ᠤᠶᠢᠷ᠎ᠠ ᠳᠤ ᠤᠳᠤᠭ ᠬᠤᠰᠢᠭᠤᠨ ᠤ ᠰᠦᠮᠡᠳᠦ ᠲᠣᠮᠢᠯᠠᠭᠰᠠᠨ ᠭᠠᠵᠠᠷ ᠨᠢ᠄︽ᠰᠦᠮᠡᠳᠦ ᠰᠤᠮᠤᠨ ᠤ ᠶᠡᠬᠡ ᠡᠷᠬᠡᠳᠦ ᠭᠠᠴᠠᠭᠠᠨ ᠤ ᠬᠠᠪᠢ ᠳᠤ ᠪᠡᠯᠴᠢᠬᠡᠷ ᠲᠦᠷᠢᠶᠡᠰᠦᠯᠡᠬᠦᠯᠦᠭᠰᠡᠨ ᠵᠠᠭᠤᠷᠠᠯᠳᠤᠭᠠᠨ ᠭᠠᠷᠴᠠᠶ︾ ᠬᠡᠰᠡᠨ ᠤᠯᠠᠨ ᠲᠦᠮᠡᠨ ᠤ ᠬᠡᠷᠡᠭ ᠤᠨ ᠮᠡᠳᠡᠬᠦᠯᠦᠯᠳᠡ ᠵᠢ ᠲᠤᠰᠪᠠ᠃ ᠬᠡᠷᠡᠭ ᠤᠨ ᠮᠡᠳᠡᠬᠦᠯᠦᠯᠳᠡ ᠵᠢ ᠲᠤᠰᠤᠭᠰᠠᠨ ᠤ ᠲᠠᠷᠠᠭ᠎ᠠ᠂ ᠠᠷᠠᠳ ᠤᠨ ᠴᠠᠭᠳᠠᠭ᠎ᠠ ᠲᠡᠷᠡ ᠲᠠᠷᠤᠢ ᠳᠤᠨᠢ ᠲᠤᠬᠠᠢ ᠵᠢᠨ ᠲᠠᠯᠠᠪᠠᠢ ᠳᠤ ᠬᠦᠷᠴᠦ ᠪᠠᠶᠢᠳᠠᠯ ᠢ ᠤᠶᠢᠯᠠᠭᠠᠪᠠᠯ᠂ ᠬᠣᠶᠠᠷ ᠲᠠᠯ᠎ᠠ ᠢᠢᠨ ᠲᠤᠬᠠᠶ ᠢᠢᠨ ᠬᠥᠮᠦᠨ ᠦ ᠰᠡᠳᠭᠢᠯ ᠳᠣᠭᠳᠣᠯᠤᠨ ᠮᠠᠷᠭᠤᠯᠳᠤᠵᠤ ᠪᠠᠶᠢᠪᠠ᠃
ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠡ᠊ᠩ ᠲᠡᠷᠢᠭᠦᠨ ᠳᠦ ᠬᠣᠶᠠᠷ ᠲᠠᠯ᠎ᠠ ᠢᠢᠨ ᠤᠷᠮ᠎ᠠ ᠰᠡᠳᠭᠢᠯᠭᠡ ᠢᠢ ᠲᠣᠭᠲᠠᠪᠤᠷᠢᠵᠢᠭᠤᠯᠵᠤ᠂ ᠬᠣᠶᠠᠷ ᠲᠠᠯ᠎ᠠ ᠢᠢᠨ ᠬᠦᠰᠡᠯ ᠱᠠᠭᠠᠷᠳᠠᠯᠭ᠎ᠠ ᠪᠠ ᠤᠴᠢᠷ ᠰᠢᠯᠲᠠᠭᠠᠨ ᠢ ᠬᠦᠯᠢᠴᠡᠩᠭᠦᠶ ᠪᠡᠷ ᠰᠣᠨᠣᠰᠬᠤ ᠢᠢᠨ ᠬᠠᠮᠲᠤ ︽ᠳᠠᠯᠳᠠᠭᠤᠷ︾ ᠡᠶᠡᠳᠡᠭᠦᠯᠬᠦ ᠬᠡᠯᠪᠡᠷᠢ ᠪᠡᠷ ᠬᠣᠶᠠᠷ ᠲᠠᠯ᠎ᠠ ᠢᠢᠨ ᠲᠤᠬᠠᠶ ᠢᠢᠨ ᠬᠥᠮᠦᠨ ᠲᠡᠶ ᠲᠤᠰ ᠲᠤᠰ ᠰᠠᠨᠠᠯ ᠢᠶᠠᠨ ᠰᠣᠯᠢᠯᠴᠠᠪᠠ᠃ ᠨᠢᠭᠡ ᠲᠠᠯ᠎ᠠ ᠪᠠᠷ ᠪᠡᠯᠴᠢᠬᠡᠷ ᠤᠨ ᠡᠵᠡᠨ ᠳᠦ ᠲᠦᠷᠢᠶᠡᠰᠦᠯᠡᠭ᠍ᠴᠢ ᠢᠢᠨ ᠪᠣᠳᠠᠳᠠᠢ ᠬᠦᠴᠢᠷᠳᠡᠯ ᠢ ᠨᠠᠷᠢᠨ ᠲᠠᠶᠢᠯᠪᠤᠷᠢᠯᠠᠵᠤ ᠥᠭ᠍ᠬᠦ ᠢᠢᠨ ᠬᠠᠮᠲᠤ ᠬᠠᠤᠯᠢ ᠶᠣᠰᠣᠨ ᠤ ᠠᠷᠭ᠎ᠠ ᠵᠠᠮ ᠢᠶᠠᠷ ᠠᠰᠠᠭᠤᠳᠠᠯ ᠢ ᠰᠢᠢᠳᠪᠦᠷᠢᠯᠡᠬᠦ ᠢᠢᠨ ᠴᠢᠬᠤᠯᠠ ᠴᠢᠨᠠᠷ ᠢ ᠶᠠᠷᠢᠪᠠ᠂ ᠨᠥᠭᠥᠭᠡ ᠲᠠᠯ᠎ᠠ ᠪᠠᠷ ᠲᠦᠷᠢᠶᠡᠰᠦᠯᠡᠭ᠍ᠴᠢ ᠳᠦ ᠬᠣᠯᠪᠣᠭᠳᠠᠯ ᠪᠥᠬᠥᠶ ᠬᠠᠸᠯᠢ ᠴᠠᠭᠠᠵᠠ ᠬᠠᠸᠯᠢ ᠲᠣᠭᠲᠠᠭᠠᠯ ᠢ ᠲᠣᠳᠣᠷᠬᠠᠶᠢᠯᠠᠨ ᠥᠭᠦᠯᠡᠵᠦ᠂ ᠲᠦᠷᠢᠶᠡᠰᠦᠨ ᠮᠥᠩᠭᠥ ᠪᠡᠨ ᠴᠠᠭ ᠲᠤᠬᠠᠶ ᠳᠤᠨᠢ ᠲᠤᠰᠢᠶᠠᠭᠰᠠᠨ ᠥᠬᠡᠶ ᠢᠢᠨ ᠵᠣᠬᠢᠰ ᠥᠬᠡᠶ ᠲᠠᠯ᠎ᠠ ᠢᠢ ᠵᠢᠭᠠᠨ ᠭᠠᠷᠭᠠᠬᠤ ᠢᠢᠨ ᠬᠠᠮᠲᠤ᠂ ᠲᠦᠷᠢᠶᠡᠰᠦᠨ ᠮᠥᠩᠭᠥ ᠪᠡᠨ ᠠᠯᠢ ᠲᠦᠷᠭᠡᠨ ᠢᠶᠡᠷ ᠠᠷᠭ᠎ᠠ ᠪᠤᠳᠤᠵᠤ ᠥᠭ᠍ᠬᠦ ᠢᠢ ᠱᠠᠭᠠᠷᠳᠠᠵᠤ᠂ ᠬᠣᠶᠢᠰᠢᠳᠠ ᠢᠢᠨ ᠬᠡᠷᠡᠭ᠍ᠯᠡᠬᠦ ᠶᠠᠪᠤᠴᠠ ᠳᠤ ᠨᠤᠲᠤᠭ ᠪᠡᠯᠴᠢᠭᠡᠷ ᠢ ᠨᠠᠩ ᠢᠯᠡᠭᠦᠸ ᠬᠠᠶᠢᠷᠠᠯᠠᠨ ᠬᠠᠮᠠᠭᠠᠯᠠᠬᠤ ᠬᠡᠷᠡᠭ᠍ᠲᠡᠶ ᠬᠡᠵᠦ ᠵᠠᠬᠢᠪᠠ᠃ ᠠᠷᠠᠳ ᠤᠨ ᠴᠠᠭᠳᠠᠭ᠎ᠠ ᠢᠢᠨ ᠴᠥᠬᠥᠷᠡᠰᠢ ᠦᠭᠡᠢ ᠡᠶᠡᠳᠡᠬᠦᠯᠦᠭᠰᠡᠨ ᠵᠢᠡᠷ᠂ ᠬᠣᠶᠠᠷ ᠲᠠᠯ᠎ᠠ ᠢᠢᠨ ᠲᠤᠬᠠᠶ ᠢᠢᠨ ᠬᠥᠮᠦᠨ ᠡᠴᠦᠰ ᠲᠡᠬᠡᠨ ᠡᠶᠡᠳᠡᠵᠦ᠂ ᠲᠦᠷᠢᠶᠡᠰᠦᠯᠡᠭᠴᠢ ᠲᠣᠭᠲᠠᠭᠰᠠᠨ ᠴᠠᠭ ᠤᠨ ᠳᠣᠲᠣᠷ᠎ᠠ ᠲᠦᠷᠢᠶᠡᠰᠦᠨ ᠮᠥᠩᠭᠥ ᠪᠡᠨ ᠲᠤᠰᠢᠶᠠᠬᠤ ᠪᠠᠷ ᠠᠮᠠᠯᠠᠬᠤ ᠢᠢᠨ ᠬᠠᠮᠲᠤ ᠬᠣᠶᠢᠰᠢᠳᠠ ᠢᠢᠨ ᠬᠡᠷᠡᠭ᠍ᠯᠡᠯᠲᠡ ᠢᠢᠨ ᠳᠤᠮᠳᠠ ᠨᠤᠲᠤᠭ ᠪᠡᠯᠴᠢᠭᠡᠷ ᠦᠨ ᠬᠠᠮᠠᠭᠠᠯᠠᠯᠲᠠ ᠢᠢ ᠴᠢᠩᠭᠠᠳᠬᠠᠨ᠎ᠠ ᠬᠡᠵᠦ ᠢᠯᠡᠷᠬᠡᠶᠢᠯᠡᠪᠡ᠃ ᠪᠡᠯᠴᠢᠬᠡᠷ ᠤᠨ ᠡᠵᠡᠨ ᠴᠸ ᠲᠦᠷᠢᠶᠡᠰᠦᠯᠡᠭᠦᠯᠬᠦ ᠬᠤᠭᠤᠴᠠᠭ᠎ᠠ ᠢᠢ ᠵᠤᠬᠢᠬᠤ ᠬᠡᠮᠵᠢᠶ᠎ᠠ ᠪᠡᠷ ᠤᠷᠲᠤᠳᠬᠠᠬᠤ ᠪᠥᠭᠡᠳ ᠬᠣᠶᠢᠰᠢᠳᠠ ᠨᠡᠪᠲᠡᠷᠡᠯᠴᠡᠭᠡ ᠪᠠ ᠬᠢᠨᠠᠯᠲᠠ ᠪᠠᠨ ᠴᠢᠩᠭᠠᠳᠬᠠᠨ᠎ᠠ ᠭᠡᠵᠦ ᠢᠯᠡᠷᠬᠡᠶᠢᠯᠡᠭ᠍ᠰᠡᠨ ᠪᠠᠶᠢᠨ᠎ᠠ᠃
ᠡᠨᠡ ᠤᠳᠠᠭ᠎ᠠ ᠢᠢᠨ ᠨᠤᠲᠤᠭ ᠪᠡᠯᠴᠢᠭᠡᠷ ᠢ ᠲᠦᠷᠢᠶᠡᠰᠦᠯᠡᠭᠦᠯᠦᠭ᠍ᠰᠡᠨ ᠵᠠᠭᠤᠷᠠᠯᠳᠤᠭᠠᠨ ᠢ ᠠᠮᠵᠢᠯᠲᠠ ᠲᠠᠶ ᠪᠠᠷ ᠡᠶᠡᠳᠡᠭᠦᠯᠦᠭ᠍ᠰᠡᠨ ᠶᠠᠪᠤᠳᠠᠯ ᠨᠢ ᠰᠦᠮᠢᠳᠤ ᠲᠣᠮᠢᠯᠠᠭᠰᠠᠨ ᠰᠠᠯᠪᠤᠷᠢ ᠢᠢᠨ ᠠᠷᠠᠳ ᠤᠨ ᠴᠠᠭᠳᠠᠭ᠎ᠠ ᠢᠢᠨ ᠣᠯᠠᠨ ᠲᠦᠮᠡᠨ ᠲᠡᠶ ᠰᠡᠳᠭᠢᠯ ᠵᠢᠷᠦᠬᠡ ᠪᠡᠨ ᠬᠣᠯᠪᠣᠵᠤ᠂ ᠡᠭᠦᠷᠭᠡ ᠲᠤᠰᠢᠶᠠᠯ ᠢᠶᠠᠨ ᠦᠨᠡᠨᠴᠢ ᠪᠡᠷ ᠭᠦᠢᠴᠡᠳᠭᠡᠵᠦ ᠪᠠᠶᠢᠭ᠎ᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠢᠢ ᠭᠦᠢᠴᠡᠳ ᠬᠠᠷᠠᠭᠤᠯᠤᠭᠰᠠᠨ ᠪᠠᠶᠢᠨ᠎ᠠ᠃