ᠴᠢᠳᠠᠮᠠᠭᠠᠢ ᠵᠤᠭᠤᠭᠳᠠᠵᠤ ᠴᠢᠳᠠᠪᠠᠯ ᠰᠤᠷᠪᠤᠯᠵᠢᠯᠠᠭ᠎ᠠ ᠠᠮᠵᠢᠯᠲᠠ ᠤᠯᠵᠤ ᠴᠢᠳᠠᠨ᠎ᠠ

 ᠄ 2025-07-17 10:34:09

ᠲᠤᠰ ᠭᠠᠷᠴᠠᠭ ᠢ ᠦᠵᠡᠮᠡᠭᠴᠡ ᠵᠠᠷᠢᠮ ᠬᠦᠮᠦᠨ ᠵᠣᠭᠣᠭᠳᠠᠬᠤ ᠢᠢ ᠬᠡᠨ ᠴᠢᠳᠠᠬᠤ ᠦᠭᠡᠢ ᠪᠤᠢ︖ ᠰᠤᠷᠪᠤᠯᠵᠢᠯᠠᠭᠴᠢ ᠪᠣᠯᠤᠭᠰᠠᠳ ᠵᠣᠭᠣᠭᠳᠠᠬᠤ ᠢᠢ ᠰᠤᠷᠬᠤ ᠴᠢᠬᠤᠯᠠᠲᠠᠶ ᠶᠤᠮ ᠦᠦ︖ᠭᠡᠰᠡᠨ ᠡᠷᠡᠭᠡᠯᠵᠡᠭᠡ ᠲᠦᠷᠦᠬᠦ ᠮᠠᠭᠠᠳ ᠦᠭᠡᠢ᠃ ᠶᠡᠷᠦ ᠨᠢ ᠰᠤᠷᠪᠤᠯᠵᠢᠯᠠᠭᠴᠢ ᠰᠤᠷᠪᠤᠯᠵᠢᠯᠠᠭ᠎ᠠ ᠢᠢᠨ ᠳᠤᠮᠳᠠ ᠬᠦᠮᠦᠨ ᠲᠠᠢ ᠰᠠᠶᠢᠬᠠᠨ ᠶᠠᠷᠢᠯᠴᠠᠭ᠎ᠠ ᠦᠷᠨᠢᠭᠦᠯᠵᠦ ᠴᠢᠳᠠᠭᠰᠠᠨ ᠦᠭᠡᠢ ᠡᠴᠡ ᠲᠤᠬᠠᠢ ᠵᠢᠨ ᠰᠤᠷᠪᠤᠯᠵᠢᠯᠠᠭ᠎ᠠ ᠤᠷᠤᠭᠰᠢᠲᠠᠢ ᠶᠠᠪᠤᠭᠳᠠᠵᠤ ᠴᠢᠳᠠᠭᠰᠠᠨ ᠦᠭᠡᠢ ᠳᠤᠲᠠᠭᠤ ᠲᠤᠷᠭᠤᠨ ᠲᠠᠰᠤᠯᠳᠠᠭᠰᠠᠨ ᠵᠢᠱᠢᠶ᠎ᠡ ᠤᠯᠠᠨ ᠭᠠᠷᠳᠠᠭ᠃ ᠡᠭᠦᠨ ᠡᠴᠡ ᠦᠵᠡᠬᠦ  ᠳᠤ ᠬᠦᠮᠦᠨ ᠲᠠᠢ ᠵᠤᠭᠤᠭᠳᠠᠬᠤ ᠵᠢ ᠰᠤᠷᠬᠤ ᠨᠢ ᠪᠠᠭ᠎ᠠ ᠤᠴᠢᠷ ᠪᠢᠰᠢ ᠪᠠᠶᠢᠨ᠎ᠠ᠂ ᠵᠤᠭᠤᠭᠳᠠᠬᠤ ᠤᠷ᠎ᠠ ᠳᠡᠮ ᠤᠨ ᠲᠠᠯ᠎ᠠ ᠪᠠᠷ ᠢᠮᠠᠭᠲᠠ ᠠᠩᠬᠠᠷᠴᠤ ᠪᠠᠶᠢᠪᠠᠯ ᠵᠤᠬᠢᠯᠲᠠᠢ ᠭᠡᠳᠡᠭ ᠢ ᠬᠠᠷᠠᠭᠤᠯᠵᠤ ᠪᠤᠢ᠃ ᠰᠤᠷᠪᠤᠯᠵᠢᠯᠠᠭᠴᠢ ᠵᠣᠭᠣᠭᠳᠠᠬᠤ ᠴᠢᠳᠠᠪᠤᠷᠢ ᠪᠠᠨ ᠪᠣᠯᠪᠠᠰᠤᠷᠠᠭᠤᠯᠬᠤ ᠳᠤ ᠶᠠᠭᠤᠨ ᠤ ᠡᠮᠦᠨ᠎ᠡ ᠨᠢᠭᠡ ᠶᠠᠭᠤᠮ᠎ᠠ ᠵᠢ ᠰᠤᠷᠤᠭᠠᠳ ᠠᠪᠴᠢᠬᠠᠶ᠎ᠠ ᠭᠡᠰᠡᠨ ᠲᠠᠨᠢᠯᠲᠠ ᠪᠤᠳᠤᠯ ᠲᠡᠶ ᠪᠠᠶᠢᠬᠤ ᠬᠡᠷᠡᠭ᠍ᠲᠡᠶ᠃ ᠬᠣᠶᠠᠳᠤᠭᠠᠷ ᠲᠤ᠂ ᠳᠠᠷᠤᠤ ᠬᠢᠴᠢᠶᠡᠩᠭᠦᠢ ᠵᠠᠩ ᠠᠷᠠᠨᠰᠢᠨ ᠲᠠᠶ ᠪᠣᠯᠬᠤ ᠬᠡᠷᠡᠭ᠍ᠲᠡᠶ᠃ ᠭᠤᠷᠪᠠᠳᠤᠭᠠᠷ ᠲᠤ᠂ ᠡ᠊ᠩ ᠦᠨ ᠦᠶ᠎ᠡ ᠳᠦ ᠵᠤᠭᠤᠭᠳᠠᠬᠤ ᠠᠭᠤᠯᠭ᠎ᠠ ᠵᠢ ᠲᠠᠰᠤᠷᠠᠯᠲᠠ ᠥᠬᠡᠶ ᠬᠤᠷᠠᠮᠳᠤᠭᠤᠯᠵᠤ ᠪᠠᠶᠢᠬᠤ ᠴᠢᠬᠤᠯᠠᠲᠠᠢ᠃

ᠵᠣᠭᠣᠭᠳᠠᠬᠤ ᠨᠢ ᠮᠡᠷᠭᠡᠵᠢᠯ ᠦᠨ ᠠᠵᠢᠯ ᠳᠤ ᠲᠤᠭᠠᠴᠠᠭᠳᠠᠨ᠎ᠠ

ᠵᠣᠭᠣᠭᠳᠠᠬᠤ ᠭᠡᠳᠡᠭ ᠨᠢ ᠬᠦᠮᠦᠰ ᠬᠤᠭᠤᠷᠤᠨᠲᠤ ᠪᠠᠨ ᠶᠭᠡ ᠬᠡᠯᠡᠯᠴᠡᠬᠦ᠂ ᠶᠠᠷᠢᠯᠴᠠᠬᠤ ᠢᠢ ᠬᠡᠯᠡᠨ᠎ᠡ᠃ ᠵᠠᠷᠢᠮ ᠬᠥᠮᠦᠨ ᠪᠤᠰᠤᠳ ᠲᠠᠢ ᠰᠠᠶᠢᠬᠠᠨ ᠶᠠᠷᠢᠯᠴᠠᠵᠤ ᠪᠠᠶᠠᠷ ᠪᠠᠶᠠᠰᠤᠯ ᠲᠠᠢ ᠠᠭᠤᠷ ᠠᠮᠢᠰᠬᠤᠯ  ᠢ ᠪᠤᠢ ᠪᠤᠯᠭᠠᠵᠤ ᠴᠢᠳᠠᠳᠠᠭ ᠪᠠᠶᠢᠬᠤ ᠳᠤ ᠵᠠᠷᠢᠮ ᠬᠥᠮᠦᠨ ᠬᠠᠷᠢᠨ ᠬᠤᠶᠠᠷ ᠦᠭᠡ ᠵᠦᠷᠢᠭᠡᠳ ᠶᠠᠷᠢᠯᠴᠠᠭ᠎ᠠ ᠪᠠᠨ ᠦᠷᠭᠦᠯᠵᠢᠯᠡᠭᠦᠯᠵᠦ ᠴᠢᠳᠠᠬᠤ ᠳᠤᠭᠤᠢ ᠪᠤᠯᠴᠢᠬᠠᠳᠠᠭ᠃ ᠪᠤᠰᠤᠳ ᠲᠤ ᠦᠨᠡᠨᠴᠢ ᠪᠡᠷ ᠬᠠᠨᠳᠤᠨ᠎ᠠ᠃ ᠪᠤᠰᠤᠳ ᠲᠤ ᠦᠨᠡᠨᠴᠢ ᠪᠡᠷ ᠬᠠᠨᠳᠤᠬᠤ ᠪᠣᠯ ᠵᠤᠭᠤᠭᠳᠠᠵᠤ ᠶᠠᠷᠢᠯᠴᠠᠬᠤ ᠵᠢᠨ ᠨᠢᠭᠡᠨ ᠤᠷᠢᠲᠠᠯ ᠨᠥᠬᠥᠴᠡᠯ ᠮᠥᠨ᠃ ᠬᠠᠷᠢᠯᠴᠠᠨ ᠦᠨᠡᠨᠴᠢ ᠪᠡᠷ ᠬᠠᠨᠳᠤᠵᠤ᠂ ᠬᠣᠭᠣᠷᠣᠨᠳᠣ ᠪᠠᠨ ᠰᠡᠷᠭᠡᠶᠢᠯᠡᠵᠦ ᠨᠢᠭᠤᠬᠤ ᠴᠢᠬᠤᠯᠠ ᠦᠭᠡᠢ᠂ ᠡᠷᠡᠭᠡ ᠵᠢᠷᠤᠭ᠎ᠠ ᠦᠭᠡᠢ ᠶᠠᠭᠤ ᠢᠢ ᠴᠤ ᠬᠠᠮᠢᠶᠠᠷᠬᠤ ᠬᠡᠷᠡᠭ ᠦᠭᠡᠢ ᠪᠣᠯᠬᠣᠷ ᠶᠠᠷᠢᠭᠠᠳ ᠪᠠᠷᠠᠰᠢ ᠦᠭᠡᠢ ᠶᠠᠷᠢᠶᠠᠨ ᠤ ᠰᠡᠳᠦᠪ ᠲᠡᠶ ᠪᠣᠯᠳᠠᠭ᠃ ᠬᠡᠷᠪᠡ ᠦᠨᠡᠨᠴᠢ ᠰᠡᠳᠭᠢᠯ ᠦᠭᠡᠢ᠂ ᠰᠠᠨᠠᠭ᠎ᠠ ᠰᠡᠳᠭᠢᠯ ᠳᠡᠭᠡᠨ ᠭᠠᠶᠢᠮᠤ ᠲᠠᠶ ᠪᠠᠶᠢᠵᠤ᠂ ᠬᠦᠮᠦᠨ ᠤ ᠦᠭᠡ ᠵᠢ ᠵᠠᠯᠭᠠᠵᠤ ᠴᠢᠳᠠᠬᠤ ᠦᠭᠡᠢ ᠪᠣᠯ ᠬᠡᠳᠦᠨ ᠦᠭᠡ ᠴᠦ ᠰᠤᠯᠢᠵᠤ ᠴᠢᠳᠠᠬᠤ ᠦᠭᠡᠢ ᠠᠰ ᠠᠰᠲᠠᠭᠠᠨ ᠶᠠᠪᠤᠴᠢᠬᠠᠨ᠎ᠠ᠃

ᠰᠤᠷᠪᠤᠯᠵᠢᠯᠠᠭ᠎ᠠ  ᠪᠤᠯ ᠮᠦᠨ ᠴᠢᠨᠠᠷ ᠳᠡᠭᠡᠷ᠎ᠡ ᠪᠡᠨ ᠨᠢᠭᠡ ᠵᠦᠢᠯ ᠦᠨ ᠶᠠᠷᠢᠯᠴᠠᠭ᠎ᠠ ᠮᠥᠨ ᠭᠡᠵᠦ ᠬᠡᠯᠡᠵᠦ ᠪᠣᠯᠤᠨ᠎ᠠ᠃ ᠰᠤᠷᠪᠤᠯᠵᠢᠯᠠᠭᠴᠢ ᠪᠣᠯᠤᠨ ᠰᠤᠷᠪᠤᠯᠵᠢᠯᠠᠭ᠎ᠠ ᠬᠦᠯᠢᠶᠡᠭ᠍ᠴᠢ ᠬᠣᠭᠣᠷᠣᠨᠳᠣ ᠪᠠᠨ ᠶᠠᠷᠢᠯᠴᠠᠬᠤ ᠳᠤ᠂ ᠰᠤᠷᠪᠤᠯᠵᠢᠯᠠᠭᠴᠢ ᠳᠠᠷᠤᠤ ᠬᠢᠴᠢᠶᠡᠩᠭᠦᠶ ᠣᠪᠣᠷ ᠢᠶᠠᠷ ᠲᠡᠳᠡᠨ ᠲᠡᠶ ᠬᠠᠷᠢᠯᠴᠠᠵᠤ ᠶᠠᠷᠢᠯᠴᠠᠬᠤ ᠳᠤ ᠨᠥᠭᠥᠭᠡ ᠡᠲᠡᠭᠡᠳ ᠨᠢ ᠴᠦ ᠦᠨᠡᠨᠴᠢ ᠰᠡᠳᠭᠢᠯ ᠢᠶᠡᠷ ᠬᠠᠨᠳᠤᠬᠤ ᠵᠢ ᠪᠤᠳᠤᠳᠠᠭ᠃ ᠢᠩᠭᠢᠭ᠍ᠰᠡᠨ ᠢᠶᠡᠷ ᠬᠣᠭᠣᠷᠣᠨᠳᠣ ᠪᠠᠨ ᠬᠠᠮᠲᠤ ᠢᠢᠨ ᠲᠠᠨᠢᠯᠲᠠ ᠲᠡᠶ ᠪᠤᠯᠵᠤ᠂ ᠶᠡᠬᠡ ᠪᠠᠶᠠᠷ ᠲᠠᠶ ᠪᠠᠷ ᠶᠠᠷᠢᠯᠴᠠᠭ᠎ᠠ ᠰᠤᠷᠪᠤᠯᠵᠢᠯᠠᠭ᠎ᠠ ᠪᠠᠨ ᠦᠷᠨᠢᠭᠦᠯᠵᠦ ᠴᠢᠳᠠᠳᠠᠭ᠃ ᠡᠭᠦᠨ ᠦ ᠡᠰᠡᠷᠭᠦ ᠪᠡᠷ ᠬᠡᠷᠪᠡ ᠯᠠᠷᠵᠢᠶ᠎ᠠ ᠲᠠᠲᠠᠵᠤ᠂ ᠬᠥᠮᠦᠨ ᠢ ᠮᠢᠩᠭᠠᠨ ᠭᠠᠵᠠᠷ ᠤᠨ ᠴᠠᠭᠠᠨ᠎ᠠ ᠳᠤ ᠬᠠᠭᠠᠵᠤ ᠬᠠᠶᠠᠪᠠᠯ᠂ ᠰᠤᠷᠪᠤᠯᠵᠢᠯᠠᠭ᠎ᠠ ᠢᠢᠨ ᠠᠮᠵᠢᠯᠲᠠ ᠤᠯᠬᠤ ᠳᠤ ᠲᠤᠩ ᠪᠡᠷᠬᠡ ᠪᠣᠯᠤᠨ᠎ᠠ᠃

ᠪᠤᠰᠤᠳ ᠤᠨ ᠶᠠᠷᠢᠶ᠎ᠠ ᠵᠢ ᠬᠢᠴᠢᠶᠡᠩᠭᠦᠢᠯᠡᠨ ᠰᠤᠨᠤᠰᠴᠤ ᠰᠤᠷᠬᠤ ᠬᠡᠷᠡᠭ᠍ᠲᠡᠶ᠃ ᠶᠠᠷᠢᠯᠴᠠᠭᠠᠨ ᠤ ᠳᠤᠮᠳᠠ ᠪᠤᠰᠤᠳ ᠤᠨ ᠬᠡᠯᠡᠬᠦ ᠵᠢ ᠰᠣᠨᠣᠰᠴᠤ ᠰᠤᠷᠬᠤ ᠨᠢ ᠲᠤᠶᠢᠯ ᠤᠨ ᠴᠢᠬᠤᠯᠠ ᠶᠤᠮ᠃ ᠦᠭᠡ ᠬᠡᠯᠡᠵᠦ ᠪᠠᠶᠢᠬᠤ ᠨᠢ ᠨᠥᠭᠥᠭᠡ ᠡᠲᠡᠭᠡᠳ ᠲᠡᠬᠡᠨ ᠰᠣᠨᠣᠰᠬᠠᠬᠤ ᠢᠢᠨ ᠲᠥᠯᠥᠭᠡ ᠶᠤᠮ᠂ ᠬᠡᠷᠪᠡ ᠰᠣᠨᠣᠰᠬᠤ ᠬᠥᠮᠦᠨ ᠥᠬᠡᠶ ᠪᠤᠶᠤ ᠰᠣᠨᠣᠰᠬᠤ ᠳᠤᠷ᠎ᠠ ᠥᠬᠡᠶ ᠪᠣᠯᠪᠠᠯ ᠦᠭᠡ ᠬᠡᠯᠡᠵᠦ ᠪᠠᠶᠢᠭ᠎ᠠ ᠬᠦᠮᠦᠨ  ᠤ ᠤᠷᠮ᠎ᠠ ᠰᠡᠳᠭᠢᠯᠭᠡ ᠢᠢ ᠨᠥᠯᠥᠭᠡᠯᠡᠵᠦ᠂ ᠴᠢᠨᠠᠭᠰᠢᠳᠠ ᠨᠠᠷᠢᠨ ᠳᠤᠲᠤᠷᠬᠠᠢ ᠰᠠᠶᠢᠬᠠᠨ ᠵᠦᠢᠯ ᠵᠢᠡᠨ ᠶᠠᠷᠢᠬᠤ ᠦᠭᠡᠢ ᠪᠤᠯᠴᠢᠬᠠᠳᠠᠭ᠃ ᠡᠶᠢᠮᠦ ᠡᠴᠡ ᠵᠣᠭᠣᠭᠳᠠᠬᠤ ᠳᠠᠭᠠᠨ ᠬᠦᠮᠦᠨ ᠤ ᠬᠡᠯᠡᠭᠰᠡᠨ ᠦᠭᠡ ᠵᠢ ᠨᠢᠮᠪᠠᠢ ᠰᠠᠶᠢᠨ ᠰᠣᠨᠣᠰᠬᠤ ᠢᠢ ᠰᠤᠷᠬᠤ ᠬᠡᠷᠡᠭ᠍ᠲᠡᠶ᠃

ᠰᠤᠷᠪᠤᠯᠵᠢᠯᠠᠭ᠎ᠠ ᠢᠢᠨ ᠳᠤᠮᠳᠠ ᠰᠤᠷᠪᠤᠯᠵᠢᠯᠠᠭᠴᠢ ᠰᠤᠷᠪᠤᠯᠵᠢᠯᠠᠭ᠎ᠠ ᠬᠦᠯᠢᠶᠡᠭ᠍ᠴᠢ ᠵᠢᠨ ᠶᠠᠷᠢᠵᠤ ᠪᠠᠶᠢᠭ᠎ᠠ ᠦᠭᠡ ᠵᠢ ᠨᠠᠷᠢᠨ ᠬᠢᠨᠠᠮᠠᠭᠠᠶ ᠰᠣᠨᠣᠰᠪᠠᠯ᠂ ᠲᠡᠭᠦᠨ  ᠳᠤ ᠮᠠᠰᠢ ᠶᠡᠬᠡ ᠵᠣᠷᠢᠭᠵᠢᠭᠤᠯᠤᠯ ᠣᠯᠭᠣᠵᠤ᠂ ᠶᠠᠷᠢᠬᠤ ᠲᠤᠲᠤᠮ ᠨᠠᠷᠢᠨ ᠨᠢᠮᠪᠠᠶ ᠪᠣᠯᠳᠠᠭ ᠡᠴᠡ ᠵᠠᠷᠢᠮ ᠳᠠᠭᠠᠨ ᠰᠤᠷᠪᠤᠯᠵᠢᠯᠠᠭᠴᠢ ᠰᠠᠨᠠᠭᠠᠨ ᠳᠤ ᠥᠬᠡᠶ ᠣᠯᠤᠯᠲᠠ ᠲᠠᠶ ᠪᠣᠯᠳᠠᠭ᠃ ᠡᠭᠦᠨ ᠦ ᠡᠰᠡᠷᠭᠦ ᠪᠡᠷ ᠰᠤᠷᠪᠤᠯᠵᠢᠯᠠᠭᠴᠢ ᠴᠢᠷᠠᠶ ᠳᠠᠭᠠᠨ ᠶᠠᠳᠠᠷᠠᠭᠰᠠᠨ ᠪᠠᠶᠢᠳᠠᠯ ᠢᠯᠡᠷᠡᠭᠦᠯᠵᠦ᠂ ᠳᠤᠷ᠎ᠠ ᠦᠭᠡᠶᠢᠴᠡᠬᠦ ᠳᠦ ᠬᠦᠷᠪᠡᠯ᠂ ᠰᠤᠷᠪᠤᠯᠵᠢᠯᠠᠭ᠎ᠠ ᠬᠦᠯᠢᠶᠡᠭ᠍ᠴᠢ ᠴᠢᠨᠠᠭᠰᠢ ᠶᠠᠷᠢᠬᠤ ᠳᠤᠷ᠎ᠠ ᠦᠭᠡᠶ ᠪᠤᠯᠬᠤ ᠨᠢ ᠶᠠᠷᠢᠶᠠᠨ ᠦᠭᠡᠢ᠃ ᠬᠦᠮᠦᠨ ᠤ ᠶᠠᠷᠢᠬᠤ ᠰᠡᠳᠬᠢᠯ ᠲᠠᠯᠪᠢᠨ ᠰᠤᠨᠤᠰᠴᠤ ᠴᠢᠳᠠᠳᠠᠭ ᠨᠢ ᠬᠥᠮᠦᠨ ᠢ ᠬᠦᠨᠳᠦᠳᠭᠡᠵᠦ ᠪᠠᠶᠢᠬᠤ ᠢᠢ ᠬᠠᠷᠠᠭᠤᠯᠵᠤ ᠪᠤᠢ᠃ ᠰᠤᠷᠪᠤᠯᠵᠢᠯᠠᠭᠴᠢ ᠪᠣᠯᠤᠨ ᠰᠤᠷᠪᠤᠯᠵᠢᠯᠠᠭ᠎ᠠ ᠬᠦᠯᠢᠶᠡᠭ᠍ᠴᠢ ᠬᠤᠭᠤᠷᠤᠨᠳᠤ ᠪᠠᠨ ᠪᠣᠯ ᠨᠢᠭᠡ ᠵᠦᠢᠯ ᠦᠨ ᠡᠷᠬᠡ ᠲᠡᠭ᠍ᠰᠢ ᠬᠠᠷᠢᠴᠠᠭ᠎ᠠ ᠲᠠᠶ ᠶᠤᠮ᠃

ᠰᠤᠷᠪᠤᠯᠵᠢᠯᠠᠬᠤ ᠶᠠᠪᠤᠴᠠ ᠳᠠᠭᠠᠨ ᠰᠤᠷᠪᠤᠯᠵᠢᠯᠠᠭ᠎ᠠ ᠬᠦᠯᠢᠶᠡᠭ᠍ᠴᠢ ᠲᠠᠢ ᠪᠠᠨ ᠨᠢᠭᠡ ᠴᠣᠭᠴᠠ ᠪᠣᠯᠵᠤ᠂ ᠳᠣᠲᠣᠨᠣ ᠪᠠᠷ ᠶᠠᠷᠢᠯᠴᠠᠬᠤ ᠵᠢ ᠰᠤᠷᠴᠤ᠂ ᠬᠠᠷᠢᠨ ᠰᠤᠷᠪᠤᠯᠵᠢᠯᠠᠭᠴᠢ ︽ᠪᠢ ᠴᠢᠮ᠎ᠠ ᠠᠴᠠ ᠠᠰᠠᠭᠤᠶ᠎ᠠ᠂ ᠴᠢ ᠨᠠᠮ᠎ᠠ  ᠳᠤ ᠬᠡᠯᠡᠭᠡᠳ ᠦᠭ︾ ᠭᠡᠰᠡᠨ ᠰᠢᠭ ᠳᠡᠭᠡᠭᠦᠷ ᠵᠠᠩ ᠭᠠᠷᠭᠠᠵᠤ ᠪᠣᠯᠬᠤ ᠦᠭᠡᠶ᠃ ᠰᠤᠷᠪᠤᠯᠵᠢᠯᠠᠭᠴᠢ ᠬᠦᠯᠢᠶᠡᠭᠴᠢ ᠠᠮᠠ ᠬᠠᠮᠬᠢᠯ ᠦᠭᠡᠶ ᠶᠠᠷᠢᠭᠠᠳ ᠪᠠᠷᠠᠬᠤ ᠦᠭᠡᠶ ᠪᠠᠶᠢᠬᠤ ᠳᠤ ᠴᠤ ᠳᠤᠮᠳᠠ ᠡᠴᠡ ᠨᠢ ᠬᠠᠶᠢᠷ᠎ᠠ ᠨᠠᠶᠢᠷ ᠦᠭᠡᠢ ᠲᠠᠰᠤᠯᠳᠠᠭᠤᠯᠬᠤ ᠦᠭᠡᠶ ᠪᠤᠯ ᠵᠤᠬᠢᠨ᠎ᠠ᠃ ᠢᠩᠬᠢᠵᠦ ᠶᠠᠷᠢᠯᠴᠠᠭ᠎ᠠ ᠦᠷᠨᠢᠭᠦᠯᠵᠦ ᠬᠢᠭᠰᠡᠨ ᠰᠤᠷᠪᠤᠯᠵᠢᠠᠯᠭ᠎ᠠ ᠪᠠᠷ ᠳᠠᠮᠵᠢᠨ ᠤᠯᠤᠭᠰᠠᠨ ᠮᠠᠲᠸᠷᠢᠶᠠᠯ ᠨᠢ ᠮᠠᠰᠢ ᠦᠨ᠎ᠡ ᠦᠷᠲᠡᠭ ᠲᠠᠢ ᠪᠠᠶᠢᠵᠤ᠂ ᠪᠢᠴᠢᠵᠦ ᠭᠠᠷᠭᠠᠭᠰᠠᠨ ᠡᠬᠡ ᠪᠢᠴᠢᠭ ᠨᠢ ᠪᠠᠰᠠ ᠦᠪᠡᠷ ᠤᠨ ᠬᠡᠪ ᠨᠠᠮᠪᠠ ᠲᠠᠢ ᠪᠤᠯᠵᠤ ᠴᠢᠳᠠᠳᠠᠭ᠃ ᠪᠤᠰᠤᠳ ᠤᠨ ᠬᠡᠯᠡᠭᠰᠡᠨ ᠦᠭᠡ ᠵᠢ ᠳᠡᠪᠴᠢᠬᠦ ᠦᠭᠡᠢ ᠪᠠᠶᠢᠬᠤ ᠬᠡᠷᠡᠭᠲᠡᠢ᠃ ᠵᠣᠭᠣᠭᠳᠠᠬᠤ ᠳᠤᠮᠳᠠ ᠠᠰᠠᠭᠤᠬᠤ᠂ ᠵᠥᠪᠳᠡᠯᠴᠡᠬᠦ ᠴᠢᠨᠠᠭᠰᠢᠯᠠᠪᠠᠯ ᠮᠠᠷᠭᠤᠯᠳᠤᠳᠠᠭ ᠨᠢ ᠡ᠊ᠩ ᠤᠨ ᠦᠵᠡᠭᠳᠡᠯ ᠪᠤᠯᠪᠠᠴᠤ ᠬᠡᠮᠵᠢᠶ᠎ᠡ ᠢᠢ ᠨᠢ ᠰᠠᠶᠢᠲᠤᠷ ᠡᠵᠡᠮᠰᠢᠬᠦ ᠢᠢ ᠠᠩᠬᠠᠷᠬᠤ ᠬᠡᠷᠡᠭ᠍ᠲᠡᠶ᠃ ᠰᠤᠷᠪᠤᠯᠵᠢᠯᠠᠬᠤ ᠳᠤ ᠡᠨᠡ ᠲᠠᠯ᠎ᠠ ᠪᠠᠷ ᠨᠡᠩ ᠴᠤ ᠢᠯᠡᠭᠦᠦ ᠠᠩᠬᠠᠷᠬᠤ ᠬᠡᠷᠡᠭ᠍ᠲᠡᠶ᠃ ᠦᠨᠡᠨ ᠳᠡᠭᠡᠨ ᠰᠤᠷᠪᠤᠯᠵᠢᠯᠠᠭ᠎ᠠ ᠢᠢᠨ ᠳᠤᠮᠳᠠ ᠠᠳᠠᠯᠢ ᠪᠤᠰᠤ ᠦᠵᠡᠯᠲᠡ ᠪᠤᠢ ᠪᠤᠯᠬᠤ ᠨᠢ ᠶᠡᠷᠦᠳᠡ ᠢᠢᠨ ᠬᠡᠷᠡᠭ ᠶᠤᠮ᠃ ᠭᠡᠪᠡᠴᠦ ᠲᠤᠬᠠᠶ ᠢᠢᠨ ᠲᠠᠯᠠᠪᠤᠷ ᠲᠤ ᠮᠠᠷᠭᠤᠯᠳᠤᠵᠤ ᠪᠣᠯᠬᠤ ᠦᠭᠡᠶ᠃ ᠰᠤᠷᠪᠤᠯᠵᠢᠯᠠᠭᠴᠢ ᠦᠪᠡᠷ ᠤᠨ ᠥᠪᠡᠷ ᠦᠨ ᠦᠵᠡᠯᠲᠡ ᠪᠡᠨ ᠪᠠᠷᠢᠮᠲᠠᠯᠠᠬᠤ  ᠵᠢᠨ ᠳᠠᠭᠠᠤ ᠬᠦᠮᠦᠨ ᠤ ᠬᠡᠯᠡᠭᠰᠡᠨ ᠢ ᠨᠢᠮᠪᠠᠢ ᠰᠤᠨᠤᠰᠴᠤ᠂ ᠠᠯᠢ ᠴᠢᠳᠠᠬᠤ ᠪᠠᠷ ᠠᠳᠠᠯᠢ ᠲᠠᠯ᠎ᠠ ᠢᠢ ᠨᠢ ᠠᠪᠴᠤ ᠶᠠᠷᠢᠯᠴᠠᠪᠠᠯ ᠰᠠᠶᠢᠨ᠃

ᠰᠠᠶᠢᠬᠠᠨ ᠵᠣᠭᠣᠭᠳᠠᠵᠤ ᠴᠢᠳᠠᠬᠤ ᠪᠣᠯ ᠰᠤᠷᠪᠤᠯᠵᠢᠯᠠᠭᠴᠢ ᠢᠢᠨ ᠴᠢᠳᠠᠪᠤᠷᠢ ᠮᠥᠨ

ᠰᠤᠷᠪᠤᠯᠵᠢᠯᠠᠭᠴᠢ ᠡᠬᠡ ᠪᠢᠴᠢᠭ ᠢ ᠰᠠᠶᠢᠨ ᠪᠢᠴᠢᠵᠦ ᠨᠠᠶᠢᠷᠠᠭᠤᠯᠵᠤ ᠴᠢᠳᠠᠬᠤ ᠪᠠᠷ ᠪᠠᠷᠠᠬᠤ ᠥᠬᠡᠶ ᠪᠠᠰᠠ ᠬᠦᠮᠦᠨ ᠲᠠᠢ ᠰᠠᠶᠢᠬᠠᠨ ᠵᠣᠭᠣᠭᠳᠠᠵᠤ ᠴᠢᠳᠠᠬᠤ ᠬᠡᠷᠡᠭ᠍ᠲᠡᠶ᠃ ᠰᠤᠷᠪᠤᠯᠵᠢᠯᠠᠭᠴᠢ ᠪᠤᠳᠠᠲᠤ ᠪᠠᠶᠢᠳᠠᠯ ᠢ ᠣᠶᠢᠯᠠᠭᠠᠵᠤ᠂ ᠲᠤᠬᠠᠶ ᠢᠢᠨ ᠬᠥᠮᠦᠨ ᠲᠡᠶ ᠰᠠᠨᠠᠯ ᠢᠶᠠᠨ ᠰᠣᠯᠢᠯᠴᠠᠬᠤ ᠬᠡᠷᠡᠭ᠍ᠲᠡᠶ ᠤᠴᠢᠷ ᠡᠴᠡ ᠰᠤᠷᠪᠤᠯᠵᠢᠯᠠᠭᠴᠢ ᠵᠢᠨ ᠠᠵᠢᠯ ᠪᠣᠯ ᠬᠥᠮᠦᠨ ᠲᠡᠶ ᠬᠠᠷᠢᠯᠴᠠᠳᠠᠭ ᠠᠵᠢᠯ ᠲᠥᠷᠥᠯ ᠶᠤᠮ᠃

ᠥᠪᠡᠷ ᠦᠨ ᠮᠡᠳᠡᠬᠦ ᠭᠡᠰᠡᠨ ᠵᠢᠡᠨ ᠠᠰᠠᠭᠤᠵᠤ᠂ ᠦᠪᠡᠷ ᠤᠨ ᠮᠡᠳᠡᠬᠦ ᠪᠡᠨ ᠬᠡᠯᠡᠵᠦ᠂ ᠦᠨᠡᠨᠴᠢ ᠳᠤᠲᠤᠨᠤ ᠶᠠᠷᠢᠯᠴᠠᠪᠠᠯ ᠪᠠᠶᠠᠷ ᠬᠦᠷ ᠲᠠᠢ᠂ ᠰᠣᠨᠢᠷᠬᠠᠯᠲᠠᠶ ᠮᠦᠷᠲᠡᠭᠡᠨ ᠦᠨᠳᠦᠷ ᠪᠦᠲᠦᠮᠵᠢᠲᠠᠢ ᠦᠷ᠎ᠡ ᠳ᠋ᠦᠩ ᠢ ᠤᠯᠵᠤ ᠴᠢᠳᠠᠨ᠎ᠠ᠃ ᠰᠤᠷᠪᠤᠯᠵᠢᠯᠠᠭᠴᠢ ᠵᠣᠭᠣᠭᠳᠠᠬᠤ  ᠳᠠᠭᠠᠨ ᠶᠠᠭᠤᠨ ᠤ ᠡᠮᠦᠨ᠎ᠡ ᠨᠢᠭᠡ ᠶᠠᠭᠤᠮ᠎ᠠ ᠮᠡᠳᠡᠭᠡᠳ ᠠᠪᠤᠶ᠎ᠠ ᠭᠡᠰᠡᠨ ᠰᠤᠷᠬᠤ ᠵᠢ ᠬᠦᠰᠡᠭᠰᠡᠨ ᠪᠤᠳᠤᠯ ᠡᠪᠦᠷᠯᠡᠵᠦ ᠪᠠᠶᠢᠬᠤ ᠬᠡᠷᠡᠭ᠍ᠲᠡᠶ᠃ ᠭᠡᠪᠡᠴᠦ ᠵᠣᠭᠣᠭᠳᠠᠵᠤ ᠪᠠᠶᠢᠨ᠎ᠠ ᠭᠡᠳ ᠳᠤᠷ᠎ᠠ ᠪᠠᠷ ᠶᠠᠭᠤ  ᠵᠢ ᠴᠤ ᠶᠠᠷᠢᠬᠤ ᠪᠢᠰᠢ᠂ ᠬᠠᠷᠢᠨ ᠰᠤᠷᠪᠤᠯᠵᠢᠯᠠᠭ᠎ᠠ ᠵᠢᠨ ᠭᠤᠤᠯ ᠰᠡᠲᠦᠪ ᠤᠨ ᠲᠤᠭᠤᠷᠢᠨ ᠪᠠ ᠰᠤᠷᠪᠤᠯᠵᠢᠯᠠᠬᠤ ᠮᠠᠲ᠋ᠧᠷᠢᠶᠠᠯ ᠵᠢᠡᠨ ᠴᠤᠭᠯᠠᠭᠤᠯᠬᠤ ᠵᠢᠨ ᠲᠥᠯᠥᠭᠡ ᠵᠤᠭᠤᠭᠳᠠᠬᠤ ᠴᠢᠬᠤᠯᠠᠲᠠᠢ᠃ ᠡᠶᠢᠮᠦ  ᠡᠴᠡ ᠰᠤᠷᠪᠤᠯᠵᠢᠯᠠᠭᠴᠢ ᠠᠷᠭ᠎ᠠ ᠪᠦᠬᠦᠨ ᠢ ᠰᠦᠪᠡᠭ᠍ᠴᠢᠯᠡᠨ ᠰᠤᠷᠪᠤᠯᠵᠢᠯᠠᠭ᠎ᠠ ᠬᠦᠯᠢᠶᠡᠭᠴᠢ ᠡᠴᠡ ᠤᠴᠢᠷ ᠶᠠᠪᠤᠳᠠᠯ ᠤᠨ ᠦᠨᠡᠨ ᠪᠣᠳᠠᠲᠠᠶ ᠪᠠᠶᠢᠳᠠᠯ ᠢ ᠶᠠᠷᠢᠭᠤᠯᠵᠤ᠂ ᠭᠤᠤᠯ ᠰᠡᠲᠦᠪ ᠤᠨ ᠲᠤᠬᠠᠢ ᠠᠭᠤᠵᠢᠷᠠᠲᠠᠯ᠎ᠠ ᠶᠠᠷᠢᠯᠴᠠᠬᠤ ᠪᠣᠯᠤᠨ᠎ᠠ᠃ ᠡᠭᠦᠨ ᠳᠤ ᠰᠠᠶᠢᠬᠠᠨ ᠶᠠᠷᠢᠯᠴᠠᠭ᠎ᠠ ᠦᠷᠨᠢᠭᠦᠯᠵᠦ ᠴᠢᠳᠠᠬᠤ ᠡᠰᠡᠬᠦ ᠨᠢ ᠰᠤᠷᠪᠤᠯᠵᠢᠯᠠᠭᠴᠢ ᠢᠢᠨ ᠶᠠᠮᠠᠷ ᠨᠢᠭᠡᠨ ᠤᠪᠤᠷ ᠲᠠᠢ ᠪᠠᠷ ᠶᠠᠷᠢᠯᠴᠠᠬᠤ ᠡᠴᠡ ᠳᠤᠭᠲᠠᠭᠠᠭᠳᠠᠨ᠎ᠠ᠃

ᠰᠤᠷᠪᠤᠯᠵᠢᠯᠠᠭᠴᠢ ᠪᠠᠰᠠ ᠰᠠᠶᠢᠬᠠᠨ ᠵᠠᠩ ᠠᠷᠠᠨᠰᠢᠨ ᠲᠠᠶ ᠪᠠᠶᠢᠬᠤ ᠬᠡᠷᠡᠭ᠍ᠲᠡᠶ᠃ ᠨᠢᠭᠡ ᠬᠦᠮᠦᠨ  ᠤ ᠵᠠᠩ ᠠᠭᠠᠰᠢ ᠨᠢ ᠵᠣᠭᠣᠭᠳᠠᠬᠤ ᠲᠠᠶ ᠬᠣᠯᠪᠣᠭ᠎ᠠ ᠲᠠᠶ ᠦᠦ︖

ᠭᠡᠪᠡᠯ ᠬᠤᠯᠪᠤᠭᠳᠠᠯ ᠲᠠᠢ ᠪᠠᠷ ᠪᠠᠷᠠᠬᠤ ᠦᠭᠡᠢ ᠮᠠᠰᠢ ᠶᠡᠬᠡ ᠬᠣᠯᠪᠣᠭᠳᠠᠯ ᠲᠠᠶ ᠶᠤᠮ᠃ ᠨᠢᠭᠡᠨ ᠰᠤᠷᠪᠤᠯᠵᠢᠯᠠᠭᠴᠢ ᠰᠤᠷᠪᠤᠯᠵᠢᠯᠠᠭ᠎ᠠ ᠬᠦᠯᠢᠶᠡᠭ᠍ᠰᠡᠨ ᠬᠥᠮᠦᠨ ᠲᠡᠶ  ᠪᠠᠨ ᠠᠭᠤᠯᠵᠠᠭᠠᠳ ᠶᠠᠭᠤ ᠬᠡᠯᠡᠬᠦ ᠪᠡᠨ ᠤᠯᠬᠤ ᠦᠭᠡᠶ ᠪᠤᠯᠤᠭᠠᠳ᠂ ᠲᠤᠬᠠᠢ ᠵᠢᠨ ᠪᠠᠶᠢᠳᠠᠯ ᠢ ᠡᠵᠡᠮᠳᠡᠬᠦ ᠴᠢᠳᠠᠪᠤᠷᠢ ᠮᠡᠬᠦᠰᠳᠡᠪᠡᠯ ᠰᠤᠷᠪᠤᠯᠵᠢᠯᠠᠭ᠎ᠠ ᠵᠢᠨ ᠡᠭᠦᠷᠭᠡ ᠪᠡᠨ ᠪᠡᠶᠡᠯᠡᠭᠦᠯᠬᠦ ᠳᠤ ᠲᠦᠪᠡᠭ ᠪᠤᠯᠤᠨ᠎ᠠ᠃ ᠡᠨᠡ ᠦᠶ᠎ᠡ ᠳᠤ ᠤᠷᠢᠳᠴᠢᠯᠠᠨ ᠪᠢᠴᠢᠭ᠍ᠰᠡᠨ ᠰᠤᠷᠪᠤᠯᠵᠢᠯᠠᠭ᠎ᠠ  ᠢᠢᠨ ᠲᠣᠪᠴᠢ ᠪᠠᠶᠢᠪᠠᠯ ᠲᠡᠭᠦᠨ  ᠵᠢᠡᠨ ᠰᠤᠷᠪᠤᠯᠵᠢᠯᠠᠭ᠎ᠠ ᠬᠦᠯᠢᠶᠡᠭᠴᠢ ᠳᠡᠭᠡᠨ ᠦᠵᠡᠭᠦᠯᠵᠤ᠂ ᠳᠡᠭᠡᠷᠡᠬᠢ ᠠᠰᠠᠭᠤᠯᠲᠠ ᠢᠢ ᠨᠢᠭᠡᠳ ᠨᠢᠭᠡ ᠪᠡᠷ ᠬᠠᠷᠢᠭᠤᠯᠤᠭᠰᠠᠭᠠᠷ ᠰᠤᠷᠪᠤᠯᠵᠢᠯᠠᠭ᠎ᠠ ᠪᠠᠨ ᠳᠠᠭᠤᠰᠬᠠᠳᠠᠭ ᠦᠵᠡᠭᠳᠡᠯ ᠭᠠᠷᠳᠠᠭ᠃ ᠶᠠᠮᠠᠷ ᠠᠰᠠᠭᠤᠳᠠᠯ ᠢ ᠯᠠᠪᠯᠠᠨ ᠠᠰᠠᠭᠤᠬᠤ ᠴᠢᠬᠤᠯᠠᠲᠠᠶ ᠪᠠᠶᠢᠬᠤ ᠪᠠᠨ ᠮᠡᠳᠡᠬᠦ ᠦᠭᠡᠢ ᠪᠤᠯᠵᠤ᠂ ᠪᠢᠴᠢᠵᠦ ᠭᠠᠷᠭᠠᠭᠰᠠᠨ ᠡᠬᠡ ᠪᠢᠴᠢᠭ ᠨᠢ ᠡᠮᠬᠢ ᠵᠠᠮᠪᠠᠷᠠᠭ᠎ᠠ ᠦᠭᠡᠢ ᠪᠤᠯᠵᠤ᠂ ᠭᠤᠤᠯᠳᠠᠯᠭ᠎ᠠ ᠪᠠᠨ ᠳᠤᠪᠤᠶᠢᠯᠭᠠᠵᠤ ᠴᠢᠳᠠᠬᠤ ᠦᠭᠡᠢ ᠪᠤᠯᠳᠠᠭ᠃ ᠭᠡᠪᠡᠴᠦ ᠡᠨᠡ ᠬᠦ ᠦᠵᠡᠭᠳᠡᠯ ᠨᠢ ᠨᠡᠶᠢᠲᠡᠮ ᠤᠷᠤᠰᠢᠵᠤ ᠪᠠᠶᠢᠭ᠎ᠠ ᠪᠢᠰᠢ᠃ ᠰᠤᠷᠪᠤᠯᠵᠢᠯᠠᠭᠴᠢ ᠡᠷᠬᠡᠪᠰᠢ ᠤᠯᠠᠨ ᠤᠳᠠᠭᠠᠨ ᠤ ᠪᠣᠯᠪᠠᠰᠤᠷᠠᠯ ᠦᠢᠯᠡᠳᠦᠯᠭᠡ ᠵᠢᠨ ᠳᠤᠮᠳᠠ ᠦᠪᠡᠷ ᠤᠨ ᠵᠠᠩ ᠴᠢᠨᠠᠷ ᠤᠨ ᠬᠤᠪᠢᠷᠠᠭᠤᠯᠬᠤ ᠪᠠᠷ ᠤᠷᠤᠯᠳᠤᠬᠤ ᠬᠡᠷᠡᠭᠲᠡᠢ᠃ ᠥᠪᠡᠷ ᠢ ᠪᠡᠨ ᠪᠠᠶᠠᠰᠤᠩᠭᠤᠶ᠂ ᠨᠡᠭᠡᠭᠡᠯᠲᠡᠲᠡᠶ᠂ ᠬᠥᠮᠦᠨ ᠳᠦ ᠦᠨᠡᠨᠴᠢ ᠪᠡᠷ ᠬᠠᠨᠳᠤᠳᠠᠭ ᠵᠠᠩ ᠴᠢᠨᠠᠷ ᠲᠠᠶ ᠪᠤᠯᠭᠠᠬᠤ ᠪᠠᠷ ᠴᠢᠷᠮᠠᠶᠢᠵᠤ᠂ ᠬᠥᠮᠦᠨ ᠲᠡᠶ ᠬᠠᠷᠢᠯᠴᠠᠬᠤ ᠳᠠᠭᠠᠨ ᠰᠠᠢᠢᠨ᠂ ᠤᠴᠢᠷ ᠶᠠᠪᠤᠳᠠᠯ ᠢ ᠠᠷᠭᠠᠴᠠᠭᠠᠬᠤ ᠳᠤ ᠴᠤᠪᠤᠭᠤᠯᠢᠭ ᠰᠡᠷᠭᠡᠭ ᠪᠠᠶᠢᠬᠤ ᠬᠡᠷᠡᠭᠲᠡᠢ᠃ ᠢᠩᠭᠢᠪᠡᠯ ᠰᠠᠶ᠋ᠢ ᠰᠤᠷᠪᠤᠯᠵᠢᠯᠠᠭ᠎ᠠ ᠬᠦᠯᠢᠶᠡᠭ᠍ᠴᠢ ᠲᠡᠶ ᠪᠠᠨ ᠮᠠᠰᠢ ᠲᠦᠷᠭᠡᠨ ᠢᠶᠡᠷ ᠳᠠᠰᠤᠯᠴᠠᠵᠤ᠂ ᠦᠪᠡᠷ ᠤᠨ ᠤᠶᠢᠯᠠᠭᠠᠵᠤ ᠠᠪᠬᠤ ᠵᠦᠢᠯ  ᠵᠢᠡᠨ ᠲᠤᠩ ᠲᠤᠳᠤᠷᠬᠠᠢ ᠮᠡᠳᠡᠵᠦ ᠠᠪᠤ ᠪᠤᠯᠤᠮᠵᠢ ᠦᠨᠳᠦᠷ ᠪᠤᠯᠳᠠᠭ᠃

ᠰᠤᠷᠪᠤᠯᠵᠢᠯᠠᠭᠴᠢ ᠪᠠᠰᠠ ᠮᠡᠳᠡᠯᠭᠡ ᠵᠢᠨ ᠨᠦᠭᠡᠴᠡ ᠪᠠᠨ ᠨᠡᠮᠡᠭᠳᠡᠭᠦᠯᠵᠦ᠂ ᠵᠣᠭᠣᠭᠳᠠᠬᠤ ᠦᠶ᠎ᠡ  ᠳᠳᠤᠰᠠ ᠪᠤᠯᠭᠠᠬᠤ ᠵᠢ ᠬᠦᠰᠡᠪᠡᠯ ᠵᠤᠬᠢᠨ᠎ᠠ᠃ ᠰᠤᠷᠪᠤᠯᠵᠢᠯᠠᠭ᠎ᠠ ᠵᠢᠨ ᠶᠠᠪᠤᠴᠠ ᠳᠤ ᠴᠠᠭ ᠠᠭᠤᠷ᠂ ᠭᠠᠵᠠᠷ ᠵᠦᠶ᠂ ᠵᠠᠩ ᠳᠠᠳᠬᠠᠯ ᠵᠡᠷᠭᠡ ᠰᠡᠲᠦᠪ ᠤᠨ ᠲᠤᠬᠠᠢ ᠪᠠᠰᠠ ᠶᠠᠷᠢᠳᠠᠭ᠃ ᠡᠳᠡᠭᠡᠷ ᠶᠠᠷᠢᠶᠠᠨ ᠤ ᠰᠡᠳᠦᠪ ᠨᠢ ᠬᠡᠳᠦᠢᠪᠡᠷ ᠰᠤᠷᠪᠤᠯᠵᠢᠯᠠᠬᠤ ᠭᠣᠣᠯ ᠰᠡᠳᠦᠪ ᠪᠢᠰᠢ ᠪᠣᠯᠪᠠᠴᠤ ᠡᠳᠡᠭᠡᠷ ᠢ ᠶᠠᠷᠢᠯᠴᠠᠬᠤ ᠪᠠᠷ ᠠᠭᠤᠷ ᠠᠮᠢᠰᠬᠤᠯ ᠢ ᠬᠦᠭᠵᠢᠭᠡᠵᠦ᠂ ᠬᠤᠭᠤᠷᠤᠨᠳᠤᠬᠢ ᠬᠠᠷᠢᠯᠴᠠᠭ᠎ᠠ ᠵᠢ ᠤᠶᠢᠷᠠᠳᠤᠭᠤᠯᠬᠤ ᠳᠤ ᠠᠰᠢᠭᠲᠠᠢ ᠶᠤᠮ᠃ ᠡᠨᠡ ᠦᠶ᠎ᠡ ᠳᠤ ᠬᠦᠮᠦᠨ ᠨᠢᠭᠡ ᠶᠠᠭᠤᠮ᠎ᠠ ᠬᠡᠯᠡᠬᠡᠳ᠂ ᠬᠠᠷᠢᠭᠤ ᠬᠡᠯᠡᠬᠦ ᠮᠡᠳᠡᠯᠭᠡ ᠵᠢᠨ ᠨᠦᠭᠡᠴᠡ ᠦᠭᠡᠢ ᠪᠤᠯ ᠪᠠᠰᠠ ᠭᠠᠴᠢᠭᠳᠠᠬᠤ ᠪᠠᠶᠢᠳᠠᠯ ᠳᠤ ᠤᠷᠤᠭᠤᠯᠳᠠᠭ᠃ ᠡᠶᠢᠮᠦ ᠡᠴᠡ ᠢᠯᠡᠭᠦᠬᠡᠨ ᠨᠣᠮ ᠤᠩᠰᠢᠵᠤ᠂ ᠡ᠊ᠩ ᠦᠨ ᠦᠶ᠎ᠡ ᠳᠦ ᠢᠯᠡᠭᠦᠬᠡᠨ ᠠᠩᠬᠠᠷᠴᠤ᠂ ᠢᠯᠡᠭᠦᠬᠡᠨ ᠬᠤᠷᠠᠮᠳᠤᠭᠤᠯᠪᠠᠯ ᠡᠯ᠎ᠡ ᠲᠠᠯ᠎ᠠ ᠢᠢᠨ ᠮᠡᠳᠡᠯᠭᠡ ᠣᠯᠠᠰᠢᠷᠠᠵᠤ᠂ ᠵᠤᠭᠤᠭᠳᠠᠬᠤ ᠳᠤ ᠬᠦᠮᠦᠨ ᠲᠠᠢ ᠰᠠᠶᠢᠬᠠᠨ ᠨᠡᠶᠢᠯᠡᠵᠦ ᠴᠢᠳᠠᠬᠤ ᠪᠤᠯᠤᠨ᠎ᠠ᠃ ᠬᠡᠷᠬᠢᠨ ᠰᠠᠶᠢᠬᠠᠨ ᠵᠣᠭᠣᠭᠳᠠᠬᠤ ᠵᠢ ᠬᠢᠴᠢᠶᠡᠯ ᠦᠨ ᠪᠢᠴᠢᠭ ᠳᠡᠭᠡᠷ᠎ᠡ ᠵᠢᠭᠠᠬᠤ ᠦᠭᠡᠢ ᠴᠤ ᠡᠨᠡ ᠠᠰᠠᠭᠤᠳᠠᠯ ᠢ ᠵᠥᠪ ᠢᠶᠡᠷ ᠦᠵᠡᠵᠦ᠂ ᠦᠢᠯᠡᠳᠦᠯᠭᠡ ᠢᠢᠨ ᠳᠤᠮᠳᠠ  ᠪᠠᠨ ᠤᠬᠠᠨ ᠤᠶᠢᠯᠠᠭᠠᠬᠤ ᠴᠢᠬᠤᠯᠠᠲᠠᠢ᠃ ᠰᠤᠷᠪᠤᠯᠵᠢᠯᠠᠭᠴᠢ  ᠢᠢᠨ ᠮᠡᠳᠡᠯᠭᠡ ᠴᠢᠳᠠᠪᠤᠷᠢ ᠶᠡᠬᠡ ᠪᠤᠯᠪᠠᠯ ᠠᠵᠢᠯ ᠵᠢᠡᠨ ᠠᠮᠢᠳᠤᠯᠢᠭ ᠬᠥᠭ᠍ᠵᠢᠭᠡᠨ ᠲᠡᠶ ᠬᠢᠵᠦ᠂ ᠨᠡᠩ ᠣᠯᠠᠨ ᠰᠢᠯᠢᠳᠡᠭ ᠪᠦᠲᠦᠭᠡᠯ ᠢ ᠬᠢᠵᠦ ᠭᠠᠷᠭᠠᠬᠤ ᠪᠤᠯᠤᠨ᠎ᠠ᠃