ᠲᠦᠷᠦᠭᠦᠬᠡᠨ ᠬᠠᠷᠠᠮᠥ᠋ᠷᠡᠨ ᠮᠤᠵᠢ ᠢᠢᠨ ᠾᠧ ᠭᠠᠩ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠨᠠᠮ ᠤᠨ ᠭᠡᠰᠢᠭᠦᠨ ᠺᠠᠳ᠋ᠷ ᠵᠢᠴᠢ ᠬᠡᠷ ᠪᠦᠯᠢ ᠢᠢᠨ ᠬᠢᠨ ᠦ ᠲᠥᠯᠥᠭᠡᠯᠡᠭ᠍ᠴᠢᠳ ᠢ ᠵᠣᠬᠢᠶᠠᠨ ᠪᠠᠶᠢᠭᠤᠯᠵᠤ᠂ ᠲᠣᠰ ᠬᠣᠲᠠ ᠢᠢᠨ ᠰᠢᠨ᠎ᠡ ᠪᠡᠷ ᠲᠠᠰ ᠳᠡᠪᠰᠢᠭᠦᠯᠵᠦ ᠥᠭᠡᠷᠡᠴᠢᠯᠡᠭᠰᠡᠨ ᠠᠷᠢᠭᠤᠨ ᠴᠢᠬᠡᠴᠢ ᠪᠡᠷ ᠵᠠᠰᠠᠭ ᠪᠠᠷᠢᠬᠤ ᠬᠥᠮᠦᠵᠢᠯ ᠦᠨ ᠰᠠᠭᠤᠷᠢᠨ ᠭᠠᠵᠠᠷ ᠢ ᠲᠣᠭᠣᠷᠢᠨ ᠦᠵᠡᠭᠦᠯᠵᠦ᠂ ᠬᠡᠷ ᠦᠨ ᠰᠤᠷᠲᠠᠯ ᠬᠡᠷ ᠦᠨ ᠬᠥᠮᠦᠵᠢᠯ ᠦᠨ ᠭᠣᠸᠯ ᠰᠡᠳᠦᠪᠲᠦ ᠹᠢᠯᠢᠮ ᠢ ᠲᠠᠯᠪᠢᠵᠤ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠬᠡᠷ ᠦᠨ ᠰᠤᠷᠲᠠᠯ ᠢ ᠪᠠᠳᠠᠷᠠᠭᠤᠯᠵᠦ᠂ ᠠᠷᠢᠭᠤᠨ ᠴᠢᠬᠡᠴᠢ ᠢᠢ ᠡᠷᠬᠢᠮᠯᠡᠨ ᠢᠯᠵᠢᠷᠠᠯ ᠢ ᠡᠰᠡᠷᠭᠦᠴᠡᠬᠦ ᠬᠡᠷ ᠪᠦᠯᠢ ᠢᠢᠨ ᠠᠭᠤᠷ ᠠᠮᠢᠰᠬᠤᠯ ᠢ ᠪᠣᠶ ᠪᠣᠯᠭᠠᠬᠤ ᠢᠢ ᠳᠥᠯᠭᠢᠨ ᠠᠬᠢᠭᠤᠯᠪᠠ᠃
ᠡᡁᠸ ᠭᠠᠩ ᠬᠤᠳᠠ ᠢᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠬᠢᠨ ᠭᠡᠷ ᠦᠨ ᠰᠤᠷᠲᠠᠯ ᠤᠨ ᠪᠠᠶᠢᠭᠤᠯᠤᠯᠲᠠ ᠢᠢ ᠰᠢᠨ᠎ᠡ ᠴᠠᠭ ᠦᠶ᠎ᠡ ᠢᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠢᠢ ᠴᠢᠩᠭᠠᠳᠬᠠᠬᠤ ᠴᠢᠬᠤᠯᠠ ᠭᠠᠷᠳᠠᠴᠠ ᠪᠣᠯᠭᠠᠵᠤ᠂ ᠤᠯᠠᠨ ᠰᠠᠯᠠᠭ᠎ᠠ ᠮᠥᠴᠢᠷ ᠲᠡᠶ ᠬᠣᠯᠪᠣᠭᠠᠯᠠᠨ ᠲᠤᠬᠠᠢ ᠢᠢᠨ ᠭᠠᠵᠠᠷ ᠤᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ ᠤᠨ ᠰᠣᠶᠣᠯ ᠳᠠᠬᠢ ᠠᠷᠢᠭᠤᠨ ᠴᠢᠬᠡᠴᠢ ᠡᠯᠧᠮᠧᠨ᠋ᠲ ᠢ ᠭᠦᠨᠵᠡᠭᠡᠢ ᠠᠭᠤᠳᠠᠯᠵᠤ᠂ ᠠᠬᠠᠮᠠᠳ ᠦᠶ᠎ᠡ ᠢᠢᠨ ᠬᠢᠨ ᠦ ᠭᠡᠷ ᠦᠨ ᠰᠤᠷᠲᠠᠯ ᠦᠯᠢᠭᠡᠷ ᠵᠢᠱᠢᠶ᠎ᠡ ᠵᠡᠷᠭᠡ ᠢᠢ ᠬᠤᠳᠠ ᠢᠢᠨ ᠠᠷᠢᠭᠤᠨ ᠴᠢᠬᠡᠴᠢ ᠪᠡᠷ ᠵᠠᠰᠠᠭ ᠪᠠᠷᠢᠬᠤ ᠬᠥᠮᠦᠵᠢᠯ ᠦᠨ ᠰᠠᠭᠤᠷᠢᠨ ᠳᠤ ᠣᠷᠣᠭᠤᠯᠵᠤ᠂ ᠭᠡᠷ ᠦᠨ ᠰᠤᠷᠲᠠᠯ ᠤᠨ ᠪᠠᠶᠢᠭᠤᠯᠤᠯᠲᠠ ᠢᠢ ᠲᠠᠰᠤᠷᠠᠯᠳᠡ ᠦᠭᠡᠢ ᠴᠢᠩᠭᠠᠳᠬᠠᠵᠠᠢ᠃
ᠲᠤᠰ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠪᠠᠰᠠ ᠬᠣᠲᠠ ᠢᠢᠨ ᠡᠮᠡᠭ᠍ᠲᠡᠶᠢᠴᠦᠳ ᠦᠨ ᠬᠣᠯᠪᠣᠭᠠᠲᠤ ᠬᠤᠷᠠᠯ ᠵᠡᠷᠭᠡ ᠪᠠᠶᠢᠭᠤᠯᠭ᠎ᠠ ᠨᠢᠭᠡᠴᠢ ᠲᠡᠶ ᠬᠣᠯᠪᠣᠭᠠᠯᠠᠨ᠂ ᠡᠯ᠎ᠡ ᠰᠢᠶᠠᠨ ᠲᠣᠭᠣᠷᠢᠭ᠂ ᠬᠤᠳᠠ ᠢᠢᠨ ᠰᠢᠭᠤᠳ ᠬᠠᠷᠢᠶ᠎ᠠ ᠨᠢᠭᠡᠴᠢ ᠢᠢᠨ ᠨᠠᠮ ᠤᠨ ᠭᠡᠰᠢᠭᠦᠨ ᠺᠠᠳ᠋ᠷᠴᠤᠳ ᠤᠨ ᠭᠡᠷ ᠪᠦᠯᠢ ᠳᠦ ᠬᠠᠨᠳᠤᠭᠤᠯᠤᠨ ᠭᠡᠷ ᠪᠦᠯᠢ ᠢᠢᠨ ᠠᠷᠢᠭᠤᠨ ᠴᠢᠬᠡᠴᠢ ᠢᠢ ᠲᠤᠰᠠᠯᠠᠬᠤ ᠰᠢᠷᠢᠰ ᠠᠵᠢᠯᠯᠠᠭ᠎ᠠ ᠢᠢ ᠦᠷᠭᠦᠯᠵᠢᠯᠡᠨ ᠥᠷᠨᠢᠭᠦᠯᠵᠦ᠂ ᠭᠡᠷ ᠪᠦᠯᠢ ᠢᠢᠨ ᠠᠷᠢᠭᠤᠨ ᠴᠢᠬᠡᠴᠢ ᠢᠢ ᠲᠤᠰᠠᠯᠠᠬᠤ ᠰᠠᠨᠠᠭᠠᠴᠢᠯᠠᠭ᠎ᠠ ᠢᠢᠨ ᠪᠢᠴᠢᠭ ᠲᠠᠷᠬᠠᠭᠠᠬᠤ᠂ ᠭᠡᠷ ᠪᠦᠯᠢ ᠢᠢᠨ ᠠᠷᠢᠭᠤᠨ ᠴᠢᠬᠡᠴᠢ ᠢᠢ ᠲᠤᠰᠠᠯᠠᠬᠤ ᠶᠠᠷᠢᠯᠴᠠᠬᠤ ᠬᠤᠷᠠᠯ ᠬᠤᠷᠠᠯᠳᠤᠭᠤᠯᠬᠤ᠂ ᠠᠷᠢᠭᠤᠨ ᠴᠢᠬᠡᠴᠢ ᠭᠡᠷ ᠦᠨ ᠰᠤᠷᠲᠠᠯ ᠢ ᠲᠣᠭᠣᠷᠢᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠨᠡᠶᠢᠭᠡᠮ ᠦᠨ ᠬᠠᠷᠢᠯᠴᠠᠭ᠎ᠠ᠂ ᠨᠠᠶᠢᠵᠠ ᠢᠢᠨ ᠲᠤᠭᠤᠷᠢᠭ ᠢ ᠦᠷᠭᠦᠯᠵᠢᠯᠡᠨ ᠴᠡᠪᠡᠷᠰᠢᠭᠦᠯᠬᠦ ᠢᠢ ᠰᠢᠪᠠᠳᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠢᠢ ᠰᠠᠬᠢᠬᠤ ᠤᠬᠠᠮᠰᠠᠷ ᠢ ᠴᠢᠩᠭᠠᠳᠬᠠᠵᠤ᠂ ᠭᠡᠷ ᠪᠦᠯᠢ ᠢᠢᠨ ᠠᠷᠢᠭᠤᠨ ᠴᠢᠬᠡᠴᠢ ᠢᠢᠨ ᠰᠡᠷᠭᠡᠶᠢᠯᠡᠯᠲᠡ ᠢᠢᠨ ᠱᠤᠭᠤᠮ ᠢ ᠪᠠᠲᠤ ᠪᠡᠬᠢ ᠪᠠᠶᠢᠭᠤᠯᠬᠤ ᠢᠢ ᠲᠦᠯᠬᠢᠨ ᠠᠬᠢᠭᠤᠯᠵᠤ ᠪᠠᠶᠢᠨ᠎ᠠ᠃ ᠲᠦᠷᠦᠭᠦᠬᠡᠨ ᠬᠢᠩᠭᠠᠨ ᠲᠣᠭᠣᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠵᠣᠬᠢᠶᠠᠨ ᠪᠠᠶᠢᠭᠤᠯᠵᠤ ᠥᠷᠨᠢᠭᠦᠯᠦᠭ᠍ᠰᠡᠨ ᠬᠡᠷ ᠦᠨ ᠰᠤᠷᠲᠠᠯ ᠤᠨ ᠥᠯᠢᠭᠡᠷ ᠢ ᠬᠤᠪᠢᠶᠠᠯᠴᠠᠨ ᠶᠠᠷᠢᠯᠴᠠᠬᠤ ᠬᠤᠷᠠᠯ ᠳᠡᠭᠡᠷ᠎ᠡ᠂ ᠨᠢᠭᠡᠨ ᠦᠨᠳᠦᠰᠦᠨ ᠱᠠᠲᠤᠨ ᠤ ᠨᠠᠮ ᠤᠨ ᠭᠡᠰᠢᠭᠦᠨ᠄ ︽ᠡᠲᠡᠭᠡᠷ ᠥᠯᠢᠭᠡᠷ ᠨᠢ ᠠᠮᠢᠳᠤᠷᠠᠯ ᠠᠴᠠ ᠢᠷᠡᠯᠲᠡ ᠲᠡᠶ᠂ ᠬᠥᠮᠦᠰ ᠲᠦ ᠮᠠᠰᠢ ᠶᠡᠬᠡ ᠰᠠᠭᠤᠭᠳᠠᠯ ᠦᠭᠴᠦ ᠴᠢᠳᠠᠨ᠎ᠠ᠃ ᠡᠭᠦᠨ ᠵᠢᠡᠷ ᠳᠠᠮᠵᠢᠨ ᠪᠢ ᠠᠷᠢᠭᠤᠨ ᠴᠢᠬᠡᠴᠢ ᠬᠡᠷ ᠦᠨ ᠰᠤᠷᠲᠠᠯ ᠤᠨ ᠲᠤᠬᠠᠶ ᠨᠠᠩ ᠭᠦᠨᠵᠡᠭᠡᠶ ᠲᠠᠨᠢᠯᠲᠠ ᠣᠶᠢᠯᠠᠭᠠᠯᠲᠠ ᠲᠠᠶ ᠪᠤᠯᠤᠯ᠎ᠠ︾ ᠭᠡᠵᠦ ᠬᠡᠯᠡᠪᠡ᠃
ᠬᠡᠷ ᠦᠨ ᠰᠤᠷᠲᠠᠯ ᠤᠨ ᠪᠠᠶᠢᠭᠤᠯᠤᠯᠲᠠ ᠢᠢ ᠤᠯᠠᠮ ᠨᠢᠭᠡ ᠠᠯᠬᠤᠮ ᠴᠢᠩᠭᠠᠳᠬᠠᠬᠤ ᠢᠢᠨ ᠲᠥᠯᠥᠭᠡ᠂ ᠲᠣᠰ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠬᠠᠨᠳᠤᠭᠤᠯᠤᠨ ᠡᠯᠰᠡᠨ ᠴᠤᠭᠯᠠᠭᠤᠯᠬᠤ ᠤᠷᠢᠯᠭ᠎ᠠ ᠭᠠᠷᠭᠠᠵᠤ᠂ ᠣᠯᠠᠨ ᠢᠶᠠᠷ ᠢᠶᠠᠨ ᠥᠪᠡᠷ ᠦᠨ ᠳᠡᠷᠭᠡᠳᠡᠬᠢ ᠠᠷᠢᠭᠤᠨ ᠴᠢᠬᠡᠴᠢ ᠬᠡᠷ ᠦᠨ ᠰᠤᠷᠲᠠᠯ ᠤᠨ ᠥᠯᠢᠭᠡᠷ ᠪᠢᠴᠢᠬᠦ ᠪᠠ ᠬᠤᠪᠢᠶᠠᠯᠴᠠᠨ ᠶᠠᠷᠢᠯᠴᠠᠬᠤ ᠢᠢ ᠵᠣᠷᠢᠭᠵᠢᠭᠤᠯᠵᠤ᠂ ᠠᠷᠢᠭᠤᠨ ᠴᠢᠬᠡᠴᠢ ᠬᠡᠷ ᠦᠨ ᠰᠤᠷᠲᠠᠯ ᠪᠠ ᠰᠢᠯᠢᠳᠡᠭ ᠰᠤᠷᠲᠠᠯ ᠢ ᠤᠯᠠᠮᠵᠢᠯᠠᠨ ᠪᠠᠳᠠᠷᠠᠭᠤᠯᠬᠤ ᠢᠢ ᠠᠬᠢᠭᠤᠯᠪᠠ᠃
︽ᠳᠠᠷᠠᠭᠠᠴᠢ ᠢᠢᠨ ᠠᠯᠬᠤᠮ ᠳᠤ ᠪᠢᠳᠡ ᠦᠷᠭᠦᠯᠵᠢᠯᠡᠨ ᠠᠷᠭ᠎ᠠ ᠬᠡᠯᠪᠡᠷᠢ ᠢᠢᠨ ᠰᠢᠨ᠎ᠡ ᠢᠢ ᠡᠭᠦᠳᠴᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠶ ᠬᠠᠮᠲᠤᠷᠠᠨ ᠭᠡᠷ ᠦᠨ ᠰᠤᠷᠲᠠᠯ ᠤᠨ ᠪᠠᠶᠢᠭᠤᠯᠤᠯᠲᠠ ᠢᠢᠨ ᠠᠴᠢᠶᠠᠯᠠᠪᠤᠷᠢ ᠢᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠣᠳᠴᠤ ᠪᠠᠶᠢᠭᠠᠳ ᠪᠡᠶ᠎ᠡ ᠪᠡᠨ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ ᠪᠡᠷ ᠭᠡᠷ ᠢᠶᠡᠨ ᠬᠠᠷᠠᠭᠠᠯᠵᠠᠵᠤ᠂ ᠠᠷᠢᠭᠤᠨ ᠴᠢᠬᠡᠴᠢ ᠭᠡᠷ ᠦᠨ ᠰᠤᠷᠲᠠᠯ ᠢᠶᠠᠷ ᠨᠠᠮ ᠤᠨ ᠰᠤᠷᠲᠠᠯ ᠵᠠᠰᠠᠭ ᠤᠨ ᠰᠤᠷᠲᠠᠯ ᠨᠡᠶᠢᠭᠡᠮ ᠦᠨ ᠰᠤᠷᠲᠠᠯ ᠠᠷᠠᠳ ᠤᠨ ᠰᠤᠷᠲᠠᠯ ᠢ ᠪᠤᠢ ᠪᠣᠯᠭᠠᠨ᠎ᠠ︾ᠭᠡᠵᠦ ᠲᠤᠰ ᠬᠤᠳᠠ ᠢᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃
︵ᠵᠧᠸ ᠲᠢᠩ︶
