ᠦᠨᠲᠦᠰᠤᠲᠠᠨ ᠤ ᠪᠦᠯᠬᠦᠮᠳᠡᠯ ᠲᠠᠪᠰᠢᠯᠲᠠ ᠶ᠋ᠢᠨ ᠥᠯᠢᠭᠡᠷ ᠢ ᠰᠠᠶᠢᠲᠤᠷ ᠶᠠᠷᠢᠨ᠎ᠠ

 ᠄ 2025-06-06 10:09:15

ᠦᠤᠰᠢᠨ ᠬᠣᠰᠢᠭᠤᠨ ᠤ ᠬᠠᠮ ᠵᠠᠭᠤᠴᠢᠯᠠᠭᠤᠷ ᠤᠨ ᠲᠥᠪ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭᠴᠠ ᠶ᠋ᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠣᠣᠯ ᠰᠢᠵᠢᠮ ᠢ ᠠᠳᠬᠤᠵᠤ᠂ ᠤᠬᠠᠭᠤᠯᠭ᠎ᠠ ᠰᠤᠷᠲᠠᠯᠴᠢᠯᠠᠭ᠎ᠠ ᠶ᠋ᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠤᠬᠠᠭᠤᠯᠭ᠎ᠠ ᠶ᠋ᠢᠨ ᠬᠡᠯᠪᠡᠷᠢ ᠳᠡᠭᠡᠨ ᠰᠢᠨᠡᠴᠢᠯᠡᠯᠲᠡ ᠬᠢᠵᠦ᠂ ᠤᠬᠠᠭᠤᠯᠭ᠎ᠠ ᠶ᠋ᠢᠨ ᠠᠭᠤᠯᠭ᠎ᠠ ᠪᠡᠨ ᠪᠠᠶᠠᠯᠢᠭᠵᠢᠭᠤᠯᠤᠨ᠂ ᠰᠢᠨ᠎ᠡ ᠴᠠᠭ ᠦᠶ᠎ᠡ ᠶ᠋ᠢᠨ ᠦᠨᠳᠦᠰᠦᠲᠡᠨ ᠦ ᠪᠦᠯᠬᠦᠮᠳᠡᠯ ᠦᠨ ᠦᠯᠢᠭᠡᠷ ᠢ ᠭᠦᠨᠵᠡᠭᠡᠢ ᠠᠭᠤᠳᠠᠯᠤᠨ ᠰᠠᠢᠢᠲᠤᠷ ᠶᠠᠷᠢᠵᠤ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠶ᠋ᠢᠨ ᠦᠢᠯᠡᠰ ᠦᠨ ᠬᠥᠭᠵᠢᠯᠲᠡ ᠢᠢ ᠠᠬᠢᠭᠤᠯᠵᠤ ᠪᠠᠶᠢᠨ᠎ᠠ᠃

︽ᠨᠠᠨᠵᠢᠩ ᠤᠨ ᠰᠡᠬᠡᠭᠡᠲᠡᠨ ᠦᠦᠰᠢᠨ ᠦ ᠲᠠᠯ᠎ᠠ ᠨᠤᠲᠤᠭ ᠲᠤ︾ ᠪᠤᠯᠤᠨ ︽ᠦᠦᠰᠢᠨ ᠬᠣᠰᠢᠭᠤᠨ ᠤ ᠬᠤᠪᠢᠰᠬᠠᠯ ᠤᠨ ᠦᠯᠢᠬᠡᠷ︾ ᠵᠡᠷᠭᠡ ᠭᠣᠣᠯ ᠰᠡᠲᠦᠪ ᠢᠶᠡᠷ ᠪᠢᠴᠢᠯ ᠸᠢᠳᠢᠤ᠋ ᠶ᠋ᠢᠨ ᠲᠤᠰᠬᠠᠢ ᠪᠤᠯᠤᠩ ᠨᠡᠭᠡᠭᠡᠵᠦ᠂ ᠦᠨᠲᠦᠰᠦᠲᠠᠨ ᠤ ᠪᠦᠯᠬᠦᠮᠲᠡᠯ ᠲᠠᠪᠰᠢᠯᠲᠠ ᠶ᠋ᠢᠨ ᠦᠯᠢᠭᠡᠷ ᠤᠴᠢᠭ ᠢ ᠶᠠᠷᠢᠨ᠂ ᠦᠦᠰᠢᠨ ᠬᠣᠰᠢᠭᠤᠨ ᠤ ᠬᠤᠪᠢᠰᠬᠠᠯ ᠤᠨ ᠲᠡᠦᠬᠡ ᠵᠢ ᠨᠠᠩ ᠣᠯᠠᠨ ᠬᠦᠮᠦᠨ ᠳᠤ ᠤᠢᠢᠯᠠᠭᠠᠭᠤᠯᠵᠤ ᠳᠠᠶᠠᠭᠠᠷ ᠤᠨ ᠲᠠᠭᠠᠰᠢᠶᠠᠯ ᠢ ᠤᠯᠵᠠᠢ᠃ ᠡᠭᠦᠨ ᠦ ᠬᠠᠮᠲᠤ ︽ᠪᠣᠳᠠᠰ ᠤᠨ ᠪᠤᠰᠤ ᠰᠣᠶᠣᠯ ᠤᠨ ᠥᠪ ᠤᠨ ᠲᠦᠯᠦᠭᠡᠯᠡᠬᠦ ᠴᠢᠨᠠᠷᠲᠠᠢ ᠲᠦᠷᠦᠯ ᠵᠦᠢᠯ ᠰᠤᠷᠭᠠᠭᠤᠯᠢ ᠶ᠋ᠢᠨ ᠬᠦᠷᠢᠶᠡᠨ ᠳᠦ ᠣᠷᠣᠯ᠎ᠠ︾᠂ ︽ᠴᠠᠭᠠᠨ ᠰᠠᠷ᠎ᠠ ᠶ᠋ᠢᠨ ᠠᠷᠪᠠᠨ ᠲᠠᠪᠤᠨ ᠤ ᠦᠯᠵᠡᠶᠢᠲᠤ ᠡᠲᠦᠷ ᠦᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ︾᠂ ︽ᠬᠤᠪᠢᠰᠬᠠᠯᠲᠤ ᠵᠤᠷᠢᠭ ᠢᠶᠠᠨ ᠤᠯᠠᠮᠵᠢᠯᠠᠭᠰᠠᠨ ᠮᠤᠷᠢᠲᠤ ᠠᠶᠠᠯᠠᠯ︾ ᠵᠡᠷᠭᠡ ᠸᠢᠳᠢᠣ᠋ ᠣᠬᠣᠷ ᠪᠢᠴᠢᠯᠭᠡ ᠶ᠋ᠢᠨ ᠲᠠᠷᠤᠮ ᠤᠨ ᠲᠤᠭ᠎ᠠ 100 ᠲᠦᠮᠡ ᠶ᠋ᠢ ᠳᠠᠪᠠᠪᠠ᠃ ᠸᠢᠳᠢᠣ᠋ ᠣᠬᠣᠷ ᠪᠢᠴᠢᠯᠭᠡ ᠪᠡᠷ ᠪᠣᠳᠠᠰ ᠤᠨ ᠪᠤᠰᠤ ᠰᠣᠶᠣᠯ ᠤᠨ ᠷᠢᠳᠢ ᠰᠢᠳᠢ ᠶ᠋ᠢ ᠲᠡᠮᠲᠡᠭᠯᠡᠵᠦ᠂ ᠦᠦᠰᠢᠨ ᠬᠣᠰᠢᠭᠤᠨ ᠤ ᠥᠪᠡᠷᠮᠢᠴᠡ ᠦᠨᠲᠦᠰᠤᠲᠠᠨ ᠤ ᠰᠤᠶᠤᠯ ᠢ ᠳᠡᠯᠭᠡᠷᠡᠭᠦᠯᠦᠨ᠂ ᠦᠤᠰᠢᠨ ᠤ ᠡᠯ᠎ᠡ ᠦᠨᠲᠦᠰᠤᠲᠠᠨ ᠤ ᠬᠠᠮᠲᠤ ᠪᠠᠷ ᠤᠷᠤᠭᠰᠢᠯᠠᠨ ᠲᠠᠪᠰᠢᠭᠰᠠᠨ ᠪᠠᠶᠢᠳᠠᠯ ᠠᠬᠤᠢ ᠶ᠋ᠢ ᠬᠦᠢᠴᠡᠳ ᠬᠠᠷᠠᠭᠤᠯᠵᠤ᠂︽ᠮᠣᠩᠭᠣᠯ ᠮᠣᠷᠢᠨ ᠤ ᠵᠣᠷᠢᠭ ᠰᠠᠨᠠᠭ᠎ᠠ︾ ᠶ᠋ᠢ ᠰᠢᠨ᠎ᠡ ᠴᠠᠭ ᠦᠶ᠎ᠡ ᠳᠦ ᠦᠷᠭᠦᠯᠵᠢᠯᠡᠨ ᠪᠠᠳᠠᠷᠠᠭᠤᠯᠪᠠ᠃

ᠣᠳᠣᠬᠠᠨ ᠪᠤᠯᠲᠠᠯ᠎ᠠ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠡᠯ᠎ᠡ ᠲᠥᠷᠥᠯ ᠦᠨ ᠰᠣᠨᠢᠨ ᠮᠡᠳᠡᠭᠡᠨ ᠦ ᠮᠡᠳᠡᠭᠡ ᠵᠠᠩᠭᠢ ᠶ᠋ᠢ 6000 ᠭᠠᠷᠤᠶ ᠮᠡᠲᠡᠭᠡᠯᠡᠨ ᠨᠡᠶᠢᠲᠡᠯᠡᠵᠤ᠂ ᠬᠣᠲᠠ ᠶ᠋ᠢᠨ ᠲᠡᠰ ᠦᠨ ᠵᠠᠭᠤᠴᠢᠯᠠᠭᠤᠷ ᠲᠤ 1100 ᠭᠠᠷᠤᠶ ᠮᠡᠳᠡᠭᠡ ᠨᠡᠶᠢᠲᠡᠯᠡᠵᠤ᠂ ᠲᠥᠪ ᠦᠨ ᠷᠠᠳᠢᠣ᠋ ᠲ᠋ᠧᠯᠸᠢᠰ ᠦᠨ ᠶᠡᠷᠦᠩᠬᠡᠢ ᠬᠣᠷᠢᠶ᠎ᠠ ᠶ᠋ᠢᠨ ᠡᠯ᠎ᠡ ᠰᠤᠪᠠᠭ ᠲᠤ 100 ᠭᠠᠷᠤᠢ ᠰᠣᠨᠢᠨ ᠮᠡᠳᠡᠭᠡ ᠶ᠋ᠢ ᠲᠠᠮᠵᠢᠭᠤᠯᠤᠨ ᠨᠡᠪᠲᠡᠷᠡᠭᠦᠯᠵᠦ᠂ ᠦᠦᠰᠢᠨ ᠦ ᠦᠯᠢᠭᠡᠷ ᠢ ᠪᠦᠬᠦ ᠤᠯᠤᠰ ᠤᠨ ᠬᠡᠪᠴᠢᠶᠡᠨ  ᠳᠤ ᠳᠠᠮᠵᠢᠭᠤᠯᠤᠨ ᠨᠡᠶᠢᠲᠡᠯᠡᠵᠡᠢ᠃