ᠦᠦᠰᠢᠨ ᠬᠣᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠄ ᠬᠡᠷᠡᠭ ᠰᠶᠢᠳᠪᠦᠷᠢᠯᠡᠬᠦ ᠲᠤᠭᠳᠠᠴᠠ ᠵᠢ ᠪᠦᠷᠢᠨᠰᠢᠬᠦᠯᠵᠦ ᠠᠷᠠᠳ ᠲᠠᠸ ᠵᠢᠡᠭᠭᠢᠨᠢ ᠠᠰᠢᠭ ᠬᠦᠷᠳᠡᠬᠡᠨ᠎ᠠ

 ᠄ 2024-09-09 10:31:34

      2024 ᠣᠨ ᠠᠴᠠ ᠨᠠᠭᠠᠰᠢ᠂ ᠦᠦᠰᠢᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠰᠢ ᠵᠢᠨ ᠫᠢᠡᠭ ᠤᠨ ᠬᠠᠸᠯᠢ ᠪᠠᠷ ᠵᠠᠰᠠᠬᠤ ᠦᠵᠡᠯ ᠰᠠᠨᠠᠭ᠎ᠠ᠂ ᠰᠢ ᠵᠢᠨ ᠫᠢᠡᠭ  ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠢᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠢᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠸᠯᠢ ᠴᠠᠭᠠᠵᠠ ᠪᠠ ᠵᠠᠷᠭᠤ ᠳᠤ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠢᠢ ᠬᠠᠸᠯᠢ ᠪᠠᠷ ᠵᠠᠰᠠᠬᠤ ᠵᠠᠮ ᠢᠶᠠᠷ ᠰᠢᠢᠳᠪᠦᠷᠢᠯᠡᠬᠦ ᠢᠢ ᠴᠢᠷᠮᠠᠶᠢᠨ ᠠᠬᠢᠭᠤᠯᠪᠠ᠃ 2024 ᠣᠨ ᠳᠤ ᠦᠦᠰᠢᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠨᠢᠭᠡᠨᠲᠡ 21 ᠬᠤᠪᠢ ᠬᠠᠤᠯᠢ ᠴᠠᠭᠠᠵᠠ ᠳᠤ ᠬᠣᠯᠪᠣᠭᠳᠠᠭᠰᠠᠨ ᠵᠠᠷᠭᠤ ᠳᠤ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠢᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ ᠪᠠᠶᠢᠴᠠᠭᠠᠬᠤ ᠬᠣᠷᠢᠶᠠᠨ ᠤ ᠤᠳᠤᠷᠢᠳᠤᠯᠭ᠎ᠠ ᠢᠢᠨ ᠲᠠᠭᠠᠭᠠᠴᠢᠯᠠᠨ ᠰᠶᠢᠳᠪᠦᠷᠢᠯᠡᠭᠰᠡᠨ 3 ᠬᠡᠷᠡᠭ ᠦᠨ ᠳᠠᠬᠢᠨᠲᠠ ᠭᠣᠮᠣᠳᠠᠯ ᠲᠣᠭᠠᠴᠢᠭᠰᠠᠨ ᠨᠤᠷᠮ᠎ᠠ ᠨᠢ 0% ᠪᠠᠶᠢᠪᠠ᠃

     ᠤᠳᠤᠷᠢᠳᠤᠯᠭ᠎ᠠ ᠢᠢᠨ ᠬᠡᠷᠡᠭ ᠢ ᠳᠠᠭᠠᠭᠠᠴᠢᠯᠠᠬᠤ ᠲᠣᠭᠲᠠᠴᠠ ᠪᠠ ᠤᠳᠤᠷᠢᠳᠬᠤ ᠺᠠᠳ᠋ᠷ ᠤᠨ ᠳᠣᠷᠣᠭᠰᠢ ᠪᠠᠭᠤᠵᠤ ᠰᠤᠷᠪᠤᠯᠵᠢᠯᠠᠭ᠎ᠠ ᠢᠢ ᠬᠦᠯᠢᠶᠡᠨ ᠠᠪᠬᠤ ᠲᠣᠭᠲᠠᠴᠠ ᠢᠢ ᠨᠠᠶᠢᠳᠠᠪᠤᠷᠢᠵᠢᠭᠤᠯᠪᠠ᠃ ︽ᠵᠠᠩᠭᠢᠯᠠᠭ᠎ᠠ ᠢᠢᠨ ᠴᠥᠭᠡᠨ ᠲᠣᠭᠠᠲᠠᠨ︾ ᠵᠢᠡᠷ ᠥᠷᠭᠡᠨ ᠤᠯᠠᠨ ᠪᠠᠶᠢᠴᠠᠭᠠᠬᠤ ᠠᠵᠢᠯᠳᠠᠨ ᠢ ᠲᠠᠭᠤᠷᠢᠶᠠᠯ ᠦᠵᠡᠭᠦᠯᠦᠨ ᠬᠥᠲᠥᠯᠥᠨ ᠵᠢᠯᠣᠭᠣᠳᠴᠤ ᠪᠠᠶᠢᠭᠠᠳ ᠪᠡᠷᠬᠡ ᠬᠡᠷᠡᠭ᠂ ᠪᠡᠷᠬᠡ ᠠᠰᠠᠭᠤᠳᠠᠯ ᠢ ᠰᠢᠢᠳᠪᠦᠷᠢᠯᠡᠪᠡ᠃ ᠠᠩᠬ᠎ᠠ ᠤᠳᠠᠭ᠎ᠠ ᠭᠤᠮᠤᠳᠠᠯ ᠲᠤᠭᠠᠴᠢᠭᠰᠠᠨ ᠬᠡᠷᠡᠭ ᠢ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ᠂ ᠡᠷᠡᠭᠦᠦ᠍ ᠢᠢᠨ ᠬᠡᠷᠡᠭ ᠦᠨ ᠭᠣᠮᠣᠳᠠᠯ ᠲᠣᠭᠠᠴᠢᠯᠲᠠ᠂ ᠤᠯᠤᠰ ᠤᠨ ᠲᠥᠯᠥᠪᠦᠷᠢ ᠵᠡᠷᠬᠡ ︽ᠭᠤᠷᠪᠠᠨ ᠲᠦᠷᠦᠯ ᠦᠨ ᠬᠡᠷᠡᠭ︾ ᠵᠢᠴᠢ ᠤᠯᠠᠨ ᠲᠦᠮᠡᠨ ᠦ ᠲᠤᠰᠬᠠᠯ ᠴᠢᠩᠭ᠎ᠠ᠂ ᠨᠡᠶᠢᠭᠡᠮ ᠦᠨ ᠨᠥᠯᠥᠭᠡ ᠪᠡᠷ ᠶᠡᠬᠡ᠂ ᠠᠩᠬᠠᠷᠤᠯ ᠤᠨ ᠬᠡᠮᠵᠢᠶ᠎ᠡ ᠪᠡᠷ ᠥᠨᠳᠥᠷ ᠵᠠᠬᠢᠳᠠᠯ ᠰᠤᠷᠪᠤᠯᠵᠢᠯᠠᠭ᠎ᠠ ᠢᠢᠨ ᠬᠡᠷᠡᠭ ᠢ ᠰᠢᠭᠦᠬᠦ ᠬᠣᠷᠢᠶᠠᠨ ᠤ ᠤᠳᠤᠷᠢᠳᠤᠯᠭ᠎ᠠ ᠠᠴᠠ ᠬᠡᠷᠡᠭ ᠢ ᠳᠠᠭᠠᠭᠠᠨ ᠠᠪᠴᠤ ᠰᠢᠢᠳᠪᠦᠷᠢᠯᠡᠵᠦ᠂ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠪᠠ ᠬᠠᠷᠢᠶ᠎ᠠ ᠭᠠᠵᠠᠷ ᠤᠨ ᠬᠠᠷᠢᠭᠤᠴᠠᠯᠭ᠎ᠠ ᠢᠢ ᠪᠣᠳᠠᠲᠠᠶᠢᠵᠢᠭᠤᠯᠵᠤ᠂ ᠵᠥᠷᠢᠴᠡᠯ ᠦᠨ ᠬᠤᠷᠴᠠᠳᠬᠤ ᠢᠢ ᠪᠠᠭᠠᠰᠬᠠᠪᠠ᠃ ᠤᠳᠤᠷᠢᠳᠤᠯᠭ᠎ᠠ ᠬᠡᠷᠡᠭ ᠳᠠᠭᠠᠭᠠᠴᠢᠯᠠᠭᠤᠯᠬᠤ ᠳᠠᠭᠠᠨ ᠴᠥᠮ ᠲᠠᠡᠭᠰᠠ ᠡᠪᠬᠡᠮᠡᠯ ᠢ ᠰᠢᠯᠵᠢᠭᠦᠯᠦᠨ ᠠᠪᠴᠢᠷᠠᠵᠤ ᠬᠢᠨᠠᠨ ᠪᠠᠶᠢᠴᠠᠭᠠᠵᠤ᠂ ᠭᠣᠮᠣᠳᠠᠯ ᠲᠣᠭᠠᠴᠢᠭᠴᠢ ᠪᠤᠶᠤ ᠨᠠᠶᠢᠳᠠᠭᠰᠠᠨ ᠣᠷᠣᠯᠠᠭᠴᠢ ᠬᠠᠤᠯᠢᠴᠢ ᠢᠢᠨ ᠰᠠᠨᠠᠯ ᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠬᠦᠴᠢᠷ ᠲᠦᠪᠡᠭ᠍ᠲᠡᠶ ᠪᠤᠳᠤᠯᠢᠶᠠᠨᠲᠠᠶ ᠠᠰᠠᠭᠤᠳᠠᠯ ᠢ ᠪᠡᠶ᠎ᠡ ᠪᠡᠷ ᠢᠶᠡᠨ ᠵᠣᠬᠢᠴᠠᠭᠤᠯᠵᠤ᠂ ᠠᠷᠠᠳ ᠤᠨ ᠪᠠᠶᠢᠳᠠᠯ ᠢ ᠦᠨᠡᠨ ᠬᠦ ᠰᠤᠷᠪᠤᠯᠵᠢᠯᠠᠨ ᠤᠶᠢᠯᠠᠭᠠᠵᠤ᠂ ᠦᠨᠡᠨ ᠰᠡᠳᠭᠢᠯ ᠡᠴᠡ ᠪᠡᠨ ᠤᠴᠢᠷ ᠶᠠᠪᠤᠳᠠᠯ ᠰᠢᠢᠳᠪᠦᠷᠢᠯᠡᠬᠦ ᠢᠢ ᠪᠠᠷᠢᠮᠲᠠᠯᠠᠵᠤ᠂ ᠬᠡᠯᠪᠡᠷᠢ ᠢᠢᠨ ᠦᠵᠡᠯ ᠶᠠᠪᠤᠭᠤᠯᠬᠤ ᠦᠭᠡᠢ᠂ ᠦᠨᠭ᠍ᠭᠡᠨ ᠲᠠᠯ᠎ᠠ ᠢᠢᠨ ᠠᠵᠢᠯ ᠬᠢᠬᠦ ᠦᠭᠡᠢ ᠪᠠᠶᠢᠵᠤ᠂ ᠠᠷᠭ᠎ᠠ ᠪᠦᠬᠦᠨ ᠢ ᠰᠦᠪᠡᠭ᠍ᠴᠢᠯᠡᠨ ᠤᠯᠠᠨ ᠲᠦᠮᠡᠨ ᠦ ᠪᠠᠴᠢᠮᠳᠠᠵᠤ᠂ ᠵᠣᠪᠠᠨᠢᠵᠤ᠂ ᠬᠦᠰᠡᠵᠦ ᠪᠠᠶᠢᠭ᠎ᠠ ᠬᠡᠷᠡᠭ ᠢ ᠰᠢᠢᠳᠪᠦᠷᠢᠯᠡᠵᠦ᠂ ᠠᠷᠠᠳ ᠤᠨ ᠲᠥᠯᠥᠭᠡ ᠪᠠᠶᠢᠴᠠᠭᠠᠬᠤ ᠠᠵᠢᠯ ᠢ ᠪᠣᠳᠠᠲᠠᠶ ᠪᠠᠷ ᠬᠢᠭᠰᠡᠨ ᠪᠠᠶᠢᠨ᠎ᠠ᠃ 2024 ᠣᠨ ᠳᠤ ᠤᠳᠤᠷᠢᠳᠤᠯᠭ᠎ᠠ 6 ᠬᠡᠷᠡᠭ ᠢ ᠳᠠᠭᠠᠭᠠᠴᠢᠯᠠᠵᠤ᠂ 3 ᠬᠡᠷᠡᠭ ᠢ ᠰᠢᠢᠳᠪᠦᠷᠢᠯᠡᠨ ᠲᠠᠭᠤᠰᠬᠠᠵᠤ᠂ 9 ᠰᠤᠷᠪᠤᠯᠵᠢᠯᠠᠭ᠎ᠠ ᠢᠢ ᠬᠦᠯᠢᠶᠡᠨ ᠠᠪᠤᠪᠠ᠃

    ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠲᠣᠭᠲᠠᠴᠠ ᠢᠢ ᠲᠡᠭᠦᠯᠳᠡᠷᠵᠢᠭᠦᠯᠪᠡ᠃ ︽ᠲᠦᠷᠪᠡᠨ ᠶᠡᠬᠡ ᠪᠠᠶᠢᠴᠠᠭᠠᠯᠲᠠ︾ ᠵᠢᠨ ᠴᠢᠳᠠᠮᠵᠢ ᠢᠢᠨ ᠪᠠᠶᠢᠷᠢ ᠲᠣᠭᠲᠠᠭᠠᠯᠲᠠ᠂ ᠠᠵᠢᠯᠯᠠᠭᠠᠨ ᠤ ᠵᠢᠮ᠎ᠡ ᠶᠣᠰᠣ᠂ ᠬᠢᠨᠠᠯᠲᠠ ᠲᠠᠯᠪᠢᠬᠤ ᠲᠦᠷᠢᠮ ᠲᠡᠶ ᠵᠣᠬᠢᠴᠠᠯᠳᠤᠭᠰᠠᠨ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠬᠡᠯᠪᠡᠷᠢ ᠢᠢ ᠪᠠᠶᠢᠭᠤᠯᠵᠤ᠂ ᠡᠯ᠎ᠡ ᠲᠤᠬᠠᠶᠢᠯᠠᠭᠰᠠᠨ ᠠᠵᠢᠯ ᠤᠨ ᠣᠨᠴᠠᠯᠢᠭ ᠲᠠᠶ ᠵᠣᠬᠢᠴᠠᠯᠳᠤᠭᠰᠠᠨ ᠭᠡᠷᠡᠴᠢᠯᠡᠭᠡ ᠰᠣᠨᠣᠰᠬᠤ ᠠᠵᠢᠯ ᠤᠨ ᠵᠢᠯᠤᠭᠤᠳᠤᠯᠭ᠎ᠠ ᠢᠢ ᠲᠣᠭᠲᠠᠭᠠᠪᠠ᠃ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠳᠤ ᠬᠡᠷᠡᠭ᠍ᠯᠡᠬᠦ ᠬᠡᠪᠴᠢᠶ᠎ᠡ ᠢᠢ ᠠᠯᠬᠤᠮ ᠠᠯᠬᠤᠮ ᠢᠶᠠᠷ ᠥᠷᠭᠡᠳᠭᠡᠵᠦ᠂ ᠠᠳᠠᠯᠢ ᠪᠤᠰᠤ ᠬᠡᠷᠡᠭ ᠦᠨ ᠲᠦᠷᠦᠯ ᠵᠦᠢᠯ ᠳᠦ ᠴᠢᠭ᠍ᠯᠡᠭᠦᠯᠦᠨ᠂ ᠢᠯᠡ ᠪᠡᠷ ᠭᠡᠷᠡᠴᠢᠯᠡᠭᠡ ᠰᠣᠨᠣᠰᠬᠤ᠂ ᠳᠦᠭᠦᠮ ᠭᠡᠷᠡᠴᠢᠯᠡᠭᠡ ᠰᠣᠨᠣᠰᠬᠤ᠂ ᠭᠡᠷ ᠲᠦᠨᠢ ᠬᠦᠷᠴᠦ ᠭᠡᠷᠡᠴᠢᠯᠡᠭᠡ ᠰᠣᠨᠣᠰᠬᠤ ᠵᠡᠷᠭᠡ ᠵᠦᠷᠢᠶᠡᠴᠢᠯᠡᠭ᠍ᠰᠡᠨ ᠭᠡᠷᠡᠴᠢᠯᠡᠭᠡ ᠰᠣᠨᠣᠰᠬᠤ ᠠᠷᠭ᠎ᠠ ᠬᠡᠮᠵᠢᠶ᠎ᠡ ᠢᠢ ᠬᠡᠷᠡᠭ᠍ᠯᠡᠪᠡ᠃ ᠵᠢᠱᠢᠶᠡᠯᠡᠪᠡᠯ᠂ ᠯᠢ ᠣᠪᠣᠭᠲᠤ ᠳᠣᠲᠣᠭᠠᠳᠤ ᠢᠢ ᠬᠠᠮᠠᠭᠠᠯᠠᠬᠤ ᠪᠠᠶᠢᠭᠤᠯᠭ᠎ᠠ ᠢᠢᠨ ᠲᠤᠷᠰᠢᠨ ᠪᠠᠶᠢᠴᠠᠭᠠᠬᠤ ᠠᠵᠢᠯᠯᠠᠭ᠎ᠠ ᠵᠢᠴᠢ ᠰᠢᠭᠦᠬᠦ ᠬᠣᠷᠢᠶᠠᠨ ᠤ ᠰᠢᠭᠦᠨ ᠲᠠᠰᠤᠯᠬᠤ ᠵᠢᠷᠤᠮ ᠳᠤ ᠬᠠᠨᠤᠮᠵᠢ ᠦᠭᠡᠢ ᠪᠠᠶᠢᠵᠤ᠂ ᠲᠤᠰ ᠪᠠᠶᠢᠴᠠᠭᠠᠬᠤ ᠬᠣᠷᠢᠶᠠᠨ ᠳᠤ ᠬᠢᠨᠠᠯᠲᠠ ᠲᠠᠯᠪᠢᠭᠤᠯᠬᠤ ᠪᠠᠷ ᠭᠤᠶᠤᠴᠢᠯᠠᠭᠰᠠᠨ ᠳᠤ ᠲᠤᠰ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠭᠰᠠᠨ ᠤ ᠳᠠᠷᠠᠭ᠎ᠠ ᠠᠰᠠᠭᠤᠳᠠᠯ ᠢ ᠢᠯᠡᠷᠡᠬᠦᠯᠦᠭᠰᠡᠨ ᠦᠭᠡᠢ ᠪᠤᠯᠬᠤᠷ ᠬᠠᠤᠯᠢ ᠶᠣᠰᠣᠭᠠᠷ ᠬᠠᠷᠢᠭᠤᠯᠲᠠ ᠥᠭ᠍ᠴᠡᠢ᠃ ᠯᠢ ᠣᠪᠣᠭᠲᠤ ᠵᠦᠪᠰᠢᠶᠡᠷᠡᠭᠰᠡᠨ ᠦᠬᠡᠢ ᠮᠦᠷᠳᠡᠬᠡᠨ ᠲᠠᠬᠢᠨᠳᠠ ᠤᠯᠠᠨ ᠤᠳᠠᠭ᠎ᠠ ᠰᠦᠯᠵᠢᠶ᠎ᠡ᠂ ᠭᠠᠷ ᠤᠲᠠᠰᠤ ᠪᠡᠷ ᠲᠠᠮᠵᠢᠨ ᠭᠣᠮᠣᠳᠠᠯ ᠲᠣᠭᠠᠴᠢᠪᠠ᠃ ᠰᠡᠭᠦᠯᠡᠷ ᠨᠢ ᠪᠠᠶᠢᠴᠠᠭᠠᠬᠤ ᠬᠣᠷᠢᠶ᠎ᠠ ᠡᠴᠡ ᠳᠣᠲᠣᠭᠠᠳᠤ ᠢᠢ ᠬᠠᠮᠠᠭᠠᠯᠠᠬᠤ᠂ ᠰᠢᠭᠦᠬᠦ ᠬᠣᠷᠢᠶᠠᠨ ᠤ ᠬᠡᠷᠡᠭ ᠰᠢᠢᠳᠪᠦᠷᠢᠯᠡᠬᠦ ᠠᠵᠢᠯᠲᠠᠨ ᠵᠢᠴᠢ ᠬᠠᠤᠯᠢᠴᠢ᠂ ᠠᠷᠠᠳ ᠤᠨ ᠬᠢᠨᠠᠭᠴᠢ ᠢᠢ ᠤᠷᠢᠵᠤ᠂ ᠯᠢ ᠣᠪᠣᠭᠲᠤ ᠵᠢᠨ ᠵᠠᠬᠢᠳᠠᠯ ᠰᠤᠷᠪᠤᠯᠵᠢᠯᠠᠭ᠎ᠠ ᠢᠢᠨ ᠬᠡᠷᠡᠭ ᠦᠨ ᠲᠤᠬᠠᠶ ᠬᠠᠤᠯᠢ ᠵᠢ ᠲᠠᠶᠢᠯᠪᠤᠷᠢᠯᠠᠨ ᠶᠣᠰᠣ ᠶᠠᠷᠢᠵᠤ᠂ ᠡᠴᠦᠰ ᠲᠡᠬᠡᠨ ᠯᠢ ᠤᠪᠤᠭᠳᠤ ᠵᠢᠨ ᠰᠡᠳᠭᠢᠯ ᠦᠨ ᠵᠠᠩᠭᠢᠷᠠᠭ᠎ᠠ ᠢᠢ ᠲᠠᠶᠢᠯᠵᠤ᠂ ᠯᠢ ᠤᠪᠤᠭᠳᠤ ᠲᠤᠬᠠᠶ ᠢᠢᠨ ᠲᠠᠯᠠᠪᠤᠷ ᠲᠤ ᠵᠠᠭᠠᠯᠳᠤᠬᠤ ᠢᠢ ᠵᠣᠭᠰᠣᠭᠠᠵᠤ ᠰᠤᠷᠪᠤᠯᠵᠢᠯᠠᠬᠤ ᠢᠢ ᠵᠣᠭᠰᠣᠭᠠᠬᠤ ᠠᠮᠠᠯᠠᠯᠲᠠ ᠢᠢᠨ ᠪᠢᠴᠢᠭ ᠲᠦ ᠭᠠᠷ ᠤᠨ ᠦᠰᠦᠭ ᠵᠢᠷᠤᠪᠠ᠃

     ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠲᠣᠭᠲᠠᠴᠠ ᠢᠢ ᠲᠡᠭᠦᠯᠳᠡᠷᠵᠢᠭᠦᠯᠪᠡ᠃ ᠬᠡᠷᠡᠭ ᠡᠴᠡ ᠪᠣᠯᠵᠣ ᠠᠮᠢᠳᠤᠷᠠᠯ ᠨᠢ ᠬᠦᠴᠢᠷᠳᠡᠯ ᠲᠡᠶ ᠪᠣᠯᠤᠭᠰᠠᠨ ᠲᠤᠬᠠᠶ ᠢᠢᠨ ᠬᠥᠮᠦᠨ ᠳᠦ ︽ᠠᠪᠤᠷᠠᠪᠠᠰᠤ ᠵᠣᠬᠢᠬᠤ ᠢᠢ ᠨᠢ ᠴᠥᠮ ᠠᠪᠤᠷᠬᠠᠸ᠂ ᠠᠪᠤᠷᠠᠪᠠᠰᠤ ᠵᠣᠬᠢᠬᠤ ᠢᠢ ᠨᠢ ᠳᠠᠷᠤᠶᠢᠬᠠᠨ ᠠᠪᠤᠷᠬᠠᠸ︾ ᠱᠠᠭᠠᠷᠳᠠᠯᠭ᠎ᠠ ᠢᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠢᠢ ᠪᠣᠳᠠᠲᠠᠶᠢᠵᠢᠭᠤᠯᠵᠤ ᠨᠢᠭᠡ ᠢᠢ ᠰᠢᠢᠳᠪᠦᠷᠢᠯᠡᠬᠦ︾ ᠠᠵᠢᠯ ᠤᠨ ᠵᠠᠷᠴᠢᠮ ᠶᠣᠰᠣᠭᠠᠷ ᠠᠮᠢᠳᠤᠷᠠᠯ ᠨᠢ ᠬᠦᠴᠢᠷᠳᠡᠯ ᠲᠡᠶ ᠢᠢ ᠨᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠲᠤᠭᠳᠠᠴᠠ ᠵᠢ ᠪᠤᠳᠠᠳᠠᠶᠢᠵᠢᠭᠤᠯᠪᠠ᠃ ᠬᠠᠤᠯᠢ ᠴᠠᠭᠠᠵᠠ ᠢᠢᠨ ᠠᠪᠤᠷᠠᠨ ᠲᠤᠰᠠᠯᠠᠯᠲᠠ ᠬᠢᠭᠡᠳ ᠨᠡᠶᠢᠭᠡᠮ ᠦᠨ ᠠᠪᠤᠷᠠᠨ ᠲᠤᠰᠠᠯᠠᠯᠲᠠ ᠢᠢ ᠵᠣᠯᠭᠠᠭᠤᠯᠬᠤ ᠲᠣᠭᠲᠠᠴᠠ ᠢᠢ ᠲᠡᠭᠦᠯᠳᠡᠷᠵᠢᠭᠦᠯᠵᠦ᠂ ᠡᠮᠡᠭ᠍ᠲᠡᠶᠢᠴᠦᠳ ᠦᠨ ᠬᠣᠯᠪᠣᠭ᠎ᠠ᠂ ᠬᠥᠳᠡᠭᠡ ᠲᠣᠰᠬᠣᠨ ᠢ ᠬᠥᠭ᠍ᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠡᠶ ᠬᠠᠮᠲᠤᠷᠠᠨ ᠬᠦᠴᠢᠷᠳᠡᠯ ᠲᠡᠶ ᠡᠮᠡᠭ᠍ᠲᠡᠶᠢᠴᠦᠳ᠂ ᠭᠡᠷ ᠲᠤᠨᠢ ᠬᠠᠷᠠᠵᠤ ᠬᠠᠷᠠᠭᠠᠯᠵᠠᠬᠤ ᠬᠦᠮᠦᠨ ᠦᠬᠡᠢ ᠬᠡᠦᠬᠡᠳ ᠵᠡᠷᠭᠡ ᠢᠢ ᠲᠤᠰᠬᠠᠶ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠬᠦ ᠢᠢ ᠭᠦᠨᠵᠡᠭᠡᠶᠢᠷᠡᠭᠦᠯᠵᠦ᠂ ᠬᠡᠷᠡᠭ ᠲᠦ ᠬᠣᠯᠪᠣᠭᠳᠠᠭᠰᠠᠨ ᠶᠠᠳᠠᠭᠤ ᠬᠦᠴᠢᠷᠳᠡᠯ ᠲᠡᠶ ᠲᠤᠬᠠᠶ ᠢᠢᠨ ᠬᠥᠮᠦᠨ ᠢ ᠬᠠᠪᠰᠤᠷᠤᠨ ᠠᠵᠢᠯ ᠣᠯᠭᠣᠬᠤ᠂ ᠰᠤᠷᠭᠠᠨ ᠬᠥᠮᠦᠵᠢᠯ ᠢᠶᠡᠷ ᠳᠡᠮᠵᠢᠬᠦ᠂ ᠡᠮ ᠡᠮᠨᠡᠯᠭᠡ ᠪᠡᠷ ᠠᠪᠤᠷᠠᠨ ᠲᠤᠰᠠᠯᠠᠬᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠨ ᠬᠦᠴᠢᠷᠳᠡᠯ ᠡᠴᠡ ᠠᠩᠭᠢᠵᠢᠷᠠᠭᠤᠯᠪᠠ᠃ ᠠᠵᠤ ᠠᠬᠤᠶ ᠢᠢᠨ ᠠᠪᠤᠷᠠᠨ ᠲᠤᠰᠠᠯᠠᠯᠲᠠ ᠬᠢᠭᠡᠳ ᠰᠡᠳᠭᠢᠴᠡ ᠢᠢᠨ ᠵᠢᠯᠣᠭᠣᠳᠣᠯᠭ᠎ᠠ ᠬᠢᠬᠦ᠂ ᠦᠵᠡᠯ ᠰᠠᠨᠠᠭᠠᠨ ᠤ ᠬᠥᠮᠦᠵᠢᠯ ᠬᠢᠬᠦ ᠵᠢ ᠬᠠᠷᠢᠯᠴᠠᠨ ᠤᠶᠠᠯᠳᠤᠭᠤᠯᠬᠤ ᠢᠢ ᠪᠠᠷᠢᠮᠲᠠᠯᠠᠵᠤ᠂ ᠨᠠᠰᠤᠨ ᠳᠤ ᠥᠯᠥ ᠭᠦᠷᠦᠭ᠍ᠰᠡᠳ ᠲᠡᠶ ᠬᠣᠯᠪᠣᠭᠳᠠᠭᠰᠠᠨ ᠪᠤᠶᠤ ᠰᠡᠳᠭᠢᠴᠡ ᠢᠢᠨ ᠡᠷᠡᠭᠦᠯ ᠮᠡᠨᠳᠦ ᠢᠢᠨ ᠠᠰᠠᠭᠤᠳᠠᠯ ᠲᠠᠶ ᠵᠠᠬᠢᠳᠠᠯ ᠰᠤᠷᠪᠤᠯᠵᠢᠯᠠᠭ᠎ᠠ ᠢᠢᠨ ᠣᠯᠠᠨ ᠲᠦᠮᠡᠨ ᠳᠦ ᠬᠠᠨᠳᠤᠭᠤᠯᠵᠤ᠂ ᠰᠡᠳᠭᠢᠴᠡ ᠢᠢᠨ ᠯᠠᠪᠯᠠᠯᠲᠠ ᠢᠢᠨ ᠦᠢᠯᠡᠴᠢᠯᠡᠭᠡᠨ ᠦ ᠲᠠᠪᠴᠠᠩ ᠢ ᠢᠳᠡᠪᠬᠢᠲᠡᠶ ᠪᠠᠶᠢᠭᠤᠯᠪᠠ᠃ 2024 ᠣᠨ ᠳᠤ 11 ᠬᠡᠷᠡᠭ ᠲᠸ᠋ ᠬᠤᠯᠪᠤᠭᠳᠠᠭᠰᠠᠨ 13 ᠬᠥᠮᠦᠨ ᠢ ᠠᠪᠤᠷᠠᠨ ᠲᠤᠰᠠᠯᠠᠵᠤ᠂ ᠠᠪᠤᠷᠠᠨ ᠲᠤᠰᠠᠯᠠᠬᠤ ᠮᠥᠩᠭᠥ 27.2 ᠲᠦᠮᠡᠨ ᠲᠥᠭᠥᠷᠢᠭ ᠢ ᠲᠠᠷᠬᠠᠭᠠᠭᠰᠠᠨ ᠪᠠᠶᠢᠨ᠎ᠠ᠃