︽ᠵᠣᠨ ᠤ ᠤᠯᠠᠷᠢᠯ ᠤᠨ ᠠᠮᠤᠷ ᠢ ᠬᠠᠮᠠᠭᠠᠯᠠᠵᠤ ᠴᠣᠬᠢᠯᠲᠠ ᠥᠭ᠍ᠴᠦ ᠴᠡᠭ᠍ᠴᠡᠯᠡᠨ ᠵᠠᠰᠠᠬᠤ ᠠᠵᠢᠯᠯᠠᠭ᠎ᠠ︾ ᠵᠢ ᠥᠷᠨᠢᠭᠦᠯᠦᠭ᠍ᠰᠡᠨ ᠡᠴᠡ ᠨᠠᠭᠠᠰᠢ᠂ ᠣᠲᠣᠭ ᠤᠨ ᠡᠮᠦᠨᠡᠲᠦ ᠬᠣᠰᠢᠭᠤᠨ ᠤ ᠳᠣᠲᠣᠭᠠᠳᠤ ᠢᠢ ᠬᠠᠮᠠᠭᠠᠯᠠᠬᠤ ᠲᠣᠪᠴᠢᠶ᠎ᠠ ᠨᠢ ᠳᠡᠭᠡᠳᠦ ᠱᠠᠲᠤᠨ ᠤ ᠳᠣᠲᠣᠭᠠᠳᠤ ᠢᠢ ᠬᠠᠮᠠᠭᠠᠯᠠᠬᠤ ᠪᠠᠶᠢᠭᠤᠯᠤᠯᠭ᠎ᠠ ᠢᠢᠨ ᠪᠠᠶᠢᠷᠢᠯᠠᠭᠤᠯᠤᠯᠲᠠ ᠢᠢᠨ ᠱᠠᠭᠠᠷᠳᠠᠯᠭ᠎ᠠ ᠢᠢ ᠦᠳᠲᠡᠷ ᠲᠦᠷᠭᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠨᠢᠭᠡ ᠪᠦᠯᠦᠭ᠂ ᠲᠠᠪᠤ ᠢᠢ ᠴᠢᠩᠭ᠎ᠠ ᠰᠡᠷᠭᠡᠶᠢᠯᠡᠬᠦ ᠂ ᠭᠤᠷᠪᠠ ᠢᠢ ᠦᠨᠡᠨᠬᠦ ᠪᠠᠲᠤᠯᠠᠬᠤ︾ ᠠᠵᠢᠯ ᠤᠨ ᠬᠠᠷᠠᠯᠲᠠ ᠢᠢ ᠬᠦᠴᠦ ᠪᠡᠨ ᠲᠥᠪᠯᠡᠷᠡᠭᠦᠯᠦᠨ ᠪᠡᠶᠡᠯᠡᠭᠦᠯᠵᠦ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠵᠢᠮ᠎ᠡ ᠶᠣᠰᠣᠨ ᠤ ᠣᠨᠴᠠᠯᠢᠭ ᠲᠠᠶ ᠨᠢᠭᠲᠠ ᠤᠶᠠᠯᠳᠤᠭᠤᠯᠤᠨ᠂ ︽ᠴᠣᠬᠢᠯᠲᠠ ᠥᠭ᠍ᠬᠦ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ᠂ ᠵᠠᠰᠠᠬᠤ︾ ᠡᠯ᠎ᠡ ᠵᠦᠢᠯ ᠦᠨ ᠠᠷᠭ᠎ᠠ ᠬᠡᠮᠵᠢᠶ᠎ᠡ ᠠᠪᠴᠤ᠂ ᠬᠠᠸᠯᠢ ᠠᠴᠠ ᠵᠥᠷᠢᠴᠡᠭ᠍ᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭ᠍ᠴᠦ᠂ ᠨᠡᠶᠢᠭᠡᠮ ᠦᠨ ᠠᠮᠤᠷ ᠲᠦᠪᠰᠢᠨ ᠦ ᠡᠮᠬᠢ ᠵᠠᠮᠪᠠᠷᠠᠭ᠎ᠠ ᠥᠬᠡᠶ ᠦᠵᠡᠭ᠍ᠳᠡᠯ ᠢ ᠴᠢᠩᠭ᠎ᠠ ᠴᠡᠭ᠍ᠴᠡᠯᠡᠨ ᠵᠠᠰᠠᠵᠤ᠂ ᠨᠡᠶᠢᠭᠡᠮ ᠦᠨ ᠠᠮᠤᠷ ᠲᠦᠪᠰᠢᠨ ᠦ ᠦᠷᠭᠦᠯᠵᠢᠯᠡᠨ ᠲᠣᠭᠲᠠᠭᠤᠨ ᠪᠠᠶᠢᠬᠤ ᠢᠢ ᠪᠠᠲᠤᠯᠠᠵᠤ᠂ ︽ᠵᠣᠨ ᠤ ᠤᠯᠠᠷᠢᠯ ᠤᠨ ᠠᠮᠤᠷ ᠢ ᠬᠠᠮᠠᠭᠠᠯᠠᠵᠤ ᠴᠣᠬᠢᠯᠲᠠ ᠥᠭ᠍ᠴᠦ ᠴᠡᠭ᠍ᠴᠡᠯᠡᠨ ᠵᠠᠰᠠᠬᠤ ᠠᠵᠢᠯᠯᠠᠭ᠎ᠠ︾ ᠨᠢ ᠢᠯᠡᠳᠲᠡ ᠦᠷ᠎ᠡ ᠪᠦᠲᠦᠮᠵᠢ ᠤᠯᠤᠭᠰᠠᠨ ᠪᠠᠶᠢᠨ᠎ᠠ᠃
ᠣᠲᠣᠭ ᠤᠨ ᠡᠮᠦᠨᠡᠲᠦ ᠬᠣᠰᠢᠭᠤᠨ ᠤ ᠳᠣᠲᠣᠭᠠᠳᠤ ᠢᠢ ᠬᠠᠮᠠᠭᠠᠯᠠᠬᠤ ᠲᠣᠪᠴᠢᠶ᠎ᠠ ᠨᠢ ᠳᠣᠲᠣᠭᠠᠳᠤ ᠢᠢ ᠬᠠᠮᠠᠭᠠᠯᠠᠬᠤ ᠶᠠᠮᠤᠨ᠂ ᠳᠣᠲᠣᠭᠠᠳᠤ ᠢᠢ ᠬᠠᠮᠠᠭᠠᠯᠠᠬᠤ ᠲᠢᠩᠬᠢᠮ᠂ ᠬᠣᠲᠠ ᠢᠢᠨ ᠲᠣᠪᠴᠢᠶ᠎ᠠ ᠢᠢᠨ ᠪᠠᠶᠢᠷᠢᠯᠠᠭᠤᠯᠤᠯᠲᠠ ᠢᠢᠨ ᠱᠠᠭᠠᠷᠳᠠᠯᠭ᠎ᠠ ᠢᠢ ᠦᠳᠲᠡᠷ ᠲᠦᠷᠭᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠶ ᠠᠵᠢᠯᠯᠠᠭ᠎ᠠ ᠢᠢᠨ ᠠᠵᠢᠯ ᠤᠨ ᠪᠠᠶᠢᠷᠢᠯᠠᠭᠤᠯᠤᠯᠲᠠ ᠢᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂︽ᠣᠲᠣᠭ ᠤᠨ ᠡᠮᠦᠨᠡᠲᠦ ᠬᠣᠰᠢᠭᠤᠨ ᠤ ᠳᠣᠲᠣᠭᠠᠳᠤ ᠢᠢ ᠬᠠᠮᠠᠭᠠᠯᠠᠬᠤ ᠲᠣᠪᠴᠢᠶ᠎ᠠ ᠢᠢᠨ ᠵᠣᠨ ᠤ ᠤᠯᠠᠷᠢᠯ ᠤᠨ ᠠᠮᠤᠷ ᠢ ᠬᠠᠮᠠᠭᠠᠯᠠᠵᠤ ᠴᠣᠬᠢᠯᠲᠠ ᠥᠭ᠍ᠴᠦ ᠴᠡᠭ᠍ᠴᠡᠯᠡᠨ ᠵᠠᠰᠠᠬᠤ ᠠᠵᠢᠯᠯᠠᠭ᠎ᠠ ᠢᠢᠨ ᠠᠵᠢᠯ ᠤᠨ ᠲᠥᠰᠦᠯ︾ ᠢ ᠰᠤᠳᠤᠯᠤᠨ ᠲᠣᠭᠲᠠᠭᠠᠵᠤ᠂ ᠲᠣᠪᠴᠢᠶ᠎ᠠ ᠢᠢᠨ ᠭᠣᠸᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠵᠣᠨ ᠤ ᠤᠯᠠᠷᠢᠯ ᠤᠨ ᠠᠮᠤᠷ ᠢ ᠬᠠᠮᠠᠭᠠᠯᠠᠵᠤ ᠴᠣᠬᠢᠯᠲᠠ ᠥᠭ᠍ᠴᠦ ᠴᠡᠭ᠍ᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠡᠭᠦᠷᠭᠡ ᠪᠡᠨ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠡᠨ ᠨᠠᠷᠢᠯᠢᠬ᠍ᠵᠢᠭᠤᠯᠵᠤ᠂ ᠵᠣᠬᠢᠶᠠᠨ ᠪᠠᠶᠢᠭᠤᠯᠤᠯᠲᠠ᠂ ᠬᠦᠴᠦᠨ ᠵᠦᠢᠯ᠂ ᠲᠦᠷᠢᠮ ᠲᠤᠭᠳᠠᠭᠠᠯ ᠵᠡᠷᠭᠡ ᠲᠠᠯ᠎ᠠ ᠪᠠᠷ ᠬᠦᠴᠦᠲᠡᠶ ᠲᠤᠯᠭᠠᠭᠤᠷᠢᠯᠠᠨ ᠪᠠᠲᠤᠯᠠᠵᠤ᠂ ︽ᠵᠣᠨ ᠤ ᠤᠯᠠᠷᠢᠯ ᠤᠨ ᠠᠮᠤᠷ ᠢ ᠬᠠᠮᠠᠭᠠᠯᠠᠵᠤ ᠴᠣᠬᠢᠯᠲᠠ ᠥᠭ᠍ᠴᠦ ᠴᠡᠭ᠍ᠴᠡᠯᠡᠨ ᠵᠠᠰᠠᠬᠤ ᠠᠵᠢᠯᠯᠠᠭ᠎ᠠ︾ ᠵᠢᠨ ᠡᠯ᠎ᠡ ᠵᠦᠢᠯ ᠦᠨ ᠪᠠᠶᠢᠷᠢᠯᠠᠭᠤᠯᠤᠯᠲᠠ ᠢᠢ ᠪᠣᠳᠠᠲᠠᠶ ᠳᠤ ᠨᠠᠶᠢᠳᠠᠪᠤᠷᠢᠵᠢᠭᠤᠯᠬᠤ ᠢᠢ ᠦᠨᠡᠨ ᠬᠦ ᠪᠠᠲᠤᠯᠠᠭᠰᠠᠨ ᠪᠠᠶᠢᠨ᠎ᠠ᠃
ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠣᠨᠴᠠᠯᠢᠭ ᠲᠤ ᠴᠢᠭ᠍ᠯᠡᠭᠦᠯᠦᠨ᠂ ᠴᠢᠩᠭ᠎ᠠ ᠴᠣᠬᠢᠯᠲᠠ ᠥᠭ᠍ᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ᠬᠦᠨᠳᠦ ᠶᠡᠬᠡ ᠣᠨᠴᠠᠭᠠᠶ ᠬᠡᠷᠡᠭ ᠢ ᠲᠦᠷᠭᠡᠨ ᠳᠡᠩᠨᠡᠨ ᠲᠦᠷᠭᠡᠨ ᠢᠯᠡᠷᠡᠭᠦᠯᠵᠦ᠂ ᠰᠢᠷᠢᠰ ᠶᠠᠯᠠᠲᠤ ᠠᠵᠢᠯᠯᠠᠭ᠎ᠠ ᠢᠢ ᠭᠦᠨᠵᠡᠭᠡᠶ ᠲᠤᠭᠤᠰᠢᠳᠠᠢ ᠬᠢᠵᠦ᠂ ᠤᠯᠠᠨ ᠢ ᠴᠤᠭᠯᠠᠭᠤᠯᠤᠨ ᠵᠣᠳᠣᠭᠠᠨ ᠬᠢᠬᠦ᠂ ᠦ ᠡᠷᠢᠵᠦ ᠬᠡᠷᠡᠭ ᠡᠳᠦᠬᠦ᠂ ᠵᠣᠷᠢᠭᠤᠳᠠ ᠭᠡᠮᠲᠦᠭᠡᠬᠦ ᠵᠡᠷᠭᠡ ᠨᠡᠯᠢᠶᠡᠳ ᠶᠡᠬᠡ ᠨᠥᠯᠥᠭᠡ ᠲᠡᠶ ᠬᠠᠤᠯᠢ ᠠᠴᠠ ᠵᠥᠷᠢᠴᠡᠭ᠍ᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭ᠍ᠴᠦ᠂ ᠠᠷᠠᠳ ᠤᠯᠠᠨ ᠤ ᠠᠮᠢ ᠨᠠᠰᠤ ᠡᠳ᠋ ᠬᠦᠷᠦᠨᠭ᠍ᠭᠡ ᠢᠢᠨ ᠠᠮᠤᠷ ᠲᠦᠪᠰᠢᠨ ᠢ ᠪᠦᠬᠦ ᠬᠦᠴᠦᠨ ᠢᠶᠡᠷ ᠢᠶᠡᠨ ᠪᠠᠲᠤᠯᠠᠵᠤ᠂ ᠪᠦᠬᠦ ᠬᠤᠰᠢᠭᠤᠨ ᠤ ᠨᠡᠶᠢᠭᠡᠮ ᠦᠨ ᠠᠮᠤᠷ ᠲᠦᠪᠰᠢᠨ ᠦ ᠶᠡᠬᠡ ᠲᠠᠯ᠎ᠠ ᠢᠢᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠨᠡᠶᠢᠭᠡᠮ ᠦᠨ ᠠᠮᠤᠷ ᠲᠦᠪᠰᠢᠨ ᠦ ᠣᠷᠴᠢᠨ ᠨᠥᠬᠥᠴᠡᠯ ᠢ ᠬᠦᠴᠦᠲᠡᠶ ᠴᠡᠪᠡᠷᠰᠢᠭᠦᠯᠪᠡ᠃ ᠣᠲᠣᠬᠠᠨ ᠪᠤᠯᠳᠠᠯ᠎ᠠ ᠡᠯ᠎ᠡ ᠲᠥᠷᠥᠯ ᠦᠨ ᠡᠷᠡᠭᠦᠦ᠍ ᠢᠢᠨ ᠬᠡᠷᠡᠭ᠍ ᠤᠨ ᠶᠠᠯᠠᠳᠤ ᠬᠡᠷᠡᠭ ᠢ ᠨᠡᠶᠢᠲᠡ 45 ᠢᠯᠡᠷᠡᠭᠦᠯᠵᠦ᠂ ᠶᠠᠯ᠎ᠠ ᠬᠢᠭ᠍ᠰᠡᠨ ᠰᠡᠵᠢᠭ᠍ᠳᠡᠨ ᠢ 50 ᠪᠠᠷᠢᠪᠴᠢᠯᠠᠵᠤ᠂ ᠣᠷᠭᠣᠳᠤᠸᠯ ᠬᠡᠷᠡᠭ᠍ᠲᠡᠨ ᠢ 4 ᠪᠠᠷᠢᠪᠴᠢᠯᠠᠵᠤ᠂︽ᠲᠤᠭᠳᠠᠭᠰᠠᠨ ᠪᠠᠷᠢᠮᠵᠢᠶ᠎ᠠ ᠡᠴᠡ ᠬᠤᠷᠳᠤᠨ ᠶᠠᠪᠤᠭᠰᠠᠨ᠂ ᠤᠯᠠᠨ ᠬᠦᠮᠦᠨ ᠲᠡᠭᠡᠭᠡᠭᠰᠡᠨ᠂ ᠲᠠᠭᠠᠭᠠᠴᠠ ᠡᠴᠡ ᠬᠡᠳᠦᠷᠡᠬᠦᠯᠦᠨ ᠠᠴᠢᠶᠠᠯᠠᠭᠰᠠᠨ᠂ ᠶᠠᠳᠠᠷᠠᠵᠤ ᠲᠡᠷᠬᠡ ᠵᠢᠯᠤᠭᠤᠳᠤᠭᠰᠠᠨ︾ ᠬᠡᠷᠡᠭ ᠢ 45 ᠪᠠᠶᠢᠴᠠᠭᠠᠨ ᠰᠢᠢᠳᠪᠦᠷᠢᠯᠡᠵᠦ᠂ ᠵᠠᠮ ᠬᠠᠷᠢᠯᠴᠠᠭᠠᠨ ᠤ ᠬᠠᠸᠯᠢ ᠠᠴᠠ ᠵᠥᠷᠢᠴᠡᠭ᠍ᠰᠡᠨ ᠪᠤᠰᠤᠳ ᠦᠢᠯᠡ ᠠᠵᠢᠯᠯᠠᠭ᠎ᠠ ᠢᠢ 361 ᠪᠠᠶᠢᠴᠠᠭᠠᠨ ᠰᠢᠢᠳᠪᠦᠷᠢᠯᠡᠵᠡᠶ᠃
︽1᠂ 3᠂ 5 ᠮᠢᠨᠦ᠋ᠲ︾ ᠤ᠋ᠨ ᠲᠦᠷᠭᠡᠨ ᠳᠠᠭᠠᠬᠤ ᠲᠣᠭᠲᠠᠴᠠ ᠢᠢ ᠴᠢᠩᠭ᠎ᠠ ᠨᠠᠶᠢᠳᠠᠪᠤᠷᠢᠵᠢᠭᠤᠯᠵᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠣᠨᠴᠠᠯᠢᠭ ᠵᠢᠮ᠎ᠡ ᠶᠣᠰᠣ ᠳᠤ ᠴᠢᠭ᠍ᠯᠡᠭᠦᠯᠦᠨ᠂ ᠲᠣᠭᠣᠷᠢᠨ ᠴᠠᠭᠳᠠᠬᠤ ᠵᠠᠮ ᠱᠤᠭᠤᠮ ᠢ ᠨᠠᠷᠢᠨ ᠨᠢᠮᠪᠠᠶ ᠪᠠᠶᠢᠷᠢᠯᠠᠭᠤᠯᠵᠤ᠂ ᠰᠥᠨᠢ ᠢᠢᠨ ᠵᠠᠬ᠎ᠠ ᠳᠡᠯᠭᠡᠭᠦᠷ ᠂ ᠬᠤᠳᠠᠯᠳᠤᠭᠠᠨ ᠤ ᠵᠡᠭᠡᠯᠢ᠂ KTV ᠵᠡᠷᠭᠡ ᠰᠥᠨᠢ ᠢᠢᠨ ᠡᠵᠡᠩᠨᠡᠯᠲᠡ ᠢᠢᠨ ᠭᠠᠵᠠᠷ ᠤᠷᠤᠨ ᠢ ᠲᠣᠭᠣᠷᠢᠨ ᠴᠠᠭᠳᠠᠬᠤ ᠭᠣᠸᠯᠳᠠᠯᠭ᠎ᠠ ᠪᠣᠯᠭᠠᠵᠤ᠂ ᠠᠷᠢᠬᠢᠨ ᠪᠠᠭᠠᠷ᠂ ᠰᠥᠨᠢ ᠢᠢᠨ ᠵᠠᠬ᠎ᠠ ᠳᠡᠯᠭᠡᠭᠦᠷ ᠵᠡᠷᠭᠡ ᠬᠥᠮᠦᠨ ᠬᠠᠷ᠎ᠠ ᠨᠢᠭᠲᠠᠷᠠᠭᠰᠠᠨ ᠣᠷᠣᠨ ᠪᠦᠰᠡ ᠳᠦ︽ᠲᠡᠷᠭᠡ ᠪᠡᠷ ᠲᠣᠭᠣᠷᠢᠨ ᠴᠠᠭᠳᠠᠬᠤ + ᠶᠠᠪᠠᠭᠠᠨ ᠢᠶᠠᠷ ᠲᠣᠭᠣᠷᠢᠨ ᠴᠠᠭᠳᠠᠬᠤ︾ᠠᠵᠢᠯ ᠢ ᠦᠷᠨᠢᠬᠦᠯᠵᠦ᠂ ᠬᠡᠷᠡᠭ ᠣᠯᠠᠨ ᠡᠭᠦᠰᠳᠡᠭ ᠴᠠᠭ ᠬᠤᠭᠤᠴᠠᠭ᠎ᠠ ᠪᠠ ᠣᠷᠣᠨ ᠪᠠᠶᠢᠷᠢ ᠢᠢᠨ ᠲᠣᠭᠣᠷᠢᠨ ᠳᠤ ᠬᠡᠷᠡᠭ ᠶᠠᠪᠤᠳᠠᠯ ᠢ ᠬᠠᠮᠢᠶᠠᠷᠬᠤ ᠨᠣᠷᠮ᠎ᠠ ᠢᠢ ᠳᠡᠭᠡᠭ᠍ᠰᠢᠯᠡᠭᠦᠯᠦᠨ᠂ ᠬᠡᠷᠡᠭ ᠥᠳᠥᠭᠡᠬᠦ᠂ ᠬᠡᠷᠡᠭᠦᠯ ᠵᠣᠳᠣᠭᠠᠨ ᠬᠢᠬᠦ ᠵᠡᠷᠭᠡ ᠵᠣᠨ ᠤ ᠤᠯᠠᠷᠢᠯ ᠤᠨ ᠬᠠᠸᠯᠢ ᠢᠢ ᠵᠥᠷᠢᠴᠡᠭ᠍ᠰᠡᠨ ᠶᠠᠯᠠᠲᠤ ᠠᠵᠢᠯᠯᠠᠭ᠎ᠠ ᠳ᠋ᠤ ᠴᠣᠬᠢᠯᠲᠠ ᠥᠭ᠍ᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠢᠢ ᠲᠦᠷᠭᠡᠨ ᠳᠠᠭᠠᠬᠤ ᠲᠣᠭᠲᠠᠴᠠ ᠢᠢ ᠨᠠᠶᠢᠳᠠᠪᠤᠷᠢᠵᠢᠭᠤᠯᠵᠤ᠂ ᠬᠡᠷᠡᠭ ᠤᠨ ᠮᠡᠳᠡᠬᠦᠯᠦᠯᠳᠡ ᠵᠢ ᠣᠯᠤᠭᠰᠠᠨ ᠤ ᠳᠠᠷᠠᠭ᠎ᠠ᠂ ᠦᠳᠲᠡᠷ ᠲᠦᠷᠭᠡᠨ ᠢᠶᠡᠷ ᠬᠡᠷᠡᠭ ᠢ ᠰᠶᠢᠳᠪᠦᠷᠢᠯᠡᠵᠦ᠂ ᠡᠯ᠎ᠡ ᠲᠥᠷᠥᠯ ᠦᠨ ᠲᠦᠭ᠍ᠰᠢᠭᠦᠷᠢ ᠢᠢ ᠬᠠᠮᠢᠶᠠᠷᠤᠨ ᠡᠵᠡᠮᠳᠡᠬᠦ ᠢᠢ ᠨᠠᠩ ᠲᠦᠷᠭᠡᠨ᠂ ᠨᠠᠷᠢᠯᠢᠭ ᠣᠨᠣᠴᠠᠲᠠᠶ᠂ ᠪᠦᠲᠦᠮᠵᠢᠲᠡᠶ ᠪᠣᠯᠭᠠᠬᠤ ᠢᠢ ᠦᠨᠡᠨᠬᠦ ᠪᠠᠲᠤᠯᠠᠪᠠ᠃
ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠤᠷᠢᠳᠴᠢᠯᠠᠨ ᠰᠡᠷᠭᠡᠶᠢᠯᠡᠬᠦ ᠪᠡᠷ ᠭᠣᠸᠯ ᠪᠣᠯᠭᠠᠬᠤ᠂ ᠡᠶᠡᠳᠡᠭᠦᠯᠬᠦ ᠢᠢ ᠲᠡᠷᠢᠭᠦᠨ ᠳᠦ ᠲᠠᠯᠪᠢᠬᠤ᠂ ᠲᠦᠭ᠍ᠰᠢᠭᠦᠷᠢ ᠢᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠢᠢ ᠢᠮᠠᠭᠲᠠ ᠪᠠᠷᠢᠮᠲᠠᠯᠠᠵᠤ᠂ ᠣᠷᠣᠭ ᠬᠤᠷᠢᠮ ᠢᠨᠠᠭ ᠳᠤᠷᠠᠯᠠᠯ᠂ ᠬᠥᠷᠰᠢ ᠵᠡᠷᠭᠡᠯᠡᠳᠡᠭᠡ᠂ ᠴᠠᠯᠢᠡᠭ ᠬᠦᠯᠦᠰᠦ ᠵᠡᠷᠬᠡ ᠵᠥᠷᠢᠴᠡᠯ ᠵᠠᠭᠤᠷᠠᠯᠳᠤᠭᠠᠨ ᠠᠴᠠ ᠪᠣᠯᠤᠭᠰᠠᠨ ᠬᠠᠷᠢᠶᠠᠲᠤ ᠣᠷᠣᠨ ᠤ ᠲᠣᠭᠲᠠᠭᠤᠨ ᠪᠤᠰᠤ ᠬᠦᠴᠦᠨ ᠵᠦᠢᠯ ᠢ ᠴᠢᠩᠭ᠎ᠠ ᠠᠩᠬᠠᠷᠴᠤ᠂ ᠣᠯᠠᠨ ᠰᠠᠯᠠᠭ᠎ᠠ ᠮᠥᠴᠢᠷ ᠬᠠᠮᠵᠢᠯᠴᠠᠭᠰᠠᠨ᠂ ᠬᠠᠸᠯᠢ ᠵᠦᠶ ᠪᠠᠶᠢᠳᠠᠯ ᠠᠭᠤᠰᠤᠯᠴᠠᠭᠰᠠᠨ ᠵᠥᠷᠢᠴᠡᠯ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠵᠠᠭᠪᠤᠷ ᠢ ᠢᠳᠡᠪᠬᠢᠲᠡᠶ ᠪᠣᠶ ᠪᠣᠯᠭᠠᠵᠤ᠂ ᠬᠠᠮᠢᠶ᠎ᠠ ᠪᠥᠬᠥᠶ ᠰᠠᠯᠠᠭ᠎ᠠ ᠮᠥᠴᠢᠷ ᠲᠡᠶ ᠬᠣᠯᠪᠣᠭᠠᠯᠠᠨ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠸᠯᠢ ᠴᠠᠭᠠᠵᠠ ᠢᠢᠨ ᠡᠶᠡᠳᠡᠭᠦᠯᠭᠡ᠂ ᠬᠥᠨᠳᠡᠯᠡᠨ ᠡᠴᠡ ᠲᠠᠰᠤᠯᠬᠤ ᠡᠶᠡᠳᠡᠭᠦᠯᠭᠡ ᠵᠡᠷᠭᠡ ᠣᠯᠠᠨ ᠡᠰᠢᠵᠢᠭᠦᠯᠦᠨ ᠰᠢᠢᠳᠪᠦᠷᠢᠯᠡᠬᠦ ᠢᠢ ᠠᠬᠢᠭᠤᠯᠵᠤ᠂ ᠵᠥᠷᠢᠴᠡᠯ ᠵᠠᠭᠤᠷᠠᠯᠳᠤᠭᠠᠨ ᠢ ᠨᠢᠭᠡ ᠯᠡ ᠥᠷᠲᠡᠭᠡᠨ ᠦ ᠮᠠᠶ᠋ᠢᠭ ᠢᠶᠠᠷ ᠭᠥᠯᠢᠶᠡᠨ ᠠᠪᠬᠤ᠂ ᠪᠦᠬᠦᠨ ᠢ ᠬᠠᠮᠤᠷᠤᠨ ᠰᠢᠢᠳᠪᠦᠷᠢᠯᠡᠬᠦ ᠢᠢ ᠪᠡᠶᠡᠯᠡᠭᠦᠯᠬᠦ ᠢᠢᠨ ᠬᠠᠮᠲᠤ ᠮᠥᠷᠳᠡᠨ ᠬᠠᠷᠢᠭᠤ ᠰᠤᠷᠪᠤᠯᠵᠢᠯᠠᠬᠤ ᠢᠢ ᠴᠢᠩᠭᠠᠳᠬᠠᠪᠠ᠃ ᠣᠲᠣᠬᠠᠨ ᠪᠤᠯᠳᠠᠯ᠎ᠠ ᠡᠯ᠎ᠡ ᠲᠥᠷᠥᠯ ᠦᠨ ᠵᠥᠷᠢᠴᠡᠯ ᠵᠠᠭᠤᠷᠠᠯᠳᠤᠭᠠᠨ ᠢ ᠨᠡᠶᠢᠲᠡ 262 ᠳᠠᠷᠠᠭᠠᠯᠠᠨ ᠪᠠᠶᠢᠴᠠᠭᠠᠵᠤ᠂ 36 ᠵᠦᠷᠢᠴᠡᠯ ᠵᠠᠭᠤᠷᠠᠯᠳᠤᠭᠠᠨ ᠢ ᠡᠶᠡᠳᠡᠬᠦᠯᠦᠨ ᠰᠢᠢᠳᠪᠦᠷᠢᠯᠡᠵᠡᠶ᠃
ᠨᠡᠶᠢᠭᠡᠮ ᠲᠣᠭᠣᠷᠢᠭ᠂ ᠴᠡᠴᠡᠷᠯᠢᠭ᠂ ᠠᠭᠤᠳᠠᠮ ᠲᠠᠯᠠᠪᠠᠶ ᠵᠡᠷᠭᠡ ᠣᠯᠠᠨ ᠲᠦᠮᠡᠨ ᠦ ᠡᠳᠦᠷ ᠲᠤᠲᠤᠮ ᠤᠨ ᠠᠵᠢᠯᠯᠠᠭᠠᠨ ᠤ ᠲᠠᠯᠠᠪᠤᠷ ᠲᠤ ᠭᠦᠨᠵᠡᠭᠡᠶᠢᠷᠡᠨ᠂ ᠠᠮᠤᠷ ᠲᠦᠪᠰᠢᠨ ᠦ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠦᠨ ᠠᠵᠢᠯᠯᠠᠭ᠎ᠠ ᠢᠢ ᠥᠷᠭᠡᠨ ᠳᠡᠯᠭᠡᠷ ᠥᠷᠨᠢᠭᠦᠯᠵᠦ᠂ ᠣᠯᠠᠨ ᠲᠦᠮᠡᠨ ᠦ ᠬᠤᠯᠠᠭᠠᠶᠢᠯᠠᠬᠤ ᠢᠢ ᠰᠡᠷᠭᠡᠶᠢᠯᠡᠬᠦ᠂ ᠮᠡᠬᠡᠯᠡᠬᠦ ᠢᠢ ᠰᠡᠷᠭᠡᠶᠢᠯᠡᠬᠦ᠂ ᠬᠣᠸᠷ ᠡᠳ᠋ ᠢ ᠰᠡᠷᠭᠡᠶᠢᠯᠡᠬᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠬᠦ᠂ ᠠᠮᠤᠷ ᠲᠦᠪᠰᠢᠨ ᠦ ᠭᠠᠶ ᠭᠠᠮᠰᠢᠭ ᠤᠨ ᠡᠨᠳᠡᠯ ᠢ ᠰᠡᠷᠭᠡᠶᠢᠯᠡᠬᠦ ᠪᠠ ᠭᠠᠵᠢᠭᠤ ᠨᠣᠮᠯᠠᠯ ᠢ ᠡᠰᠡᠷᠭᠦᠴᠡᠬᠦ᠂ ᠳᠣᠷᠣᠮᠵᠢᠯᠠᠬᠤ ᠢᠢ ᠰᠡᠷᠭᠡᠶᠢᠯᠡᠬᠦ᠂ ᠤᠰᠤᠨ ᠳᠤ ᠵᠢᠪᠬᠦ ᠢᠢ ᠰᠡᠷᠭᠡᠶᠢᠯᠡᠬᠦ ᠦᠵᠡᠯ ᠤᠬᠠᠮᠰᠠᠷ ᠢ ᠲᠡᠬᠡᠭᠰᠢᠯᠡᠬᠦᠯᠵᠦ᠂ ᠬᠠᠮᠢᠶ᠎ᠠ ᠪᠦᠬᠦᠢ ᠮᠡᠳᠡᠯᠬᠡ ᠴᠢᠳᠠᠪᠤᠷᠢ ᠵᠢ ᠲᠦᠬᠡᠮᠡᠯᠵᠢᠬᠦᠯᠪᠡ᠃ ᠴᠠᠬᠢᠯᠭᠠᠨ ᠬᠣᠯᠪᠣᠭ᠎ᠠ ᠪᠠᠷ ᠮᠡᠬᠡᠯᠡᠬᠦ᠂ ᠬᠤᠯᠠᠭᠠᠶᠢᠯᠠᠬᠤ ᠵᠡᠷᠭᠡ ᠶᠠᠯᠠᠲᠤ ᠠᠵᠢᠯᠯᠠᠭ᠎ᠠ ᠢᠢᠨ ᠵᠢᠮ᠎ᠡ ᠶᠣᠰᠣᠨ ᠤ ᠣᠨᠴᠠᠯᠢᠭ ᠲᠠᠶ ᠨᠢᠭᠲᠠ ᠤᠶᠠᠯᠳᠤᠭᠤᠯᠤᠨ᠂ ᠠᠳᠠᠯᠢ ᠪᠤᠰᠤ ᠬᠥᠮᠦᠰ᠂ ᠠᠳᠠᠯᠢ ᠪᠤᠰᠤ ᠬᠡᠷᠡᠭ ᠬᠢᠬᠦ ᠠᠷᠭ᠎ᠠ ᠪᠠᠷᠢᠯ ᠳᠤ ᠴᠢᠭ᠍ᠯᠡᠭᠦᠯᠦᠨ ᠬᠠᠨᠳᠤᠯᠭᠠᠲᠤ ᠴᠢᠨᠠᠷᠲᠠᠶ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠰᠡᠷᠭᠡᠶᠢᠯᠡᠬᠦ ᠰᠠᠨᠠᠭᠤᠯᠤᠮᠵᠢ ᠢᠢ ᠴᠢᠩᠭᠠᠳᠬᠠᠨ᠂ ᠬᠠᠷᠠᠯᠲᠠ ᠢᠢᠨ ᠵᠥᠪ ᠣᠨᠣᠪᠴᠢᠲᠠᠶ᠂ ᠢᠯᠡᠳᠲᠡ ᠦᠷ᠎ᠡ ᠪᠦᠲᠦᠮᠵᠢ ᠤᠯᠬᠤ ᠢᠢ ᠦᠨᠡᠨ ᠬᠦ ᠪᠠᠲᠤᠯᠠᠪᠠ᠃ ᠤᠯᠠᠮᠵᠢᠯᠠᠯᠳᠤ ᠵᠠᠭᠤᠴᠢᠯᠠᠭᠤᠷ ᠪᠠ ᠰᠢᠨ᠎ᠠ ᠵᠠᠭᠤᠴᠢᠯᠠᠭᠤᠷ ᠢ ᠤᠶᠠᠯᠳᠤᠭᠤᠯᠤᠨ ᠤᠬᠠᠭᠤᠯᠭ᠎ᠠ ᠵᠢᠨ ᠠᠵᠢᠯ ᠢ ᠪᠠᠶᠢᠡᠭᠭᠤ ᠦᠷᠨᠢᠬᠦᠯᠵᠦ᠂ ᠬᠡᠷᠡᠭ ᠢᠶᠡᠷ ᠬᠠᠤᠯᠢ ᠢᠢ ᠲᠠᠶᠢᠯᠪᠤᠷᠢᠯᠠᠬᠤ ᠢᠢ ᠪᠠᠷᠢᠮᠲᠠᠯᠠᠵᠤ᠂ ᠠᠮᠤᠷ ᠲᠦᠪᠰᠢᠨ ᠦ ᠰᠡᠷᠭᠡᠶᠢᠯᠡᠯᠲᠡ ᠢᠢᠨ ᠰᠠᠨᠠᠭᠤᠯᠤᠮᠵᠢ ᠢᠢ ᠴᠢᠩᠭᠠᠳᠬᠠᠭᠰᠠᠨ ᠪᠠᠶᠢᠨ᠎ᠠ᠃