ ᠡᠮᠨᠡᠯᠭᠡ ᠢᠢᠨ ᠰᠠᠯᠠᠭᠠᠨ ᠤ ᠯᠢᠦ ᠫᠢᠩ ᠫᠷᠤᠹᠧᠰᠰᠤᠷ ᠢ ᠤᠷᠢᠵᠤ ᠦᠦᠰᠢᠨ ᠬᠣᠰᠢᠭᠤᠨ ᠳᠤ 50 ᠮᠡᠰᠡ ᠵᠠᠰᠠᠯ ᠬᠢᠯᠭᠡᠪᠡ︔ ᠳᠤᠮᠳᠠᠳᠤ ᠶᠠᠫᠣᠨ ᠤ ᠨᠥᠬᠥᠷᠯᠡᠯ ᠦᠨ ᠡᠮᠨᠡᠯᠭᠡ ᠢᠢᠨ ᠬᠣᠷᠢᠶᠠᠨ ᠤ ᠲᠤᠰᠬᠠᠢ ᠡᠮᠨᠡᠯᠭᠡ ᠢᠢᠨ ᠬᠣᠯᠪᠣᠭᠠᠲᠤ ᠴᠣᠭᠴᠠ ᠳᠤ ᠣᠷᠣᠵᠤ᠂ ᠳᠤᠮᠳᠠᠳᠤ ᠶᠠᠫᠣᠨ ᠤ ᠨᠥᠬᠥᠷᠯᠡᠯ ᠦᠨ ᠡᠮᠨᠡᠯᠭᠡ ᠢᠢᠨ ᠬᠣᠷᠢᠶᠠᠨ ᠤ ᠡᠮᠡᠭ᠍ᠲᠡᠢ ᠢᠢᠨ ᠰᠠᠯᠠᠭᠠᠨ ᠤ ᠲᠤᠰᠬᠠᠢ ᠮᠡᠷᠭᠡᠵᠢᠯᠲᠡᠨ ᠯᠢᠶᠠᠩ ᠵᠢᠩ ᠢ ᠤᠷᠢᠨ ᠠᠪᠴᠢᠷᠠᠵᠤ᠂ ᠡᠮᠡᠭ᠍ᠲᠡᠢ ᠢᠢᠨ ᠰᠠᠯᠠᠭᠠᠨ ᠤ ᠤᠨᠤᠰᠢᠯᠠᠨ ᠡᠮᠨᠡᠬᠦ ᠠᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠪᠡ︔ ᠪᠡᠭᠡᠵᠢᠩ ᠦᠨ ᠠᠨ ᠵᠧᠨ ᠡᠮᠨᠡᠯᠭᠡ ᠢᠢᠨ ᠬᠣᠷᠢᠶᠠᠨ ᠤ ᠱᠤᠸᠠᠩ ᠰᠢᠨ ᠠᠨᠠᠭᠠᠬᠤ ᠤᠬᠠᠭᠠᠨ ᠤ ᠲᠥᠪ ᠲᠡᠶ ᠴᠢᠳᠠᠪᠤᠷᠢᠲᠠᠨ ᠤ ᠰᠣᠯᠢᠯᠴᠠᠭᠠᠨ ᠤ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ︔ ᠵᠠᠩ ᠮᠢᠩ ᠫᠷᠤᠹᠧᠰᠰᠤᠷ ᠤᠨ ᠨᠡᠷᠡᠲᠦ ᠡᠮᠴᠢ ᠢᠢᠨ ᠠᠵᠢᠯᠯᠠᠬᠤ ᠲᠠᠰᠤᠭ ᠢ ᠪᠠᠶᠢᠭᠤᠯᠵᠤ᠂ 60 ᠮᠡᠰᠡ ᠵᠠᠰᠠᠯ ᠢ ᠬᠢᠵᠦ ᠳᠠᠭᠤᠰᠬᠠᠪᠠ᠃ ᠬᠠᠷᠢᠶᠠᠲᠤ ᠣᠷᠣᠨ ᠤ ᠳᠣᠲᠣᠷᠠᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠢᠢᠨ ᠬᠣᠷᠢᠶ᠎ᠠ ᠨᠢ ᠭᠤᠷᠪᠠᠳᠤᠭᠠᠷ ᠵᠡᠷᠭᠡ ᠢᠢᠨ ᠬᠥᠬᠡ ᠵᠡᠷᠭᠡ ᠢᠢᠨ 13 ᠡᠮᠨᠡᠯᠭᠡ ᠢᠢᠨ ᠬᠣᠷᠢᠶ᠎ᠠ ᠲᠠᠶ ᠬᠠᠮᠲᠤᠷᠠᠯᠴᠠᠭ᠎ᠠ ᠪᠠᠶᠢᠭᠤᠯᠵᠤ᠂ ᠭᠤᠷᠪᠠᠳᠤᠭᠠᠷ ᠵᠡᠷᠭᠡ ᠢᠢᠨ ᠬᠥᠬᠡ ᠵᠡᠷᠭᠡ ᠢᠢᠨ ᠡᠮᠨᠡᠯᠭᠡ ᠢᠢᠨ ᠬᠣᠷᠢᠶ᠎ᠠ ᠢᠢᠨ ᠨᠠᠷᠠᠲᠦ ᠲᠤᠰᠬᠠᠶ ᠮᠡᠷᠭᠡᠵᠢᠯᠲᠡᠨ ᠢ 91 ᠤᠳᠠᠭ᠎ᠠ ᠤᠷᠢᠨ ᠠᠪᠴᠢᠷᠠᠵᠤ᠂ 2300 ᠭᠠᠷᠤᠶ ᠬᠥᠮᠦᠨ︵ᠤᠳᠠᠭ᠎ᠠ︶ᠦᠢᠯᠡᠴᠢᠯᠡᠭᠦᠯᠦᠨ᠂ 122 ᠮᠡᠰᠡ ᠵᠠᠰᠠᠯ ᠬᠢᠯᠭᠡᠵᠦ᠂ 41 ᠭᠣᠸᠯᠯᠠᠭᠴᠢ ᠬᠦᠴᠦᠨ ᠢ ᠭᠤᠷᠪᠠᠳᠤᠭᠠᠷ ᠵᠡᠷᠭᠡ ᠢᠢᠨ ᠬᠥᠬᠡ ᠵᠡᠷᠭᠡ ᠢᠢᠨ ᠨᠠᠷᠠᠲᠦ ᠡᠮᠨᠡᠯᠭᠡ ᠢᠢᠨ ᠬᠣᠷᠢᠶ᠎ᠠ ᠳᠤ ᠲᠣᠮᠢᠯᠠᠨ ᠳᠤᠮᠳᠠ ᠣᠷᠳᠣ ᠬᠤᠭᠤᠴᠠᠭᠠᠨ ᠤ ᠪᠣᠯᠪᠠᠰᠤᠷᠠᠯ ᠳᠤ ᠤᠷᠤᠯᠴᠠᠭᠤᠯᠪᠠ᠃
ᠰᠠᠭᠤᠭᠠᠯᠢ ᠠᠷᠠᠳ ᠤᠨ ᠡᠷᠡᠭᠦᠯ ᠮᠡᠨᠳᠦ ᠢᠢᠨ ᠬᠡᠪ ᠪᠣᠯᠪᠠᠰᠤᠷᠠᠯ ᠤᠨ ᠬᠢᠷᠢ ᠲᠦᠪᠰᠢᠨ ᠵᠢᠯ ᠳᠠᠷᠠᠭᠠᠯᠠᠨ ᠳᠡᠭᠡᠭ᠍ᠰᠢᠯᠡᠪᠡ᠃ ᠡᠯ᠎ᠡ ᠲᠥᠷᠥᠯ ᠦᠨ ᠡᠷᠡᠭᠦᠯ ᠡᠩᠬᠡ ᠢᠢᠨ ᠡᠰ 498᠂ ᠡᠷᠡᠭᠦᠯ ᠡᠩᠬᠡ ᠢᠢᠨ ᠡᠰ ᠦᠨ ᠬᠡᠪ ᠵᠠᠭᠪᠤᠷ 4 ᠵᠢ ᠡᠭᠦᠳᠦᠨ ᠪᠠᠶᠢᠭᠤᠯᠵᠤ᠂ ᠪᠥᠬᠥ ᠬᠣᠰᠢᠭᠤᠨ ᠤ ᠰᠠᠭᠤᠭᠠᠯᠢ ᠠᠷᠠᠳ ᠤᠨ ᠡᠷᠡᠭᠦᠯ ᠡᠩᠬᠡ ᠢᠢᠨ ᠬᠡᠪ ᠪᠣᠯᠪᠠᠰᠤᠷᠠᠯ ᠤᠨ ᠬᠢᠷᠢ ᠲᠦᠪᠰᠢᠨ ᠬᠣᠲᠠ ᠢᠢᠨ ᠲᠠᠰ ᠤᠨ ᠬᠢ ᠲᠡᠶ ᠠᠳᠠᠯᠢ ᠪᠠᠶᠢᠵᠤ᠂ ᠤᠯᠤᠰ ᠤᠨ ᠡᠷᠡᠭᠦᠯ ᠡᠩᠬᠡ ᠢᠢ ᠠᠬᠢᠭᠤᠯᠬᠤ ᠬᠣᠰᠢᠭᠤ ᠪᠠᠷ ᠦᠨᠡᠯᠡᠭ᠍ᠳᠡᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠳᠠᠬᠢᠨ ᠬᠢᠨᠠᠯᠲᠠ ᠢᠢ ᠤᠷᠤᠭᠰᠢᠲᠠᠶ ᠥᠩᠭᠡᠷᠡᠭᠦᠯᠪᠡ᠃ ᠨᠠᠰᠤᠲᠠᠨ ᠪᠠ ᠬᠡᠦᠬᠡᠳ ᠦᠨ ᠦᠢᠯᠡᠴᠢᠯᠡᠭᠡ ᠢᠢ ᠦᠷᠭᠦᠯᠵᠢᠯᠡᠨ ᠰᠢᠯᠢᠳᠡᠭ᠍ᠵᠢᠭᠦᠯᠪᠡ᠃ ᠣᠲᠣ ᠲᠠᠡᠭᠰᠠᠯᠠᠭᠤᠯᠤᠭᠰᠠᠨ ᠬᠡᠸᠬᠡᠳ ᠰᠠᠭᠠᠲᠠᠭᠤᠯᠬᠤ ᠪᠠᠶᠢᠭᠤᠯᠤᠮᠵᠢ 8 ᠪᠠᠶᠢᠵᠤ᠂ 1099 ᠤᠷᠤᠨ ᠲᠤᠭ᠎ᠠ ᠲᠠᠢ ᠪᠠᠶᠢᠭᠰᠠᠨ ᠡᠴᠡ 2024 ᠣᠨ ᠳᠤ 145 ᠤᠷᠤᠨ ᠲᠤᠭ᠎ᠠ ᠵᠢ ᠨᠡᠮᠡᠭᠳᠡᠬᠦᠯᠵᠦ᠂ ᠮᠢᠩᠭᠠᠨ ᠬᠥᠮᠦᠨ ᠪᠦᠷᠢ ᠳᠦ 6.6 ᠤᠷᠤᠨ ᠲᠤᠭ᠎ᠠ ᠲᠠᠶ ᠪᠠᠶᠢᠵᠤ᠂ ᠭᠤᠷᠪᠠᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠦ ᠣᠷᠣᠵᠤ᠂︽ᠪᠥᠬᠥ ᠤᠯᠤᠰ ᠤᠨ ᠦᠷᠡᠵᠢᠯ ᠦᠨ ᠨᠥᠬᠥᠷᠰᠡᠭ ᠲᠡᠷᠢᠭᠦᠨ ᠦ ᠨᠢᠭᠡᠴᠡ︾ᠢᠢᠨ ᠢᠷᠠᠭᠤ ᠠᠯᠳᠠᠷᠲᠠᠶ ᠪᠠᠷ ᠭᠥᠷᠳᠡᠪᠡ᠃ ᠣᠲᠣ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡ ᠰᠤᠪᠢᠯᠠᠯᠲᠠ ᠢᠢ ᠤᠶᠠᠯᠳᠤᠭᠤᠯᠤᠭᠰᠠᠨ ᠲᠠᠭᠤᠷᠢᠶᠠᠯ ᠦᠵᠡᠭᠦᠯᠬᠦ ᠪᠠᠶᠢᠭᠤᠯᠤᠮᠵᠢ 1᠂ ᠬᠣᠲᠠ ᠢᠢᠨ ᠱᠠᠲᠤᠨ ᠤ ᠡᠮᠴᠢᠯᠡᠭᠡ ᠰᠤᠪᠢᠯᠠᠯᠲᠠ ᠢᠢ ᠤᠶᠠᠯᠳᠤᠭᠤᠯᠤᠭᠰᠠᠨ ᠲᠤᠷᠰᠢᠯᠲᠠ ᠢᠢᠨ ᠨᠢᠭᠡᠴᠡ 2᠂ ᠬᠣᠲᠠ ᠢᠢᠨ ᠱᠠᠲᠤᠨ ᠤ ᠠᠮᠤᠷ ᠲᠠᠶᠢᠪᠤᠩ ᠰᠤᠪᠢᠯᠠᠯᠲᠠ ᠢᠢᠨ ᠲᠤᠷᠰᠢᠯᠲᠠ ᠢᠢᠨ ᠨᠢᠭᠡᠴᠡ 2 ᠪᠠᠶᠢᠵᠤ᠂ ᠡᠪᠡᠳᠴᠢᠨ ᠡᠮᠭᠡᠭ ᠲᠡᠶ᠂ ᠠᠮᠢ ᠨᠠᠰᠤᠨ ᠤ ᠰᠡᠭᠦᠯᠴᠢ ᠢᠢᠨ ᠬᠤᠭᠤᠴᠠᠭᠠᠨ ᠳᠤ ᠪᠠᠶᠢᠭ᠎ᠠ ᠪᠤᠶᠤ ᠣᠨᠴᠠᠭᠠᠶ ᠬᠠᠷᠠᠭᠠᠯᠵᠠᠯ ᠭᠥᠷᠳᠡᠬᠦ ᠴᠢᠬᠤᠯᠠᠲᠠᠶ ᠨᠠᠰᠤᠲᠠᠶᠢᠴᠤᠳ ᠲᠤ ᠪᠥᠬᠥ ᠲᠠᠯ᠎ᠠ ᠪᠠᠷ ᠬᠠᠷᠠᠭᠠᠯᠵᠠᠨ ᠠᠰᠠᠷᠠᠬᠤ ᠪᠠ ᠨᠠᠰᠤ ᠨᠥᠭ᠍ᠴᠢᠬᠦ ᠦᠶ᠎ᠡ ᠢᠢᠨ ᠬᠠᠯᠠᠮᠵᠢᠯᠠᠯ ᠤᠨ ᠦᠢᠯᠡᠴᠢᠯᠡᠭᠡ ᠬᠠᠩᠭᠠᠵᠠᠢ᠃
ᠦᠦᠰᠢᠨ ᠬᠣᠰᠢᠭᠤᠨ ᠤ ᠬᠢᠨ ᠠᠷᠠᠳ ᠲᠦᠮᠡᠨ ᠦ ᠡᠷᠡᠭᠦᠯ ᠮᠡᠨᠳᠤ ᠪᠡᠷ ᠭᠣᠣᠯ ᠪᠣᠯᠭᠠᠬᠤ ᠦᠵᠡᠯ ᠰᠠᠨᠠᠭ᠎ᠠ ᠢᠢ ᠦᠷᠭᠦᠯᠵᠢᠯᠡᠨ ᠪᠠᠷᠢᠮᠲᠠᠯᠠᠵᠤ᠂ ᠨᠢᠭᠲᠠ ᠬᠡᠯᠪᠡᠷᠢ ᠢᠢᠨ ᠰᠢᠶᠠᠨ ᠤ ᠬᠡᠪᠴᠢᠶᠡᠨ ᠦ ᠡᠮ ᠡᠮᠨᠡᠯᠭᠡ ᠢᠢᠨ ᠬᠠᠮᠲᠤ ᠢᠢᠨ ᠴᠣᠭᠴᠠ ᠢᠢᠨ ᠥᠭᠡᠷᠡᠴᠢᠯᠡᠯᠲᠡ ᠢᠢ ᠭᠦᠨᠵᠡᠭᠡᠶᠢᠷᠡᠭᠦᠯᠵᠦ᠂ ᠬᠦᠴᠦᠨ ᠢᠶᠡᠨ ᠲᠥᠪᠯᠡᠷᠡᠭᠦᠯᠦᠨ ᠦᠦᠰᠢᠨ ᠦ ᠣᠨᠴᠠᠯᠢᠭ ᠲᠠᠶ ᠣᠷᠣᠨ ᠨᠤᠲᠤᠭ ᠤᠨ ᠡᠮᠨᠡᠯᠭᠡ ᠢᠢᠨ ᠬᠣᠷᠢᠶ᠎ᠠ ᠢᠢ ᠪᠠᠶᠢᠭᠤᠯᠵᠤ᠂ ᠮᠣᠩᠭᠣᠯ ᠡᠮᠨᠡᠯᠭᠡ ᠢᠢᠨ ᠠᠮᠢ ᠠᠬᠤᠢ ᠢᠢᠨ ᠡᠷᠡᠭᠦᠯᠵᠢᠯ ᠰᠤᠪᠢᠯᠠᠯᠲᠠ + ᠵᠤᠭᠠᠴᠠᠯ ᠤᠨ ᠦᠢᠯᠡᠰ ᠦᠨ ᠰᠢᠨ᠎ᠡ ᠢᠢ ᠡᠭᠦᠳᠦᠨ ᠬᠥᠭ᠍ᠵᠢᠭᠦᠯᠵᠦ᠂ ᠡᠮ ᠡᠮᠨᠡᠯᠭᠡ ᠢᠢᠨ ᠦᠢᠯᠡᠴᠢᠯᠡᠭᠡᠨ ᠦ ᠰᠢᠰᠲᠸᠮ ᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠦ ᠡᠪᠡᠳᠴᠢᠨ ᠦᠵᠡᠭᠦᠯᠬᠦ ᠬᠦᠴᠢᠷᠳᠡᠢ ᠵᠣᠪᠠᠭᠤᠷᠢ ᠲᠠᠶ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭ᠍ᠳᠡᠵᠦ ᠪᠠᠶᠢᠭ᠎ᠠ ᠪᠦᠬᠦ ᠲᠠᠯ᠎ᠠ ᠢᠢᠨ ᠡᠷᠡᠭᠦᠯ ᠮᠡᠨᠳᠤ ᠢᠢᠨ ᠬᠡᠷᠡᠭ᠍ᠴᠡᠭᠡ ᠢᠢ ᠬᠠᠩᠭᠠᠬᠤ ᠳᠤ ᠳᠠᠰᠤᠷᠠᠯᠳᠠ ᠦᠭᠡᠢ ᠵᠣᠬᠢᠴᠠᠨ ᠬᠦᠭᠵᠢᠭᠰᠡᠨ ᠪᠠᠶᠢᠨ᠎ᠠ᠃