ᠡᠨᠡ ᠵᠢᠯ ᠡᠴᠡ ᠨᠠᠭᠠᠰᠢ᠂ ᠦᠦᠰᠢᠨ ᠬᠣᠰᠢᠭᠤᠨ ᠤ ᠬᠢᠨ ᠠᠷᠠᠳ ᠲᠦᠮᠡᠨ ᠦ ᠡᠷᠡᠭᠦᠯ ᠮᠡᠨᠳᠤ ᠪᠡᠷ ᠭᠣᠣᠯ ᠪᠣᠯᠭᠠᠬᠤ ᠢᠢ ᠪᠠᠷᠢᠮᠲᠠᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠢᠢᠨ ᠬᠦᠷᠢᠶ᠎ᠠ ᠴᠠᠷᠠᠭ᠎ᠠ ᠳᠡᠬᠢ ᠦᠨᠡᠨᠴᠢ ᠢᠲᠡᠭᠡᠮᠵᠢ ᠢᠢᠨ ᠪᠠᠶᠢᠭᠤᠯᠤᠯᠲᠠ ᠢᠢ ᠪᠦᠬᠦ ᠲᠠᠯ᠎ᠠ ᠪᠠᠷ ᠴᠢᠩᠭᠠᠳᠬᠠᠵᠤ᠂ ᠡᠮ ᠡᠮᠨᠡᠯᠭᠡ ᠢᠢᠨ ᠦᠢᠯᠡᠴᠢᠯᠡᠭᠡᠨ ᠦ ᠣᠪᠣᠷ ᠪᠠ ᠶᠠᠰᠤ ᠴᠢᠨᠠᠷ ᠢᠶᠠᠨ ᠴᠢᠷᠮᠠᠶᠢᠨ ᠳᠡᠭᠡᠭ᠍ᠰᠢᠯᠡᠭᠦᠯᠵᠦ᠂ ᠠᠷᠠᠳ ᠤᠯᠠᠨ ᠤ ᠡᠷᠡᠭᠦᠯ ᠮᠡᠨᠳᠤ ᠢᠢ ᠪᠦᠬᠦ ᠬᠦᠴᠦᠨ ᠢᠶᠡᠷ ᠢᠶᠡᠨ ᠬᠠᠮᠠᠭᠠᠯᠠᠵᠠᠢ᠃
ᠡᠮ ᠡᠮᠨᠡᠯᠬᠡ ᠵᠢᠨ ᠦᠢᠯᠡᠴᠢᠯᠡᠭᠡ ᠢᠢ ᠰᠢᠯᠢᠳᠡᠭ᠍ᠵᠢᠭᠦᠯᠵᠦ ᠡᠷᠡᠭᠦᠯ ᠮᠡᠨᠳᠦ ᠵᠢᠨ ᠪᠤᠶᠠᠨ ᠵᠢᠷᠭᠠᠯ ᠢ ᠬᠠᠮᠲᠤ ᠪᠠᠷ ᠡᠳ᠋ᠯᠡᠪᠡ
ᠨᠢᠭᠡ ᠳᠦ ᠠᠯᠪᠠᠨ ᠠᠴᠠ ᠪᠠᠶᠢᠭᠤᠯᠤᠭᠰᠠᠨ ᠡᠮᠨᠡᠯᠭᠡ ᠢᠢᠨ ᠬᠣᠷᠢᠶᠡᠨ ᠤ ᠣᠨᠣᠰᠢᠯᠠᠨ ᠡᠮᠴᠢᠯᠡᠬᠦ ᠴᠢᠳᠠᠪᠤᠷᠢ ᠵᠢ ᠲᠡᠭᠡᠭᠰᠢᠯᠡᠬᠦᠯᠪᠡ᠃ ᠡᠮᠴᠢᠯᠡᠬᠡᠨ ᠤ ᠦᠢᠯᠡᠴᠢᠯᠡᠭᠡᠨ ᠦ ᠴᠢᠳᠠᠪᠤᠷᠢ ᠢᠢᠨ ᠪᠠᠶᠢᠭᠤᠯᠤᠯᠲᠠ ᠢᠢ ᠲᠠᠰᠤᠷᠠᠯᠲᠠ ᠥᠬᠡᠶ ᠴᠢᠩᠭᠠᠳᠬᠠᠵᠤ᠂ ᠴᠢᠨᠠᠷ ᠰᠠᠶᠢᠲᠠᠶ ᠡᠮ ᠡᠮᠨᠡᠯᠬᠡ ᠵᠢᠨ ᠡᠬᠢ ᠪᠠᠶᠠᠯᠢᠭ ᠤᠨ ᠪᠠᠭᠲᠠᠭᠠᠮᠵᠢ ᠢᠢ ᠥᠷᠭᠡᠳᠭᠡᠬᠦ ᠢᠢ ᠠᠬᠢᠭᠤᠯᠤᠨ᠂ ᠬᠠᠷᠢᠶᠠᠲᠤ ᠣᠷᠣᠨ ᠤ ᠳᠣᠲᠣᠷᠠᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠢᠢᠨ ᠬᠣᠷᠢᠶ᠎ᠠ ᠨᠢ ᠴᠢᠯᠥᠭᠡᠯᠡᠬᠦ ᠴᠡᠷᠢᠭ ᠦᠨ ᠶᠡᠷᠦᠩᠬᠡᠶ ᠡᠮᠨᠡᠯᠭᠡ ᠢᠢᠨ ᠬᠣᠷᠢᠶ᠎ᠠ᠂ ᠰᠢ ᠠᠨ ᠤ ᠵᠠᠮ ᠬᠠᠷᠢᠯᠴᠠᠭᠠᠨ ᠤ ᠶᠡᠬᠡ ᠰᠤᠷᠭᠠᠭᠤᠯᠢ ᠢᠢᠨ ᠨᠢᠭᠡᠳᠦᠭᠡᠷ ᠬᠠᠷᠢᠶᠠᠲᠤ ᠡᠮᠨᠡᠯᠭᠡ ᠢᠢᠨ ᠬᠣᠷᠢᠶ᠎ᠠ ᠵᠡᠷᠭᠡ 15 ᠨᠠᠷᠠᠲᠤ ᠭᠤᠷᠪᠠᠳᠤᠭᠠᠷ ᠵᠡᠷᠭᠡ ᠢᠢᠨ ᠬᠥᠬᠡ ᠲᠡᠰ ᠤᠨ ᠡᠮᠨᠡᠯᠭᠡ ᠢᠢᠨ ᠬᠣᠷᠢᠶ᠎ᠠ ᠯᠤᠭ᠎ᠠ ᠢᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠷᠪᠠᠳᠤᠭᠠᠷ ᠵᠡᠷᠭᠡ ᠢᠢᠨ ᠬᠥᠬᠡ ᠲᠡᠰ ᠤᠨ ᠡᠮᠨᠡᠯᠭᠡ ᠢᠢᠨ ᠬᠣᠷᠢᠶ᠎ᠠ ᠢᠢᠨ ᠨᠠᠷᠠᠲᠤ ᠲᠤᠰᠬᠠᠶ ᠮᠡᠷᠭᠡᠵᠢᠯᠲᠡᠨ ᠢ ᠤᠷᠢᠵᠤ᠂ ᠤᠨᠤᠰᠢᠯᠠᠨ ᠡᠮᠴᠢᠯᠡᠬᠦ᠂ ᠮᠡᠰᠡ ᠵᠠᠰᠠᠯ ᠬᠢᠬᠦ ᠵᠡᠷᠭᠡ ᠦᠢᠯᠡᠴᠢᠯᠡᠭᠡ ᠢᠢ ᠦᠷᠨᠢᠬᠦᠯᠪᠡ᠃ ᠬᠣᠶᠠᠷ ᠲᠤ ᠦᠨᠳᠦᠰᠦᠨ ᠱᠠᠲᠤᠨ ᠤ ᠡᠮᠴᠢᠯᠡᠭᠡᠨ ᠦ ᠪᠠᠶᠢᠭᠤᠯᠤᠯᠲᠠ ᠢᠢ ᠴᠢᠩᠭᠠᠳᠬᠠᠪᠠ᠃ ᠦᠨᠳᠦᠰᠦᠨ ᠱᠠᠲᠤᠨ ᠤ ︽6S︾ ᠤᠨ ᠬᠠᠮᠢᠶᠠᠷᠤᠯᠲᠠ ᠢᠢ ᠥᠷᠨᠢᠭᠦᠯᠵᠦ᠂ ᠠᠷᠠᠳ ᠤᠨ ᠡᠮᠨᠡᠯᠭᠡ ᠢᠢᠨ ᠬᠣᠷᠢᠶ᠎ᠠ ᠢᠢᠨ ᠲᠤᠰᠬᠠᠶ ᠮᠡᠷᠭᠡᠵᠢᠯᠲᠡᠨ ᠢᠶᠡᠷ ᠲᠠᠭᠠᠭᠤᠯᠤᠭᠴᠢ ᠡᠮᠴᠢ ᠪᠣᠯᠭᠠᠭᠰᠠᠨ 3+1 ᠬᠡᠷ ᠪᠦᠯᠢ ᠢᠢᠨ ᠡᠮᠴᠢ ᠢᠢᠨ ᠪᠦᠯᠬᠦᠮ ᠨᠡᠶᠢᠲᠡ ᠢᠢᠨ ᠵᠠᠭᠪᠤᠷ ᠢ ᠪᠠᠶᠢᠭᠤᠯᠵᠤ᠂ ᠰᠠᠭᠤᠭᠠᠯᠢ ᠠᠷᠠᠳ ᠲᠤ ᠣᠷᠳᠣ ᠬᠤᠭᠤᠴᠠᠭᠠᠨ ᠤ᠂ ᠦᠷᠭᠦᠯᠵᠢᠯᠡᠭ᠍ᠰᠡᠨ ᠡᠷᠡᠭᠦᠯ ᠮᠡᠨᠳᠦ ᠢᠢᠨ ᠬᠠᠮᠢᠶᠠᠷᠤᠯᠲᠠ ᠢᠢᠨ ᠦᠢᠯᠡᠴᠢᠯᠡᠭᠡ ᠬᠠᠩᠭᠠᠪᠠ᠃ ᠭᠤᠷᠪᠠ ᠳᠤ ᠰᠤᠪᠢᠯᠠᠯᠲᠠ ᠢᠢᠨ ᠦᠢᠯᠡᠴᠢᠯᠡᠭᠡᠨ ᠦ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠴᠡᠭ ᠢᠶᠡᠷ ᠨᠡᠶᠢᠳᠡᠮ ᠢ ᠳᠠᠶᠢᠴᠢᠯᠠᠨ ︽ᠢᠨᠲ᠋ᠸᠷ ᠰᠦᠯᠵᠢᠶ᠎ᠡ + ᠰᠤᠪᠢᠯᠠᠬᠤ ᠦᠢᠯᠡᠴᠢᠯᠡᠭᠡ︾ ᠢᠢ ᠳᠥᠯᠭᠢᠨ ᠠᠬᠢᠭᠤᠯᠵᠤ᠂ ︽ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠭᠠᠳᠠᠨ᠎ᠠ ᠦᠢᠯᠡᠴᠢᠯᠡᠬᠦ︾ ᠵᠠᠭᠪᠤᠷ ᠢᠶᠠᠷ ᠭᠣᠸᠯ ᠪᠣᠯᠭᠠᠨ᠂ ᠰᠤᠪᠢᠯᠠᠯᠳᠠ ᠵᠢᠨ ᠦᠢᠯᠡᠴᠢᠯᠡᠬᠡ ᠵᠢ ᠨᠡᠶᠢᠭᠡᠮ ᠲᠣᠭᠣᠷᠢᠭ ᠪᠠ ᠬᠡᠷ ᠪᠦᠯᠢ ᠳᠦ ᠬᠦᠷᠲᠡᠯ᠎ᠡ ᠥᠷᠭᠡᠳᠭᠡᠵᠦ᠂ ᠡᠮᠨᠡᠯᠭᠡ ᠡᠴᠡ ᠭᠠᠷᠤᠭᠰᠠᠨ ᠡᠪᠡᠳᠴᠢᠲᠡᠨ᠂ ᠡᠷᠡᠭᠦᠯᠵᠢᠯ ᠦᠨ ᠬᠤᠭᠤᠴᠠᠭᠠᠨ ᠳᠤ ᠪᠠᠶᠢᠭ᠎ᠠ᠂ ᠡᠴᠦᠰ ᠦᠨ ᠬᠤᠭᠤᠴᠠᠭᠠᠨ ᠳᠤ ᠪᠠᠶᠢᠭ᠎ᠠ᠂ ᠤᠳᠠᠭᠠᠨ ᠴᠢᠨᠠᠷᠲᠠᠶ ᠡᠪᠡᠳᠴᠢᠳᠡᠨ᠂ ᠡᠬᠡ ᠨᠢᠯᠬᠠᠰ ᠪᠤᠶᠤ ᠨᠠᠰᠤ ᠠᠬᠢᠵᠤ ᠪᠡᠶ᠎ᠡ ᠮᠠᠭᠤᠲᠠᠶ᠂ ᠴᠢᠳᠠᠯ ᠲᠡᠩᠬᠡᠭᠡ ᠪᠡᠨ ᠠᠯᠳᠠᠭᠰᠠᠨ ᠵᠡᠷᠭᠡ ᠬᠥᠳᠡᠯᠵᠦ ᠪᠠᠷᠢᠬᠤ ᠳᠤ ᠳᠥᠭᠥᠮ ᠦᠭᠡᠢ ᠬᠥᠮᠦᠰ ᠲᠦ ᠲᠤᠰᠬᠠᠶ ᠮᠡᠷᠭᠡᠵᠢᠯ ᠦᠨ᠂ ᠳᠥᠭᠥᠮ ᠳᠥᠲᠡ ᠰᠤᠪᠢᠯᠠᠬᠤ ᠦᠢᠯᠡᠴᠢᠯᠡᠭᠡ ᠬᠠᠩᠭᠠᠵᠠᠢ᠃
ᠰᠠᠨᠠᠯ ᠰᠠᠨᠠᠭᠤᠯᠭ᠎ᠠ ᠵᠢ ᠬᠦᠯᠢᠶᠡᠨ ᠠᠪᠴᠤ ᠠᠮᠠᠯᠠᠯᠳᠠ ᠪᠠᠨ ᠴᠠᠭ ᠲᠤᠬᠠᠢ ᠳᠤᠨᠢ ᠦᠢᠯᠡᠳᠦᠯᠬᠡᠵᠢᠬᠦᠯᠪᠡ
ᠨᠢᠭᠡ ᠳᠦ ᠡᠮᠴᠢᠯᠡᠭᠡᠨ ᠦ ᠦᠢᠯᠡᠴᠢᠯᠡᠭᠡ ᠢᠢᠨ ᠵᠠᠭᠠᠯᠳᠤᠯᠭ᠎ᠠ ᠢᠢ ᠰᠢᠢᠳᠪᠦᠷᠢᠯᠡᠬᠦ ᠲᠣᠭᠲᠠᠴᠠ ᠢᠢ ᠲᠡᠭᠦᠯᠳᠡᠷᠵᠢᠭᠦᠯᠪᠠ᠃ ᠪᠥᠬᠥ ᠰᠢᠰᠲ᠋ᠧᠮ ᠦᠨ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠭ᠎ᠠ ᠨᠢᠭᠡᠴᠡ ᠢᠢ ᠵᠣᠬᠢᠶᠠᠨ ᠪᠠᠶᠢᠭᠤᠯᠤᠨ ᠡᠪᠡᠳᠴᠢᠲᠡᠨ ᠦ ᠬᠠᠨᠤᠮᠵᠢ ᠢᠢᠨ ᠬᠡᠮᠵᠢᠶ᠎ᠡ ᠢᠢᠨ ᠪᠠᠶᠢᠴᠠᠭᠠᠯᠲᠠ ᠢᠢ ᠥᠷᠨᠢᠭᠦᠯᠵᠦ᠂ ᠡᠪᠡᠳᠴᠢᠲᠡᠨ ᠦ ᠰᠠᠨᠠᠭᠤᠯᠤᠮᠵᠢ ᠬᠦᠰᠡᠯ ᠨᠠᠶᠢᠳᠠᠯᠭ᠎ᠠ ᠵᠢ ᠴᠠᠭ ᠲᠤᠬᠠᠶ ᠳᠤᠨᠢ ᠰᠣᠨᠣᠰᠴᠤ᠂ ᠦᠢᠯᠡᠴᠢᠯᠡᠭᠡ ᠪᠡᠨ ᠢᠳᠡᠪᠬᠢᠲᠡᠶ ᠰᠠᠶᠢᠵᠢᠷᠠᠭᠤᠯᠪᠠ᠃ ᠡᠭᠦᠨ ᠦ ᠬᠠᠮᠲᠤ ᠵᠠᠭᠠᠯᠳᠤᠬᠤ ᠠᠵᠢᠯ ᠤᠨ ᠬᠠᠭᠤᠳᠠᠰᠤ ᠳᠤ ᠪᠡᠶᠡᠴᠢ ᠴᠣᠭᠴᠠ ᠢᠢᠨ ᠬᠠᠷᠢᠭᠤᠴᠠᠯᠭ᠎ᠠ ᠢᠢ ᠲᠡᠷᠡ ᠳᠠᠷᠤᠶ ᠳᠤᠨᠢ ᠨᠠᠶᠢᠳᠠᠪᠤᠷᠢᠵᠢᠭᠤᠯᠤᠭᠰᠠᠨ ᠪᠠᠶᠢᠨ᠎ᠠ᠃ ᠬᠣᠶᠠᠷ ᠲᠤ ᠬᠡᠷᠡᠭ᠍ᠵᠢᠭᠦᠯᠬᠦ ᠲᠥᠰᠦᠯ ᠢ ᠨᠠᠷᠢᠯᠢᠬ᠍ᠵᠢᠭᠤᠯᠵᠤ᠂ ᠡᠭᠦᠷᠭᠡ ᠢᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠬᠠᠷᠠᠯᠲᠠ᠂ ᠵᠠᠭᠠᠯᠳᠤᠯᠭ᠎ᠠ ᠢᠢᠨ ᠭᠣᠣᠯᠳᠠᠯᠭ᠎ᠠ᠂ ᠬᠠᠷᠢᠭᠤᠴᠠᠯᠭ᠎ᠠ ᠢᠢᠨ ᠲᠠᠰᠤᠭ ᠵᠢᠴᠢ ᠴᠠᠭ ᠬᠤᠭᠤᠴᠠᠭᠠᠨ ᠤ ᠵᠠᠩᠭᠢᠯᠠᠭ᠎ᠠ ᠢᠢᠨ ᠴᠡᠭ ᠢ ᠲᠣᠳᠣᠷᠬᠠᠶᠢᠯᠠᠵᠤ᠂ ᠳᠡᠭᠡᠷ᠎ᠡ ᠳᠣᠣᠷ᠎ᠠ ᠱᠠᠳᠤ ᠪᠠᠷ ᠢᠶᠠᠨ ᠬᠣᠯᠪᠣᠭᠠᠯᠠᠨ ᠬᠥᠳᠡᠯᠦᠯᠴᠡᠬᠦ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠪᠡ᠃ ᠭᠤᠷᠪᠠ ᠳᠤ ᠥᠪᠡᠷ ᠢ ᠪᠡᠨ ᠪᠠᠶᠢᠴᠠᠭᠠᠵᠤ ᠥᠪᠡᠷ ᠢ ᠪᠡᠨ ᠵᠠᠯᠠᠷᠠᠭᠤᠯᠬᠤ ᠢᠢ ᠴᠢᠩᠭᠠᠳᠬᠠᠵᠤ᠂ ᠬᠠᠷᠢᠭᠤᠴᠠᠯᠭ᠎ᠠ ᠢᠢᠨ ᠨᠠᠶᠢᠳᠠᠪᠤᠷᠢᠵᠢᠭᠤᠯᠤᠯᠲᠠ ᠢᠢ ᠠᠬᠢᠭᠤᠯᠪᠠ᠃ ᠥᠪᠡᠷ ᠢ ᠪᠡᠨ ᠪᠠᠶᠢᠴᠠᠭᠠᠵᠤ ᠥᠪᠡᠷ ᠢ ᠪᠡᠨ ᠵᠠᠯᠠᠷᠠᠭᠤᠯᠬᠤ᠂ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠡᠮᠴᠢᠯᠡᠭᠡᠨ ᠦ ᠪᠠᠶᠢᠭᠤᠯᠤᠮᠵᠢ ᠢᠢᠨ ᠵᠠᠭᠠᠯᠳᠤᠯᠭ᠎ᠠ ᠢᠢ ᠭᠥᠯᠢᠶᠡᠨ ᠠᠪᠤᠪᠠᠯ ᠳᠠᠷᠤᠶ ᠭᠦᠢᠴᠡᠳᠭᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠥ ᠲᠠᠯ᠎ᠠ ᠪᠠᠷ ᠪᠠᠶᠢᠴᠠᠭᠠᠯᠲᠠ ᠬᠢᠪᠡ᠃ ᠡᠭᠦᠨ ᠦ ᠬᠠᠮᠲᠤ ᠣᠯᠠᠨ ᠲᠦᠮᠡᠨ ᠦ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂︽ᠡᠷᠡᠭᠦᠯ ᠡᠡᠭᠭᠡ ᠦᠦᠰᠢᠨ︾ᠤ᠋ ᠣᠯᠠᠨ ᠨᠡᠶᠢᠲᠡ ᠢᠢᠨ ᠲᠠᠪᠴᠡᠡᠭ ᠳᠡᠭᠡᠷ᠎ᠡ ᠠᠰᠠᠭᠤᠳᠠᠯ ᠤᠨ ᠰᠦᠪᠡᠭ᠍ᠴᠢ ᠢᠢ ᠴᠤᠭᠯᠠᠭᠤᠯᠬᠤ ᠵᠠᠷ ᠨᠡᠶᠢᠲᠡᠯᠡᠵᠦ ᠂ ᠣᠯᠠᠨ ᠲᠦᠮᠡᠨ ᠦ ᠢᠳᠡᠪᠬᠢᠲᠡᠶ ᠪᠡᠷ ᠬᠢᠨᠠᠯᠲᠠ ᠲᠠᠯᠪᠢᠬᠤ ᠳᠤ ᠣᠷᠣᠯᠴᠠᠬᠤ ᠢᠢ ᠵᠣᠷᠢᠭᠵᠢᠭᠤᠯᠤᠨ᠂ ᠭᠥᠯᠢᠶᠡᠨ ᠠᠪᠤᠭᠰᠠᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠢᠢ ᠴᠠᠭ ᠲᠤᠬᠠᠶ ᠳᠤᠨᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠨ᠂ ᠭᠥᠯᠢᠶᠡᠨ ᠠᠪᠤᠭᠰᠠᠨ ᠮᠠᠭᠳᠠᠭᠠᠯ ᠰᠠᠶᠢᠰᠢᠶᠠᠯ ᠢ ᠴᠠᠭ ᠲᠤᠬᠠᠶ ᠳᠤᠨᠢ ᠵᠥᠪ ᠲᠠᠯ᠎ᠠ ᠪᠠᠷ ᠤᠬᠠᠭᠤᠯᠵᠤ᠂ ᠤᠴᠢᠷ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠪᠣᠯᠭᠠᠨ ᠳᠤ ᠬᠠᠷᠢᠭᠤ ᠥᠭ᠍ᠪᠡ᠃
ᠠᠵᠢᠯ ᠲᠥᠷᠥᠯ ᠦᠨ ᠬᠢᠨᠠᠯᠲᠠ ᠬᠠᠮᠢᠶᠠᠷᠤᠯᠲᠠ ᠳᠤ ᠵᠥᠪ ᠢᠶᠡᠷ ᠬᠠᠨᠳᠤᠵᠤ ᠡᠷᠡᠭᠦᠯ ᠮᠡᠨᠳᠦ ᠢᠢᠨ ᠡᠷᠬᠡ ᠵᠢ ᠪᠠᠳᠤᠯᠠᠪᠠ
ᠨᠢᠭᠡ ᠳᠦ ᠡᠷᠡᠭᠦᠯ ᠬᠠᠮᠠᠭᠠᠯᠠᠯ ᠡᠷᠡᠭᠦᠯ ᠮᠡᠨᠳᠦ ᠢᠢᠨ ᠬᠠᠸᠯᠢ ᠬᠡᠷᠡᠭ᠍ᠵᠢᠭᠦᠯᠦᠯᠲᠡ ᠳᠦ ᠬᠢᠨᠠᠯᠲᠠ ᠲᠠᠯᠪᠢᠬᠤ ᠠᠵᠢᠯᠲᠠᠳ ᠡ᠊ᠩ ᠦᠨ ᠦᠶ᠎ᠡ ᠢᠢᠨ ᠠᠵᠢᠯ ᠤᠨ ᠬᠢᠨᠠᠨ ᠪᠠᠶᠢᠴᠠᠭᠠᠯᠲᠠ ᠲᠠᠶ ᠤᠶᠠᠯᠳᠤᠭᠤᠯᠤᠨ᠂ ᠪᠥᠬᠥ ᠬᠣᠰᠢᠭᠤᠨ ᠤ ᠡᠮᠴᠢᠯᠡᠭᠡᠨ ᠦ ᠪᠠᠶᠢᠭᠤᠯᠤᠮᠵᠢ ᠢᠢᠨ ᠬᠠᠸᠯᠢ ᠶᠣᠰᠣᠭᠠᠷ ᠠᠵᠢᠯ ᠡᠷᠭᠢᠯᠡᠬᠦ᠂ ᠠᠵᠢᠯ ᠮᠡᠷᠭᠡᠵᠢᠯ ᠦᠨ ᠡᠷᠡᠭᠦᠯ ᠮᠡᠨᠳᠦ ᠢᠢᠨ ᠪᠠᠶᠢᠴᠠᠭᠠᠯᠲᠠ ᠬᠢᠬᠦ᠂ ᠡᠷᠡᠭᠦᠯ ᠮᠡᠨᠳᠦ ᠢᠢᠨ ᠭᠡᠷᠡᠴᠢ ᠢᠢ ᠭᠦᠢᠴᠡᠳᠭᠡᠬᠦ᠂ ᠡᠮᠴᠢᠯᠡᠭᠡᠨ ᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠢᠢ ᠬᠢᠨᠠᠨ ᠵᠢᠯᠣᠭᠣᠳᠴᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠢᠢᠨ ᠬᠠᠮᠲᠤ ᠴᠡᠭ᠍ᠴᠡᠯᠡᠨ ᠰᠠᠶᠢᠵᠢᠷᠠᠭᠤᠯᠬᠤ ᠢᠢ ᠱᠠᠯᠠᠪᠳᠠᠪᠠ᠃ ᠬᠠᠸᠯᠢ ᠪᠤᠰᠤ ᠪᠠᠷ ᠣᠨᠣᠰᠢᠯᠠᠨ ᠡᠮᠴᠢᠯᠡᠬᠦ ᠠᠵᠢᠯᠯᠠᠭ᠎ᠠ ᠳᠤ ᠴᠣᠬᠢᠯᠲᠠ ᠥᠭ᠍ᠴᠦ᠂ ᠡᠮᠴᠢᠯᠡᠭᠡᠨ ᠦ ᠦᠢᠯᠡᠴᠢᠯᠡᠭᠡᠨ ᠦ ᠠᠵᠢᠯᠯᠠᠭ᠎ᠠ ᠢᠢ ᠤᠯᠠᠮ ᠨᠢᠭᠡ ᠠᠯᠬᠤᠮ ᠵᠢᠷᠤᠮᠵᠢᠭᠤᠯᠤᠨ᠂ ᠡᠮᠴᠢᠯᠡᠭᠡᠨ ᠦ ᠵᠠᠬ᠎ᠠ ᠳᠡᠯᠭᠡᠭᠦᠷ ᠦᠨ ᠡᠮᠬᠢ ᠳᠢᠭ᠍ᠯᠢᠮ ᠢ ᠰᠢᠯᠢᠳᠡᠭ᠍ᠵᠢᠭᠦᠯᠵᠦ᠂ ᠠᠷᠠᠳ ᠣᠯᠠᠨ ᠤ ᠡᠷᠡᠭᠦᠯ ᠮᠡᠨᠳᠦ ᠢᠢᠨ ᠡᠷᠬᠡ ᠠᠰᠢᠭ ᠢ ᠦᠨᠡᠨᠬᠦ ᠪᠠᠲᠤᠯᠠᠨ᠂ ᠦᠨᠡᠨᠴᠢ ᠢᠲᠡᠭᠡᠮᠵᠢᠲᠡᠶ ᠪᠥᠭᠡᠳ ᠬᠠᠸᠯᠢ ᠢᠢ ᠰᠠᠬᠢᠬᠤ ᠡᠮᠴᠢᠯᠡᠭᠡᠨ ᠦ ᠣᠷᠴᠢᠨ ᠲᠣᠭᠣᠷᠢᠨ ᠢ ᠪᠠᠶᠢᠭᠤᠯᠬᠤ ᠢᠢ ᠠᠬᠢᠭᠤᠯᠵᠤ᠂ ᠨᠡᠶᠢᠭᠡᠮ ᠦᠨ ᠢᠲᠡᠭᠡᠮᠵᠢ ᠢᠢᠨ ᠳᠦᠷᠢ ᠲᠥᠷᠬᠦ ᠢᠢ ᠬᠠᠮᠠᠭᠠᠯᠠᠪᠠ᠃ ᠬᠣᠶᠠᠷ ᠲᠤ ᠤᠯᠠᠨ ᠨᠡᠶᠢᠲᠡ ᠢᠢᠨ ᠲᠠᠯᠠᠪᠤᠷ ᠤᠨ ᠬᠦᠷᠢᠶᠡᠨ ᠳᠡᠬᠢ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠢᠢᠨ ᠪᠠᠶᠢᠭᠤᠯᠤᠯᠲᠠ ᠢᠢ ᠴᠢᠩᠭᠠᠳᠬᠠᠵᠤ᠂ ᠢᠲᠡᠭᠡᠮᠵᠢ ᠢᠢᠨ ᠠᠮᠠᠯᠠᠯᠲᠠ᠂ ᠢᠲᠡᠭᠡᠮᠵᠢ ᠢᠢᠨ ᠳᠡᠰ ᠲᠦᠷᠦᠯ ᠬᠤᠪᠢᠶᠠᠨ ᠬᠢᠨᠠᠨ ᠬᠠᠮᠢᠶᠠᠷᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠵᠤ᠂ ᠠᠵᠢᠯ ᠲᠦᠷᠦᠯ ᠦᠨ ᠦᠨᠡᠨᠴᠢ ᠢᠲᠡᠭᠡᠮᠵᠢ ᠢᠢᠨ ᠰᠣᠶᠣᠯ ᠤᠨ ᠪᠠᠶᠢᠭᠤᠯᠤᠯᠲᠠ ᠢᠢ ᠥᠷᠨᠢᠭᠦᠯᠪᠡ᠃ ᠦᠰᠦ ᠵᠠᠰᠠᠬᠤ ᠭᠠᠵᠠᠷ᠂ ᠵᠢᠰᠦ ᠭᠣᠶᠣᠯᠠᠬᠤ ᠭᠠᠵᠠᠷ᠂ ᠵᠣᠴᠢᠳ ᠤᠨ ᠪᠠᠭᠤᠳᠠᠯ᠂ ᠤᠬᠢᠶᠠᠯᠭ᠎ᠠ ᠢᠢᠨ ᠲᠥᠪ ᠵᠡᠷᠭᠡ ᠣᠯᠠᠨ ᠨᠡᠶᠢᠲᠡ ᠢᠢᠨ ᠲᠠᠯᠠᠪᠤᠷ ᠲᠤ ᠢᠲᠡᠭᠡᠮᠵᠢ ᠢᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠢᠢ ᠬᠡᠷᠡᠭ᠍ᠵᠢᠭᠦᠯᠪᠡ᠃ ᠲᠣᠰ ᠰᠠᠯᠠᠭ᠎ᠠ ᠮᠥᠴᠢᠷ ᠵᠢᠴᠢ ᠰᠠᠯᠠᠭ᠎ᠠ ᠮᠥᠴᠢᠷ ᠠᠯᠤᠰᠯᠠᠭᠰᠠᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠬᠢᠨᠠᠯᠲᠠ ᠬᠠᠮᠢᠶᠠᠷᠤᠯᠲᠠ ᠢᠢᠨ ᠬᠠᠸᠯᠢ ᠬᠡᠷᠡᠭ᠍ᠵᠢᠭᠦᠯᠬᠦ ᠡᠷᠴᠢᠮ ᠢ ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠪᠠ᠃
ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠬᠡᠵᠦ ᠦᠨᠡᠨ ᠬᠦ ᠠᠷᠠᠳ ᠲᠦᠮᠡᠨ ᠳᠦ ᠦᠢᠯᠡᠴᠢᠯᠡᠪᠡ
ᠨᠢᠭᠡ ᠳᠦ ᠪᠥᠬᠥ ᠬᠣᠰᠢᠭᠤᠨ ᠤ ᠠᠯᠪᠠᠨ ᠡᠴᠠ ᠪᠠᠶᠢᠭᠤᠯᠤᠭᠰᠠᠨ ᠡᠮᠨᠡᠯᠭᠡ ᠢᠢᠨ ᠬᠣᠷᠢᠶ᠎ᠠ ᠳᠤ ᠵᠢᠷᠬᠢᠶ᠎ᠠ ᠲᠠᠪᠴᠡᠡᠭ᠂ ᠰᠦᠯᠵᠢᠶ᠎ᠡ ᠵᠡᠷᠭᠡ ᠪᠡᠷ ᠲᠠᠮᠵᠢᠨ ᠤᠷᠢᠳᠴᠢᠯᠠᠨ ᠪᠤᠯᠵᠤᠨ ᠳ᠋ᠤᠭᠠᠷᠯᠠᠬᠤ ᠢᠢ ᠪᠥᠬᠥ ᠲᠠᠯ᠎ᠠ ᠪᠠᠷ ᠬᠡᠷᠡᠭ᠍ᠵᠢᠭᠦᠯᠵᠦ᠂ ᠡᠯ᠎ᠡ ᠡᠮᠨᠡᠯᠭᠡ ᠢᠢᠨ ᠬᠣᠷᠢᠶ᠎ᠠ ᠢᠢᠨ ᠡᠭᠦᠳᠡᠨ ᠡᠮᠨᠡᠯᠭᠡ ᠢᠢᠨ ᠶᠡᠬᠡ ᠲᠢᠩᠬᠢᠮ ᠳᠦ ᠡᠮᠴᠢᠯᠡᠭᠡᠨ ᠦ ᠵᠢᠯᠣᠭᠣᠳᠤᠭᠴᠢ ᠢᠢᠨ ᠲᠠᠪᠴᠠᠩ ᠭᠠᠷᠭᠠᠵᠤ᠂ ᠡᠮᠴᠢᠯᠡᠭᠦᠯᠬᠦ ᠪᠡᠷ ᠢᠷᠡᠭ᠍ᠰᠡᠳ ᠦᠨ ᠪᠤᠯᠵᠤᠨ ᠳ᠋ᠤᠭᠠᠷᠯᠠᠬᠤ᠂ ᠪᠠᠶᠢᠴᠠᠭᠠᠯᠲᠠ ᠬᠢᠯᠬᠡᠬᠦ᠂ ᠡᠮ ᠠᠪᠬᠤ ᠡᠴᠡ ᠠᠪᠤᠭᠠᠳ ᠡᠮᠨᠡᠯᠭᠡ ᠳᠦ ᠰᠠᠭᠤᠬᠤ ᠭᠠᠷ ᠭᠦᠢᠴᠡᠳᠭᠡᠯ ᠬᠢᠬᠦ ᠵᠡᠷᠬᠡ ᠦᠡᠭᠭᠡᠷᠡᠭᠰᠡᠨ ᠤ ᠶᠠᠷᠰᠢᠭ ᠲᠦᠪᠡᠭ᠍ᠲᠡᠶ ᠶᠠᠪᠤᠴᠠ ᠢᠢ ᠨᠢᠬᠡ ᠴᠤᠭᠴᠠᠵᠢᠭᠤᠯᠵᠤ ᠲᠦᠬᠦᠮᠴᠢᠯᠡᠭᠰᠡᠨ ᠪᠠᠶᠢᠨ᠎ᠠ᠃ ᠬᠣᠶᠠᠷ ᠲᠤ ᠡᠮᠴᠢᠯᠡᠭᠡᠨ ᠦ ᠬᠠᠮᠲᠤ ᠢᠢᠨ ᠴᠣᠭᠴᠠ ᠢᠢᠨ ᠶᠡᠷᠦᠩᠬᠡᠶ ᠡᠮᠨᠡᠯᠭᠡ ᠢᠢᠨ ᠬᠣᠷᠢᠶ᠎ᠠ ᠢᠢᠨ ᠮᠡᠳᠡᠭᠡ ᠵᠠᠩᠭᠢ ᠢᠢᠨ ᠲᠠᠪᠴᠠᠩ ᠢ ᠪᠠᠶᠢᠭᠤᠯᠵᠤ᠂ ᠡᠭᠦᠳᠡᠨ ᠡᠮᠨᠡᠯᠭᠡ᠂ ᠡᠮᠨᠡᠯᠭᠡ ᠳᠦ ᠰᠠᠭᠤᠵᠤ ᠡᠮᠨᠡᠭᠦᠯᠦᠭ᠍ᠰᠡᠨ ᠪᠠᠶᠢᠳᠠᠯ ᠬᠢᠭᠡᠳ ᠭᠣᠸᠯᠳᠠᠯᠭ᠎ᠠ ᠲᠠᠶ ᠬᠥᠮᠦᠰ ᠦᠨ ᠬᠠᠮᠢᠶᠠᠷᠤᠯᠲᠠ ᠢᠢᠨ ᠮᠡᠳᠡᠭᠡ ᠵᠠᠩᠭᠢ ᠢᠢᠨ ᠲᠣᠭ᠎ᠠ ᠪᠠᠷᠢᠮᠲᠠ ᠢᠢᠨ ᠬᠣᠯᠪᠣᠯᠳᠤᠨ ᠨᠡᠪᠲᠡᠷᠡᠯᠴᠡᠬᠦ ᠢᠢ ᠪᠡᠶᠡᠯᠡᠭᠦᠯᠪᠡ᠃ ᠭᠤᠷᠪᠠ ᠳᠤ︽ᠨᠢᠷᠠᠶ ᠬᠡᠸᠬᠡᠳ ᠦᠨ ᠨᠢᠭᠡ ᠶᠠᠪᠤᠳᠠᠯ︾ᠤ᠋ᠨ ᠠᠵᠢᠯ ᠢ ᠪᠥᠬᠥ ᠲᠠᠯ᠎ᠠ ᠪᠠᠷ ᠠᠬᠢᠭᠤᠯᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠢᠢᠨ ᠵᠥᠪᠯᠡᠯ ᠲᠦᠷᠦᠭᠦᠯᠡᠨ ᠬᠣᠯᠪᠣᠭᠳᠠᠯ ᠪᠥᠬᠥᠶ ᠪᠠᠶᠢᠭᠤᠯᠭ᠎ᠠ ᠨᠢᠭᠡᠴᠡ ᠲᠡᠶ ᠬᠠᠮᠲᠤᠷᠠᠨ ᠰᠠᠶ᠋ᠢ ᠲᠥᠷᠥᠭ᠍ᠰᠡᠨ ᠬᠡᠸᠬᠡᠳ ᠦᠨ︽ᠨᠢᠭᠡ ᠶᠠᠪᠤᠳᠠᠯ︾ᠤ᠋ᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠵᠤ᠂ ᠬᠣᠯᠪᠣᠭᠳᠠᠯ ᠪᠥᠬᠥᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠦ︽ᠭᠦᠶᠦᠬᠦ ᠥᠬᠡᠶ︾ᠪᠠᠶᠢᠬᠤ ᠢᠢ ᠪᠡᠶᠡᠯᠡᠭᠦᠯᠵᠦ᠂ ᠠᠷᠠᠳ ᠲᠦᠮᠡᠨ ᠳᠦ ᠦᠢᠯᠡᠴᠢᠯᠡᠬᠦ ᠴᠢᠳᠠᠪᠤᠷᠢ ᠢᠢ ᠤᠯᠠᠮ ᠨᠢᠭᠡ ᠠᠯᠬᠤᠮ ᠳᠡᠭᠡᠭ᠍ᠰᠢᠯᠡᠭᠦᠯᠪᠡ᠃