ᠤᠳᠤᠭ ᠬᠤᠰᠢᠭᠤᠨ ᠤ ᠮᠧᠩ ᠰᠢ ᠪᠠᠯᠭᠠᠰᠤᠨ ᠤ ᠴᠢᠯᠠᠭᠤᠲᠤ ᠲᠣᠰᠬᠤᠨ ᠳᠤ ᠪᠠᠶᠢᠭ᠎ᠠ ᠹᠦ᠋ ᠮᠢᠨ ᠬᠠᠷ᠎ᠠ ᠡᠯᠵᠢᠭᠡ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ ᠨᠢ ᠬᠥᠲᠥᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠦᠷ᠎ᠡ ᠠᠰᠢᠭ ᠢᠶᠠᠷ ᠰᠠᠶᠢᠨ᠂ ᠦᠷᠭᠦᠯᠵᠢᠯᠡᠬᠦᠢᠴᠡ ᠬᠦᠭᠵᠢᠲᠡ ᠲᠠᠢ ᠬᠠᠷ᠎ᠠ ᠡᠯᠵᠢᠬᠡ ᠲᠡᠵᠢᠬᠡᠨ ᠦᠷᠡᠵᠢᠬᠦᠯᠬᠦ ᠤᠨᠴᠠᠯᠢᠬ᠍ᠳᠤ ᠠᠵᠦ ᠦᠢᠯᠡᠰ ᠢ ᠬᠦᠭ᠍ᠵᠢᠬᠦᠯᠵᠦ᠂ ᠲᠤᠰᠬᠤᠨ ᠤ ᠠᠷᠠᠳ ᠤᠨ ᠤᠷᠤᠯᠭ᠎ᠠ ᠢᠢ ᠨᠡᠮᠡᠭ᠍ᠳᠡᠬᠦᠯᠵᠦ ᠪᠤᠢ᠃
ᠤᠶᠢᠷ᠎ᠠ ᠢᠢᠨ ᠡᠳᠦᠷ ᠮᠧᠩ ᠰᠢ ᠪᠠᠯᠭᠠᠰᠤᠨ ᠤ ᠴᠢᠯᠠᠭᠤᠲᠤ ᠲᠣᠰᠬᠤᠨ ᠤ ᠹᠦ᠋ ᠮᠢᠨ ᠬᠠᠷ᠎ᠠ ᠡᠯᠵᠢᠭᠡ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠡ ᠢᠢᠨ ᠲᠡᠵᠢᠭᠡᠨ ᠦᠷᠡᠵᠢᠭᠦᠯᠬᠦ ᠰᠠᠭᠤᠷᠢᠨ ᠳᠤ ᠠᠵᠢᠯᠲᠠᠳ ᠡᠳᠦᠷ ᠪᠦᠷᠢ ᠵᠢᠨ ᠰᠢᠨ᠎ᠡ ᠰᠣᠷᠭᠤᠭ ᠡᠯᠵᠢᠬᠡᠨ ᠰᠦ ᠬᠤᠷᠢᠶᠠᠵᠤ ᠶᠠᠭᠠᠷᠠᠯᠳᠠᠢ ᠠᠵᠢᠯᠵᠠᠭᠠᠯᠠ᠃ ᠤᠳᠤᠬᠠᠨ ᠳᠤ 200 ᠰᠢᠬᠠᠮ ᠲᠣᠯᠣᠭᠠᠶ ᠡᠯᠵᠢᠬᠡ ᠲᠠᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ᠠᠩᠬ᠎ᠠ ᠡᠬᠢᠨ ᠳᠡᠭᠡᠨ 10 ᠲᠤᠯᠤᠭᠠᠢ ᠬᠠᠷ᠎ᠠ ᠡᠯᠵᠢᠭᠡ ᠲᠠᠢ ᠪᠠᠶᠢᠵᠠᠢ᠃ ᠣᠬᠤᠷᠬᠠᠨ ᠬᠡᠳᠦᠨ ᠵᠢᠯ ᠤᠨ ᠳᠣᠲᠣᠷ᠎ᠠ ᠬᠤᠷᠰᠢᠶᠠᠵᠢᠯ ᠨᠢ ᠪᠠᠭᠠᠬᠠᠨ ᠬᠡᠪᠴᠢᠶ᠎ᠡ ᠲᠠᠢ ᠪᠠᠶᠢᠭᠰᠠᠨ ᠠᠴᠠ ᠪᠠᠨ ᠦᠷᠬᠡᠵᠢᠬᠡᠳ ᠤᠳᠤ ᠲᠤᠬᠠᠢ ᠢᠢᠨ ᠭᠠᠵᠠᠷ ᠤᠨ ᠬᠥᠳᠡᠭᠡ ᠲᠣᠰᠬᠤᠨ ᠢ ᠬᠥᠭ᠍ᠵᠢᠭᠦᠯᠦᠨ ᠮᠠᠨᠳᠤᠭᠤᠯᠬᠤ ᠭᠤᠣᠯ ᠬᠦᠴᠦᠨ ᠪᠤᠯᠵᠡᠢ᠃
︽ᠪᠤᠷᠤᠯᠠᠭᠤᠯᠬᠤ ᠴᠠᠭ ᠪᠤᠯᠪᠠᠯ ᠮᠠᠯ ᠤᠨ ᠬᠤᠳᠠᠯᠳᠤᠭᠠᠴᠢᠨ ᠢᠷᠡᠭᠡᠳ ᠬᠤᠷᠢᠶᠠᠴᠢᠬᠠᠨᠠ᠂ ᠪᠠᠭ᠎ᠠ ᠰᠢᠭ ᠡᠯᠵᠢᠬᠡ ᠬᠡᠳᠦᠨ ᠮᠢᠩᠭᠠᠨ ᠲᠦᠬᠦᠷᠢᠭ᠂ ᠡᠨᠡ ᠵᠢᠯ ᠡᠯᠵᠢᠬᠡᠨ ᠤ ᠦᠨ᠎ᠡ ᠬᠠᠩᠰᠢ ᠭᠠᠶᠢᠭᠤᠢ᠂ ᠡᠯᠵᠢᠬᠡᠨ ᠤ ᠦᠨ᠎ᠡ ᠨᠢ ᠢᠮᠠᠭ᠎ᠠ ᠬᠤᠨᠢ ᠠᠴᠠ ᠦᠨᠳᠦᠷ ᠮᠦᠷᠳᠡᠭᠡᠨ ᠲᠡᠵᠢᠬᠡᠬᠦ ᠳᠤ ᠲᠦᠭᠦᠮ ᠰᠢᠭ ᠪᠠᠶᠢᠨ᠎ᠠ︾ ᠬᠡᠵᠤ ᠤᠳᠤᠭ ᠬᠤᠰᠢᠭᠤᠨ ᠤ ᠮᠧᠩ ᠰᠢ ᠪᠠᠯᠭᠠᠰᠤᠨ ᠤ ᠴᠢᠯᠠᠭᠤᠲᠤ ᠲᠣᠰᠬᠤᠨ ᠤ ᠠᠷᠠᠳ ᠸᠠᠩ ᠶᠦᠩ ᠮᠧᠶ ᠬᠡᠯᠡᠪᠡ᠃
ᠹᠦ᠋ ᠮᠢᠨ ᠬᠠᠷ᠎ᠠ ᠡᠯᠵᠢᠭᠡ ᠲᠡᠵᠢᠭᠡᠨ ᠦᠷᠡᠵᠢᠭᠦᠯᠬᠦ ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠲᠠᠨ ᠰᠢᠤᠸᠠᠢ ᠬᠠᠢ ᠫᠢᠩ ᠰᠤᠷᠪᠤᠯᠵᠢᠯᠠᠭᠴᠢ ᠳᠤ᠄ ︽ᠨᠢᠭᠡ ᠡᠯᠵᠢᠭᠡᠨ ᠤ ᠣᠷᠣᠯᠭ᠎ᠠ ᠨᠢ 10 ᠢᠮᠠᠭᠠᠨ ᠤ ᠨᠢᠭᠡ ᠵᠢᠯ ᠤᠨ ᠣᠷᠣᠯᠭ᠎ᠠ ᠲᠠᠢ ᠲᠡᠩᠴᠡᠨ᠎ᠡ᠂ ᠡᠯᠵᠢᠬᠡ ᠲᠡᠵᠢᠭᠡᠬᠦ ᠦᠶᠡᠯᠡᠯ ᠤᠨ ᠬᠤᠭᠤᠴᠠᠭ᠎ᠠ ᠨᠢ ᠤᠷᠲᠤ᠂ ᠨᠢᠭᠡ ᠵᠢᠯ ᠳᠤ ᠨᠢᠭᠡ ᠯᠡ ᠤᠳᠠᠭ᠎ᠠ ᠲᠤᠷᠤᠶᠢᠯᠠᠳᠠᠭ ᠪᠤᠯᠪᠠᠴᠦ ᠨᠢᠭᠡ ᠲᠤᠷᠤᠢ ᠢᠢᠨ ᠠᠰᠢᠭ ᠤᠯᠵᠠᠪᠤᠷᠢ ᠨᠢ ᠣᠳᠣ ᠢᠢᠨ ᠵᠠᠬ᠎ᠠ ᠲᠡᠯᠬᠡᠭᠦᠷ ᠤᠨ ᠬᠠᠩᠰᠢ ᠢᠶᠠᠷ ᠪᠤᠳᠤᠪᠠᠯ ᠪᠠᠷᠤᠭ 1 ᠲᠦᠮᠡᠨ ᠲᠥᠭᠦᠷᠢᠭ ᠣᠷᠴᠢᠮ ᠬᠦᠷᠦᠨ᠎ᠡ᠃ ᠣᠳᠣ ᠪᠢᠳᠡ ᠡᠯᠵᠢᠭᠡᠨ ᠰᠦ ᠵᠢᠨ ᠪᠦᠲᠦᠭᠡᠭᠳᠡᠭᠦᠨ ᠢ ᠰᠤᠳᠤᠯᠤᠨ ᠨᠡᠬᠡᠬᠡᠬᠦ ᠪᠠᠷ ᠪᠤᠳᠤᠯᠬᠢᠯᠠᠵᠤ ᠪᠠᠶᠢᠨ᠎ᠠ︾ ᠬᠡᠪᠡ᠃
ᠣᠶᠢᠷ᠎ᠠ ᠢᠢᠨ ᠵᠢᠯ ᠳᠤ ᠬᠤᠷᠰᠢᠶᠡᠵᠢᠯ ᠨᠢ ︽ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠰᠡᠷᠭᠡᠶᠢᠯᠡᠯᠳᠡ ᠬᠢᠬᠦ᠂ ᠨᠢᠭᠡᠳᠦᠯᠲᠡᠶ ᠬᠤᠪᠢᠶᠠᠷᠢᠯᠠᠬᠤ︾ᠮᠠᠶ᠋ᠢᠭ ᠤᠨ ᠡᠷᠦᠬᠡ ᠳᠤ ᠬᠤᠪᠢᠶᠠᠨ ᠨᠠᠷᠢᠯᠢᠭ ᠠᠷᠠᠴᠢᠯᠠᠨ ᠲᠡᠵᠢᠭᠡᠬᠦ ᠵᠠᠭᠪᠤᠷ ᠢ ᠰᠦᠪᠡᠭ᠍ᠴᠢᠯᠡᠨ ᠭᠠᠷᠭᠠᠪᠠ᠃ ᠲᠤᠬᠠᠶᠢᠯᠠᠪᠠᠯ ᠬᠤᠷᠰᠢᠶᠡᠵᠢᠯ ᠠᠴᠠ ᠰᠠᠶᠢᠨ ᠡᠭᠦᠯᠳᠡᠷ ᠤᠨ ᠡᠯᠵᠢᠭᠡ ᠢᠢ ᠨᠢᠭᠡᠳᠦᠯᠲᠡᠶ ᠬᠤᠳᠠᠯᠳᠤᠨ ᠠᠪᠴᠦ᠂ ᠨᠢᠬᠡᠳᠦᠯᠳᠡᠢ ᠬᠢᠵᠢᠭ ᠤᠨ ᠰᠡᠷᠬᠡᠶᠢᠯᠡᠯᠳᠡ ᠬᠢᠵᠦ᠂ ᠬᠡᠬᠡᠯᠳᠦᠬᠦᠯᠬᠡ ᠬᠢᠬᠦ ᠮᠡᠷᠬᠡᠵᠢᠯ ᠢ ᠨᠢᠭᠡᠳᠦᠯᠲᠡᠶ ᠵᠢᠭᠠᠨ ᠵᠢᠯᠤᠭᠤᠳᠴᠦ᠂ ᠵᠠᠩᠭᠢᠯᠠᠭ᠎ᠠ ᠢᠢᠨ ᠭᠤᠭᠴᠤᠭ᠎ᠠ ᠳᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠢᠢ ᠬᠡᠷᠡᠭ᠍ᠵᠢᠭᠦᠯᠵᠦ᠂ ᠬᠤᠷᠰᠢᠶᠡᠵᠢᠯ ᠠᠴᠠ ᠲᠣᠰᠬᠤᠨ ᠤ ᠠᠷᠠᠳ ᠢ ᠳᠠᠭᠠᠭᠤᠯᠤᠨ ᠲᠡᠵᠢᠭᠡᠨ ᠦᠷᠡᠵᠢᠭᠦᠯᠬᠦ ᠪᠣᠯᠤᠨ᠎ᠠ᠃ ᠣᠳᠣᠬᠠᠨ ᠳᠤ ᠬᠤᠷᠰᠢᠶᠠᠵᠢᠯ ᠨᠢᠭᠡᠨᠲᠡ 10 ᠡᠷᠦᠬᠡ ᠣᠷᠣᠯᠴᠠᠵᠤ᠂ ᠡᠷᠦᠬᠡ ᠪᠦᠷᠢ ᠢᠢᠨ ᠵᠢᠯ ᠤᠨ ᠣᠷᠣᠯᠭ᠎ᠠ ᠢᠢ 10 ᠲᠦᠮᠡᠨ ᠲᠥᠭᠦᠷᠢᠭ ᠣᠷᠴᠢᠮ ᠨᠡᠮᠡᠭ᠍ᠳᠡᠭᠦᠯᠵᠦ᠂ ᠲᠤᠬᠠᠶ ᠢᠢᠨ ᠭᠠᠵᠠᠷ ᠤᠨ ᠬᠥᠳᠡᠭᠡ ᠲᠣᠰᠬᠤᠨ ᠢ ᠬᠥᠭ᠍ᠵᠢᠭᠦᠯᠦᠨ ᠮᠠᠨᠳᠤᠭᠤᠯᠬᠤ ᠳᠤ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠵᠦ᠂ ᠴᠢᠨᠡᠭᠡᠯᠢᠭ᠍ᠵᠢᠬᠦ ᠵᠠᠮ ᠢ ᠤᠯᠠᠮ ᠥᠷᠭᠡᠨ ᠲᠣᠭᠲᠠᠭᠤᠨ ᠪᠣᠯᠭᠠᠪᠠ᠃
︽ᠣᠳᠣᠬᠠᠨ ᠳᠤ ᠬᠠᠷ᠎ᠠ ᠡᠯᠵᠢᠭᠡ ᠲᠡᠵᠢᠭᠡᠨ ᠦᠷᠡᠵᠢᠭᠦᠯᠬᠦ ᠦᠢᠯᠡᠰ ᠨᠢ ᠨᠢᠭᠡᠨᠲᠡ ᠮᠠᠨ ᠤ ᠴᠢᠯᠠᠭᠤᠲᠤ ᠲᠣᠰᠬᠤᠨ ᠤ ᠠᠷᠠᠳ ᠤᠨ ᠣᠷᠣᠯᠭ᠎ᠠ ᠢᠢ ᠨᠡᠮᠡᠭ᠍ᠳᠡᠬᠦᠯᠵᠦ ᠪᠠᠶᠠᠵᠢᠨ ᠴᠢᠨᠡᠭᠡᠯᠢᠭ᠍ᠵᠢᠬᠦ ᠣᠨᠴᠠᠯᠢᠭᠲᠤ ᠠᠵᠤ ᠦᠢᠯᠡᠰ ᠪᠣᠯᠵᠠᠢ︾ ᠬᠡᠵᠤ ᠤᠳᠤᠭ ᠬᠤᠰᠢᠭᠤᠨ ᠤ ᠮᠧᠩ ᠰᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠭᠦᠸᠧ ᠰᠢᠶᠤᠤ ᠹᠧᠩ ᠶᠠᠷᠢᠯ᠎ᠠ᠃






