ᠮᠠᠯᠴᠢᠳ ᠤᠨ ᠲᠠᠷᠤᠭᠠᠰᠤ ᠵᠢ ᠬᠦᠡᠭᠭᠡᠯᠡᠭᠰᠡᠨ ᠣᠶᠤᠨᠴᠢ ᠮᠠᠯᠵᠢᠯ ᠤᠨ ᠲᠠᠯᠠᠪᠠᠢ

 ᠄ 2026-03-24 09:18:53

ᠣᠲᠤᠭ ᠬᠤᠰᠢᠭᠤᠨ ᠤ ᠠᠷᠪᠠᠰ ᠰᠤᠮᠤᠨ ᠤ ᠭᠦᠭᠡᠳᠤᠯᠤᠭᠠᠢ ᠭᠠᠴᠠᠭ᠎ᠠ ᠳᠤ ᠬᠦᠷᠬᠦ ᠳᠤ᠂ ᠮᠠᠯᠴᠢᠨ ᠠᠷᠪᠢᠨᠪᠠᠶᠠᠷ ᠶᠠᠭ ᠭᠠᠷ ᠤᠲᠠᠰᠤ ᠪᠠᠷ ᠢᠶᠠᠨ ᠣᠶᠤᠨᠴᠢ ᠮᠠᠯᠵᠢᠯ ᠤᠨ ᠲᠠᠯᠠᠪᠠᠶ ᠢᠢᠨ ᠲᠡᠵᠢᠭᠡᠭᠦ ᠲᠥᠬᠦᠭᠡᠷᠦᠮᠵᠢ ᠪᠠᠨ ᠡᠵᠡᠮᠳᠡᠵᠤ᠂ ᠬᠡᠮᠬᠡᠯᠬᠦ᠂ ᠵᠢᠭᠤᠷᠠᠬᠤ᠂ ᠲᠠᠮᠵᠢᠭᠤᠯᠤᠨ ᠭᠦᠷᠭᠡᠭᠦ ᠢᠢ ᠨᠢᠭᠡ ᠯᠡ ᠲᠡᠭᠡᠷ᠎ᠠ ᠪᠡᠶᠡᠯᠡᠭᠦᠯᠵᠤ᠂ ᠬᠠᠭᠠᠰ ᠴᠠᠭ ᠪᠣᠯᠤᠯ ᠥᠬᠡᠶ ᠪᠠᠷ ᠢᠮᠠᠭ᠎ᠠ ᠪᠠᠨ ᠲᠡᠵᠢᠭᠡᠵᠤ ᠲᠠᠭᠤᠰᠬᠠᠯ᠎ᠠ᠃

ᠡᠨᠡ ᠭᠦ ᠰᠢᠰᠲ᠋ᠧᠮ ᠨᠢ ᠲᠠᠮᠵᠢᠭᠤᠯᠬᠤ ᠪᠦᠰᠡ᠂ ᠲᠡᠵᠢᠭᠡᠬᠦ ᠮᠠᠰᠢᠨ᠂ ᠲᠡᠵᠢᠭᠡᠯ ᠪᠤᠷᠳᠤᠭᠠᠨ ᠤ ᠰᠤᠪᠤᠷᠭ᠎ᠠ᠂ ᠡᠷᠭᠦᠭᠦ ᠮᠠᠰᠢᠨ ᠪᠠ ᠡᠪᠡᠰᠤ ᠪᠤᠷᠳᠤᠭ᠎ᠠ ᠬᠤᠯᠢᠵᠤ ᠨᠠᠶᠢᠷᠠᠭᠤᠯᠬᠤ ᠮᠠᠰᠢᠨ ᠢᠶᠠᠷ ᠪᠦᠲᠦᠵᠦ᠂ ᠠᠵᠢᠯ ᠤᠨ ᠦᠷ᠎ᠠ ᠠᠰᠢᠭ ᠨᠢ ᠥᠨᠳᠥᠷ ᠪᠦᠲᠦᠮᠵᠢᠲᠡᠶ ᠪᠠᠶᠢᠵᠤ᠂ ᠲᠡᠵᠢᠭᠡᠯ ᠡᠪᠡᠰᠦ ᠪᠣᠷᠳᠤᠭ᠎ᠠ ᠢᠢ ᠬᠡᠮᠬᠡᠯᠵᠤ ᠨᠠᠶᠢᠷᠠᠭᠤᠯᠤᠭᠰᠠᠨ ᠤ ᠳᠠᠷᠠᠭ᠎ᠠ ᠲᠠᠮᠵᠢᠭᠤᠯᠬᠤ ᠪᠦᠰᠡ ᠪᠠᠷ ᠰᠢᠭᠤᠳ ᠬᠠᠰᠢᠶ᠎ᠠ ᠰᠠᠷᠠᠪᠴᠢ ᠳᠤ ᠬᠦᠷᠭᠡᠵᠦ᠂ ᠪᠥᠬᠦ ᠭᠤᠭᠴᠤᠭ᠎ᠠ ᠳᠤ ᠭᠦᠮᠦᠨ ᠭᠠᠷ ᠲᠦᠷᠦᠭᠦ ᠥᠬᠡᠶ ᠪᠠᠶᠢᠬᠤ ᠢᠢ ᠪᠡᠶᠡᠯᠡᠭᠦᠯᠦᠭ᠍ᠰᠡᠨ ᠪᠦᠭᠡᠳ ᠠᠯᠤᠰ ᠠᠴᠠ ᠡᠵᠡᠮᠳᠡᠬᠦ ᠴᠢᠳᠠᠮᠵᠢ ᠲᠠᠢ ᠪᠠᠶᠢᠵᠤ ᠮᠠᠯᠴᠢᠳ ᠭᠠᠳᠠᠭᠰᠢ ᠭᠠᠷᠤᠭᠰᠠᠨ ᠴᠦ ᠭᠠᠷ ᠤᠲᠠᠰᠤ ᠪᠠᠷ ᠢᠶᠠᠨ ᠡᠵᠡᠮᠳᠡᠵᠤ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠴᠠᠭ ᠬᠤᠭᠤᠴᠠᠭ᠎ᠠ ᠪᠠ ᠣᠷᠣᠨ ᠵᠠᠢ ᠢᠢᠨ ᠬᠢᠵᠠᠭᠠᠷᠯᠠᠯ ᠢ ᠡᠪᠳᠡᠭ᠍ᠰᠡᠨ ᠪᠠᠶᠢᠨ᠎ᠠ᠃

ᠮᠠᠯᠴᠢᠨ ᠠᠷᠪᠢᠨᠪᠠᠶᠠᠷ᠄ ︽ᠥᠩᠭᠡᠷᠡᠭ᠍ᠰᠡᠨ ᠳᠤ ᠲᠡᠮᠦᠷ ᠤᠩᠭᠤᠴᠠᠨ ᠳᠤ ᠢᠮᠠᠭ᠎ᠠ ᠲᠡᠵᠢᠭᠡᠵᠦ᠂ ᠲᠤᠮᠤ ᠭᠡᠰᠡᠭ ᠲᠠᠢ ᠡᠪᠡᠰᠤ ᠢᠢ ᠢᠮᠠᠭ᠎ᠠ ᠢᠳᠡᠵᠦ ᠳᠡᠶᠢᠯᠬᠦ ᠦᠭᠡᠢ ᠠᠮᠠᠷᠬᠠᠨ ᠪᠦᠷᠢᠯᠭᠡᠨ ᠰᠦᠢᠳᠭᠡᠳᠡᠭ᠃ ᠤᠳᠤ ᠮᠠᠰᠢᠨ ᠢᠶᠠᠷ ᠡᠪᠡᠰᠦ ᠪᠣᠷᠳᠤᠭ᠎ᠠ ᠪᠠᠨ ᠵᠢᠭ᠍ᠳᠡ ᠬᠤᠯᠢᠵᠤ ᠨᠠᠶᠢᠷᠠᠭᠤᠯᠳᠠᠭ ᠠᠴᠠ ᠵᠢᠭᠠᠬᠠᠨ ᠴᠦ ᠪᠦᠷᠢᠯᠭᠡᠬᠦ ᠦᠭᠡᠢ᠂ ᠭᠠᠭᠴᠠ ᠤᠳᠠᠭᠠᠨ ᠤ ᠲᠡᠵᠢᠭᠡᠬᠦ ᠴᠠᠭ ᠨᠢ ᠭᠤᠷᠪᠠᠨ ᠴᠠᠭ ᠪᠠᠶᠢᠭᠰᠠᠨ ᠠᠴᠠ ᠬᠤᠷᠢ ᠭᠤᠴᠢᠨ ᠮᠢᠨᠦ᠋ᠲ ᠪᠤᠯᠵᠡᠢ᠂ ᠠᠷᠪᠢᠯᠠᠭᠰᠠᠨ ᠴᠠᠭ ᠢᠶᠠᠷ ᠢᠶᠠᠨ ᠪᠢ ᠪᠠᠰᠠ ᠪᠤᠰᠤᠳ ᠠᠵᠢᠯ ᠬᠢᠵᠦ ᠪᠤᠯᠤᠨ᠎ᠠ᠃ ᠭᠠᠳᠠᠭᠰᠢ ᠶᠠᠪᠤᠭᠰᠠᠨ ᠴᠦ ᠰᠠᠨᠠᠭ᠎ᠠ ᠠᠮᠤᠷ᠂ ᠭᠠᠷ ᠤᠲᠠᠰᠤᠨ ᠳᠡᠭᠡᠷ᠎ᠡ ᠪᠠᠨ ᠦᠬᠡᠷ ᠢᠮᠠᠭ᠎ᠠ ᠲᠡᠵᠢᠭᠡᠭᠦ ᠪᠠᠶᠢᠳᠠᠯ ᠢ ᠡᠵᠡᠮᠳᠡᠵᠦ ᠴᠢᠳᠠᠨ᠎ᠠ᠂ ᠡᠭᠦᠨ ᠢ ᠥᠩᠭᠡᠷᠡᠭ᠍ᠰᠡᠨ ᠳᠤ ᠪᠣᠳᠣᠵᠤ ᠴᠤ ᠤᠯᠤᠭᠰᠠᠨ ᠦᠭᠡᠢ︾ ᠬᠡᠯ᠎ᠡ᠃

ᠡᠨᠡ ᠬᠦ ᠤᠶᠤᠨᠴᠢ ᠲᠡᠵᠢᠭᠡᠨ ᠦᠷᠡᠵᠢᠭᠦᠯᠬᠦ ᠲᠥᠬᠦᠭᠡᠷᠦᠮᠵᠢ ᠢᠢ ︽ᠨᠤᠳᠤᠭ ᠤᠷᠤᠨ ᠤ ᠰᠢᠨ᠎ᠡ ᠢᠢ ᠡᠭᠦᠳᠬᠦ︾︱ ᠣᠲᠤᠭ ᠬᠤᠰᠢᠭᠤᠨ ᠤ ᠤᠯᠠᠭᠠᠨᠪᠠᠯᠭᠠᠰᠤᠨ ᠤ ᠮᠠᠯ ᠠᠵᠤ ᠠᠬᠤᠶ ᠢᠢᠨ ᠣᠳᠣᠬᠢᠴᠢᠯᠠᠭᠰᠠᠨ ᠮᠠᠰᠢᠨ ᠲᠥᠬᠦᠭᠡᠷᠦᠮᠵᠢ ᠵᠢ ᠰᠤᠳᠤᠯᠤᠨ ᠨᠡᠭᠡᠭᠡᠵᠦ ᠳᠡᠯᠭᠡᠷᠡᠭᠦᠯᠬᠦ ᠪᠠᠲᠤᠯᠠᠭ᠎ᠠ ᠢᠢᠨ ᠲᠥᠪ ᠠᠴᠠ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭ᠍ᠰᠡᠨ ᠶᠤᠮ᠃ ᠲᠤᠰ ᠠᠵᠤ ᠠᠬᠤᠶᠢᠯᠠᠯ ᠮᠠᠯᠴᠢᠳ ᠤᠨ ᠪᠣᠳᠠᠲᠠᠶ ᠲᠡᠵᠢᠭᠡᠨ ᠦᠷᠡᠵᠢᠭᠦᠯᠬᠦ ᠬᠡᠷᠡᠭ᠍ᠴᠡᠭᠡ᠂ ᠮᠠᠯ ᠤᠨ ᠲᠤᠭ᠎ᠠ ᠵᠢᠴᠢ ᠮᠠᠯᠵᠢᠬᠤ ᠲᠠᠯᠠᠪᠠᠶ ᠢᠢᠨ ᠨᠥᠬᠦᠴᠡᠯ ᠢ ᠦᠨᠳᠦᠰᠦᠯᠡᠨ᠂ ︽ᠬᠤᠪᠢ ᠬᠥᠮᠦᠨ ᠤ ᠵᠠᠬᠢᠶᠠᠯᠠᠭ᠎ᠠ︾ ᠢᠢᠨ ᠦᠢᠯᠡᠴᠢᠯᠡᠭᠡ ᠬᠠᠩᠭᠠᠵᠤ᠂ ᠲᠥᠬᠦᠭᠡᠷᠦᠮᠵᠢ ᠢᠢᠨ ᠪᠠᠶᠢᠷᠢᠰᠢᠭᠤᠯᠤᠯᠲᠠ ᠠᠴᠠ ᠴᠢᠳᠠᠮᠵᠢ ᠢᠢ ᠲᠤᠬᠢᠷᠠᠭᠤᠯᠬᠤ ᠳᠤ ᠴᠥᠮ ᠪᠣᠳᠠᠲᠠᠶ ᠲᠡᠵᠢᠭᠡᠨ ᠦᠷᠡᠵᠢᠭᠦᠯᠬᠦ ᠪᠠᠶᠢᠳᠠᠯ ᠳᠤᠨᠢ ᠣᠨᠣᠪᠴᠢᠲᠠᠶ ᠨᠡᠶᠢᠴᠡᠭᠦᠯᠦᠭ᠍ᠰᠡᠨ ᠪᠠᠶᠢᠨ᠎ᠠ᠃

︽ᠪᠢᠳᠡ ᠵᠢᠯ ᠪᠦᠷᠢ 100 ᠭᠠᠷᠤᠶ ᠢᠵᠢ ᠣᠶᠤᠨᠴᠢ ᠮᠠᠯᠵᠢᠯ ᠤᠨ ᠲᠠᠯᠠᠪᠠᠶ ᠢᠢᠨ ᠰᠢᠰᠲ᠋ᠧᠮ ᠢ ᠦᠢᠯᠡᠳᠪᠦᠷᠢᠯᠡᠵᠦ ᠪᠣᠯᠤᠨ᠎ᠠ᠂ ᠣᠳᠣᠬᠠᠨ ᠳᠤ ᠠᠰᠢᠭᠯᠠᠯᠲᠠ ᠳᠤ ᠤᠷᠤᠭᠤᠯᠤᠭᠰᠠᠨ ᠨᠢ ᠨᠢᠭᠡᠳᠦᠭᠡᠷ ᠪᠦᠯᠦᠭ ᠤᠨ ᠦᠢᠯᠡᠳᠬᠦᠨ ᠪᠣᠯᠤᠨ᠎ᠠ᠂ ᠤᠶᠤᠨᠴᠢ ᠪᠠᠷ ᠲᠡᠵᠢᠭᠡᠭᠦ᠂ ᠠᠯᠤᠰ ᠠᠴᠠ ᠡᠵᠡᠮᠳᠡᠬᠦ ᠭᠤᠣᠯ ᠬᠡᠷᠡᠭ᠍ᠴᠡᠭᠡ ᠢᠢ ᠪᠦᠷᠢᠮᠦᠰᠦᠨ ᠬᠠᠩᠭᠠᠵᠤ ᠪᠠᠶᠢᠨ᠎ᠠ᠃ ᠲᠠᠷᠠᠭᠠᠴᠢ ᠢᠢᠨ ᠠᠯᠬᠤᠮ ᠳᠤ ᠪᠢᠳᠡ ᠦᠷᠭᠦᠯᠵᠢᠯᠡᠨ ᠲᠠᠰ ᠳᠡᠪᠰᠢᠭᠦᠯᠵᠦ᠂ ᠨᠠᠷᠢᠯᠢᠭ ᠣᠨᠣᠴᠠᠲᠠᠶ ᠪᠠᠷ ᠡᠵᠡᠮᠳᠡᠬᠦ᠂ ᠲᠡᠵᠢᠭᠡᠯ ᠪᠤᠷᠳᠤᠭᠠᠨ ᠤ ᠬᠡᠮᠵᠢᠶ᠎ᠡ ᠢᠢ ᠤᠶᠤᠨᠴᠢ ᠪᠠᠷ ᠳᠣᠭᠢᠷᠠᠭᠤᠯᠬᠤ ᠵᠡᠷᠭᠡ ᠴᠢᠳᠠᠮᠵᠢ ᠢᠢ ᠰᠢᠨ᠎ᠠ ᠪᠠᠷ ᠨᠡᠮᠡᠭ᠍ᠳᠡᠭᠦᠯᠵᠤ᠂ ᠲᠥᠬᠦᠭᠡᠷᠦᠮᠵᠢ ᠢᠢ ᠮᠠᠯᠵᠢᠬᠤ ᠣᠷᠣᠨ ᠤ ᠦᠢᠯᠡᠳᠪᠦᠷᠢᠯᠡᠯ ᠤᠨ ᠪᠠᠶᠢᠳᠠᠯ ᠲᠠᠢ ᠰᠠᠶᠢᠲᠤᠷ ᠨᠡᠶᠢᠴᠡᠭᠦᠯᠤᠨ᠂ ᠮᠠᠯᠴᠢᠳ ᠤᠨ ᠴᠠᠭ ᠪᠠ ᠬᠥᠳᠡᠯᠮᠦᠷᠢ ᠬᠦᠴᠦᠨ ᠢ ᠠᠷᠪᠢᠯᠠᠵᠤ᠂ ᠣᠶᠤᠨᠴᠢ ᠲᠡᠵᠢᠭᠡᠨ ᠦᠷᠡᠵᠢᠭᠦᠯᠬᠦ ᠲᠥᠬᠦᠮ ᠨᠥᠬᠦᠴᠡᠯ ᠢ ᠨᠠᠩ ᠣᠯᠠᠨ ᠮᠠᠯᠵᠢᠯ ᠤᠨ ᠲᠠᠯᠠᠪᠠᠶ ᠳᠤ ᠪᠦᠷᠬᠦᠬᠦᠯᠦᠨ᠎ᠡ︾ ᠬᠡᠵᠤ ᠣᠲᠤᠭ ᠬᠤᠰᠢᠭᠤᠨ ᠤ ᠤᠯᠠᠭᠠᠨᠪᠠᠯᠭᠠᠰᠤᠨ ᠤ ᠮᠠᠯ ᠠᠵᠤ ᠠᠬᠤᠶ ᠢᠢᠨ ᠣᠳᠣᠬᠢᠴᠢᠯᠠᠭᠰᠠᠨ ᠮᠠᠰᠢᠨ ᠲᠥᠬᠦᠭᠡᠷᠦᠮᠵᠢ ᠢᠢ ᠰᠤᠳᠤᠯᠤᠨ ᠨᠡᠭᠡᠭᠡᠵᠦ ᠳᠡᠯᠭᠡᠷᠡᠭᠦᠯᠬᠦ ᠪᠠᠲᠤᠯᠠᠭ᠎ᠠ ᠢᠢᠨ ᠲᠥᠪ ᠤᠨ ᠬᠠᠷᠢᠭᠤᠴᠠᠯᠭᠠᠲᠠᠨ ᠶᠠᠩ ᡁᠢ ᠶ᠋ᠢᠩ ᠶᠠᠷᠢᠯ᠎ᠠ᠃

ᠣᠶᠢᠷ᠎ᠠ ᠢᠢᠨ ᠵᠢᠯ ᠳᠤ᠂ ᠣᠲᠤᠭ ᠬᠤᠰᠢᠭᠤ ᠮᠠᠯ ᠠᠵᠤ ᠠᠬᠤᠶ ᠢᠢᠨ ᠣᠳᠣᠬᠢᠴᠢᠯᠠᠯᠲᠠ ᠢᠢᠨ ᠬᠡᠯᠪᠡᠷᠢ ᠪᠠᠨ ᠬᠤᠪᠢᠷᠠᠭᠤᠯᠬᠤ ᠢᠢ ᠶᠡᠭᠡ ᠪᠠᠷ ᠠᠬᠢᠭᠤᠯᠵᠤ᠂ ᠤᠯᠠᠮᠵᠢᠯᠠᠯᠲᠤ ᠰᠤᠯᠠ ᠲᠡᠵᠢᠭᠡᠬᠦ ᠵᠠᠭᠪᠤᠷ ᠢ ᠣᠶᠤᠨᠴᠢ ᠲᠡᠵᠢᠭᠡᠨ ᠦᠷᠡᠵᠢᠭᠦᠯᠬᠦ ᠵᠠᠭᠪᠤᠷ ᠲᠡᠶᠢᠰᠢ ᠬᠤᠪᠢᠷᠠᠭᠤᠯᠬᠤ ᠢᠢ ᠪᠡᠶᠡᠯᠡᠭᠦᠯᠵᠦ᠂ ᠮᠠᠯᠵᠢᠬᠤ ᠣᠷᠣᠨ ᠤ ᠦᠢᠯᠡᠳᠪᠦᠷᠢᠯᠡᠯ ᠤᠨ ᠠᠷᠭ᠎ᠠ ᠬᠡᠯᠪᠡᠷᠢ ᠳᠤ ᠭᠦᠨᠵᠡᠭᠡᠶ ᠬᠤᠪᠢᠰᠤᠯᠲᠠ ᠭᠠᠷᠭᠠᠭᠰᠠᠨ ᠪᠠᠶᠢᠨ᠎ᠠ᠃ ᠣᠶᠤᠨᠴᠢ ᠮᠠᠯᠵᠢᠯ ᠤᠨ ᠲᠠᠯᠠᠪᠠᠢ ᠢᠢ ᠳᠡᠯᠭᠡᠷᠡᠭᠦᠯᠬᠦ ᠳᠤ ᠲᠡᠵᠢᠭᠡᠯ ᠡᠪᠡᠰᠦ ᠪᠣᠷᠳᠣᠭᠠᠨ ᠤ ᠬᠤᠷᠣᠭᠳᠠᠯ ᠪᠠ ᠬᠥᠮᠦᠨ ᠤ ᠬᠦᠴᠦᠨ ᠤ ᠥᠪᠡᠷ ᠤᠨ ᠦᠷᠳᠡᠭ ᠢ ᠪᠠᠭᠤᠷᠠᠭᠤᠯᠵᠤ᠂ ᠮᠠᠯᠴᠢᠳ ᠢ ᠪᠡᠶ᠎ᠡ ᠢᠢᠨ ᠬᠥᠳᠡᠯᠮᠦᠷᠢ ᠢᠢᠨ ᠳᠤᠮᠳᠠ ᠠᠴᠠ ᠴᠢᠯᠥᠭᠡᠯᠡᠵᠦ᠂ ᠨᠠᠷᠢᠯᠢᠭ ᠲᠡᠵᠢᠭᠡᠨ ᠦᠷᠡᠵᠢᠭᠦᠯᠬᠦ ᠪᠠ ᠤᠯᠠᠨ ᠡᠰᠢᠲᠦ ᠣᠷᠣᠯᠭ᠎ᠠ ᠢᠢ ᠨᠡᠮᠡᠭ᠍ᠳᠡᠭᠦᠯᠬᠦ ᠳᠤ ᠤᠷᠤᠯᠴᠠᠭᠤᠯᠵᠡᠢ᠃ ᠣᠳᠣᠬᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠢᠢ ᠡᠭᠦᠳᠬᠦ ᠪᠠ ᠤᠯᠠᠮᠵᠢᠯᠠᠯᠲᠤ ᠮᠠᠯ ᠠᠵᠤ ᠠᠬᠤᠶ ᠢᠢ ᠭᠦᠨᠵᠡᠭᠡᠶ ᠠᠭᠤᠰᠤᠯᠴᠠᠭᠤᠯᠵᠤ᠂ ᠥᠨᠳᠥᠷ ᠪᠦᠲᠦᠮᠵᠢᠲᠡᠶ ᠣᠶᠤᠨᠴᠢ ᠲᠡᠵᠢᠭᠡᠨ ᠦᠷᠡᠵᠢᠭᠦᠯᠬᠦ ᠰᠢᠨ᠎ᠡ ᠵᠠᠭᠪᠤᠷ ᠢ ᠲᠦᠭᠡᠮᠡᠯᠵᠢᠭᠦᠯᠦᠨ᠂ ᠮᠠᠯᠵᠢᠬᠤ ᠣᠷᠣᠨ ᠤ ᠴᠢᠨᠠᠷ ᠰᠠᠶᠢᠲᠠᠶ ᠬᠥᠭ᠍ᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭ᠍ᠰᠡᠨ ᠪᠠᠶᠢᠨ᠎ᠠ᠃