ᠰᠢᠨ᠎ᠡ ᠠᠵᠢᠯᠲᠠᠳ ᠤᠨ ᠢᠳᠡᠷᠡᠭᠦᠨ ᠢᠶᠡᠷ ᠦᠰᠦᠨ ᠪᠣᠶᠢᠵᠢᠬᠤ ᠢᠢ ᠪᠠᠲᠤᠯᠠᠪᠠ

 ᠄ 2025-06-08 10:22:24

ᠣᠶᠢᠷ᠎ᠠ ᠳᠤ ᠵᠢᠶᠠᠩᠰᠦ ᠮᠤᠵᠢ ᠢᠢᠨ ᠭᠣᠸ ᠶ᠋ᠢᠦ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ︽ᠰᠢᠨ᠎ᠠ ᠠᠵᠢᠯᠲᠠᠳ ᠤᠨ ᠪᠣᠶᠢᠵᠢᠯᠲᠠ ᠢᠢᠨ ᠲᠥᠯᠥᠪᠯᠡᠭᠡ︾ᠪ ᠠᠭᠰᠢ ᠱᠠᠪᠢ ᠬᠤᠷᠰᠢᠯᠴᠠᠨ ᠠᠵᠢᠯᠯᠠᠬᠤ ᠶᠣᠰᠣᠯᠠᠯ ᠢ ᠶᠠᠪᠤᠭᠳᠠᠭᠤᠯᠪᠠ᠃ ᠰᠢᠨ᠎ᠡ ᠪᠡᠷ ᠠᠵᠢᠯ ᠳᠤ ᠤᠷᠤᠭᠰᠠᠨ ᠺᠠᠳ᠋ᠷ ᠶᠠᠩ ᠵᠦᠸᠸ ᠷᠠᠨ᠄︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠨ᠎ᠡ ᠴᠡᠷᠢᠭ ᠪᠣᠯᠤᠭᠰᠠᠨ ᠤ ᠬᠤᠪᠢ ᠳᠤ᠂ ᠪᠢ ᠠᠯᠢ ᠲᠦᠷᠭᠡᠨ ᠢᠶᠡᠷ ᠠᠵᠢᠯ ᠤᠨ ᠪᠠᠶᠢᠷᠢ ᠳᠠᠭᠠᠨ ᠵᠣᠬᠢᠴᠠᠵᠤ᠂ ᠳᠠᠷᠤᠤ ᠬᠢᠴᠢᠶᠡᠩᠭᠦᠢ ᠪᠡᠷ ᠪᠠᠭᠰᠢ ᠠᠴᠠ ᠪᠠᠨ ᠳᠠᠭᠠᠨ ᠰᠤᠷᠤᠯᠴᠠᠵᠤ᠂ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠤᠨ᠎ᠠ︾ ᠭᠡᠪᠡ᠃

ᠡᠨᠡ ᠵᠢᠯ ᠡᠴᠡ ᠨᠠᠭᠠᠰᠢ ᠭᠤᠤ ᠶ᠋ᠢᠦ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠵᠠᠯᠠᠭᠤ ᠺᠠᠳ᠋ᠷᠴᠤᠳ ᠢ ᠳᠠᠪᠲᠠᠨ ᠪᠣᠯᠪᠠᠰᠤᠷᠠᠭᠤᠯᠬᠤ ᠪᠠ ᠬᠥᠮᠦᠵᠢᠭᠦᠯᠬᠦ ᠵᠢ ᠤᠯᠠᠮ ᠨᠢᠭᠡ ᠠᠯᠬᠤᠮ ᠴᠢᠩᠭᠠᠳᠬᠠᠵᠤ᠂ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠰᠢᠨ᠎ᠡ ᠪᠡᠷ ᠡᠯᠰᠡᠭ᠍ᠳᠡᠭ᠍ᠰᠡᠨ ᠬᠥᠮᠦᠰ ᠦᠨ ᠵᠢᠯᠣᠭᠣᠳᠣᠭᠴᠢ ᠪᠠᠭᠰᠢ ᠲᠠᠢ ᠪᠠᠨ ᠬᠤᠷᠰᠢᠯᠴᠠᠨ ᠠᠵᠢᠯᠯᠠᠬᠤ ᠠᠷᠭ᠎ᠠ ᠢᠢ ᠲᠣᠭᠲᠠᠭᠠᠵᠤ ᠨᠡᠶᠢᠲᠡᠯᠡᠪᠡ᠃ ᠲᠤᠬᠠᠶ ᠢᠢᠨ ᠵᠢᠯ ᠦᠨ ᠰᠢᠨ᠎ᠡ ᠪᠡᠷ ᠢᠷᠡᠭ᠍ᠰᠡᠨ ᠬᠥᠮᠦᠰ ᠲᠦ ᠭᠣᠸᠯᠯᠠᠭᠴᠢ ᠬᠦᠴᠦᠨ ᠢ ᠳᠣᠭᠢᠷᠠᠭᠤᠯᠵᠤ᠂ ᠤᠯᠤᠰ ᠲᠥᠷᠥ ᠦᠵᠡᠯ ᠰᠠᠨᠠᠭ᠎ᠠ ᠪᠠ ᠠᠵᠢᠯ ᠤᠨ ᠴᠢᠳᠠᠪᠤᠷᠢ ᠵᠡᠷᠭᠡ ᠬᠣᠶᠠᠷ ᠲᠠᠯ᠎ᠠ ᠪᠠᠷ ᠲᠤᠰᠬᠠᠶᠢᠯᠠᠨ ᠬᠠᠪᠰᠤᠷᠤᠨ ᠵᠢᠯᠣᠭᠣᠳᠬᠤ ᠵᠢ ᠭᠣᠸᠯᠳᠠᠯᠭ᠎ᠠ ᠲᠠᠶ ᠠᠳᠬᠤᠵᠠᠢ᠃

ᠡᠭᠦᠨ ᠳᠦ ᠤᠯᠤᠰ ᠲᠥᠷᠥ ᠦᠵᠡᠯ ᠰᠠᠨᠠᠭᠠᠨ ᠤ ᠲᠠᠯ᠎ᠠ ᠵᠢ ᠰᠢᠨ᠎ᠡ ᠪᠡᠷ ᠣᠷᠣᠵᠤ ᠢᠷᠡᠭ᠍ᠰᠡᠨ ᠬᠥᠮᠦᠰ ᠦᠨ ᠪᠠᠶᠢᠭ᠎ᠠ ᠬᠡᠯᠲᠡᠰ ᠦᠨ ᠬᠤᠪᠢᠳᠠᠨ ᠬᠠᠮᠢᠶᠠᠷᠴᠤ ᠪᠥᠬᠥᠶ ᠤᠳᠤᠷᠢᠳᠤᠯᠭ᠎ᠠ ᠠᠴᠠ ᠬᠠᠷᠢᠭᠤᠴᠠᠵᠤ᠂ ᠲᠡᠳᠡᠨ ᠦ ᠬᠤᠪᠢ ᠬᠥᠮᠦᠨ ᠦ ᠠᠵᠢᠯ ᠮᠡᠷᠭᠡᠵᠢᠯ ᠦᠨ ᠪᠣᠶᠢᠵᠢᠯᠲᠠ ᠢᠢᠨ ᠲᠥᠯᠥᠪᠵᠢᠭᠦᠯᠭᠡ ᠲᠣᠭᠲᠠᠭᠠᠬᠤ ᠢᠢ ᠰᠢᠪᠠᠳᠠᠬᠤ ᠢᠢᠨ ᠬᠠᠮᠲᠤ ᠵᠢᠯᠣᠭᠣᠳᠬᠤ ᠴᠢᠨᠠᠷᠲᠠᠶ ᠰᠠᠨᠠᠯ ᠳᠤᠷᠠᠳᠤᠨ᠎ᠠ᠃ ᠡᠭᠦᠨ ᠦ ᠬᠠᠮᠲᠤ ᠰᠡᠳᠭᠢᠯ ᠦᠨ ᠦᠭᠡ ᠪᠡᠨ ᠶᠠᠷᠢᠯᠴᠠᠬᠤ ᠪᠠ ᠬᠡᠷ ᠲᠤᠨᠢ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ᠂ ᠰᠢᠨ᠎ᠡ ᠠᠵᠢᠯᠲᠠᠳ ᠤᠨ ᠠᠵᠢᠯ ᠤᠨ ᠪᠠᠶᠢᠳᠠᠯ᠂ ᠦᠵᠡᠯ ᠰᠠᠨᠠᠭᠠᠨ ᠤ ᠬᠤᠪᠢᠷᠠᠯᠲᠠ᠂ ᠠᠮᠢᠳᠤᠷᠠᠯ ᠤᠨ ᠲᠠᠯ᠎ᠠ ᠪᠠᠷ ᠬᠢ ᠪᠠᠶᠢᠳᠠᠯ ᠢ ᠰᠠᠶᠢᠨ ᠤᠶᠢᠯᠠᠭᠠᠵᠤ᠂ ᠬᠠᠮᠢᠶ᠎ᠠ ᠪᠦᠬᠦᠢ ᠠᠰᠠᠭᠤᠳᠠᠯ ᠢ ᠪᠦᠲᠦᠮᠵᠢᠲᠡᠢ ᠰᠶᠢᠳᠪᠦᠷᠢᠯᠡᠬᠦ ᠪᠠᠷ ᠴᠢᠷᠮᠠᠶᠢᠨ᠎ᠠ᠃ ᠠᠵᠢᠯ ᠤᠨ ᠴᠢᠳᠠᠪᠤᠷᠢ ᠢᠢᠨ ᠲᠠᠯ᠎ᠠ ᠵᠢ ᠰᠢᠨ᠎ᠡ ᠪᠡᠷ ᠣᠷᠣᠵᠤ ᠢᠷᠡᠭ᠍ᠰᠡᠨ ᠬᠥᠮᠦᠰ ᠦᠨ ᠪᠠᠶᠢᠭ᠎ᠠ ᠰᠠᠯᠠᠭ᠎ᠠ ᠲᠠᠰᠤᠭ ᠤᠨ ᠡᠷᠬᠢᠯᠡᠭ᠍ᠴᠢ ᠬᠠᠷᠢᠭᠤᠴᠠᠵᠤ᠂ ᠪᠣᠳᠠᠲᠠᠢ ᠲᠤᠬᠠᠶᠢᠯᠠᠭᠰᠠᠨ ᠠᠵᠢᠯ ᠳᠤ ᠵᠢᠯᠤᠭᠤᠳᠤᠯᠭ᠎ᠠ ᠬᠠᠩᠭᠠᠵᠤ᠂ ᠠᠵᠢᠯ ᠤᠨ ᠪᠠᠶᠢᠳᠠᠯ ᠢ ᠣᠶᠢᠯᠠᠭᠠᠬᠤ᠂ ᠠᠵᠢᠯ ᠤᠨ ᠶᠠᠪᠤᠴᠠ ᠵᠢ ᠲᠣᠳᠣᠷᠬᠠᠶᠢᠯᠠᠬᠤ᠂ ᠠᠵᠢᠯᠯᠠᠬᠤ ᠠᠷᠭ᠎ᠠ ᠪᠠᠨ ᠤᠯᠠᠮᠵᠢᠯᠠᠬᠤ᠂ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠭᠣᠣᠯᠳᠠᠯᠭ᠎ᠠ ᠲᠠᠶ ᠪᠠᠷ ᠬᠠᠪᠰᠤᠷᠤᠨ ᠵᠢᠯᠤᠭᠤᠳᠤᠨ᠎ᠠ᠃ ᠪᠠᠰᠠ ᠬᠠᠮᠲᠤ ᠪᠠᠷ ᠬᠡᠷᠡᠭ ᠰᠢᠢᠳᠪᠦᠷᠢᠯᠡᠬᠦ ᠨᠢᠭᠡᠳᠦᠭᠡᠷ ᠹᠷᠣᠨᠲ ᠲᠤ ᠬᠦᠷᠴᠦ ᠬᠡᠷᠡᠭ ᠲᠠᠭᠠᠵᠤ ᠦᠪᠡᠷ ᠢ ᠪᠠᠨ ᠳᠠᠪᠲᠠᠨ ᠪᠣᠯᠪᠠᠰᠤᠷᠠᠬᠤ ᠢᠢ ᠵᠣᠷᠢᠭᠵᠢᠭᠤᠯᠤᠨ ᠲᠡᠮᠵᠢᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭ᠍ᠰᠢᠯᠡᠭᠦᠯᠬᠦ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠠᠨ ᠨᠡᠮᠡᠭ᠍ᠳᠡᠭᠦᠯᠬᠦ ᠳᠦ ᠠᠵᠠ ᠲᠣᠬᠢᠶᠠᠯ ᠪᠠ ᠲᠠᠪᠴᠠᠩ ᠡᠭᠦᠳᠴᠦ ᠥᠭ᠍ᠭᠦᠨ᠎ᠡ᠃

ᠡᠭᠦᠨ ᠡᠴᠡ ᠭᠠᠳᠠᠨ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠠᠯᠠᠭᠤ ᠺᠠᠳ᠋ᠷᠴᠤᠳ ᠤᠨ ᠴᠢᠳᠠᠪᠤᠷᠢ ᠢᠢᠨ ᠳᠤᠲᠠᠭᠤᠳᠠᠯ ᠢ ᠨᠥᠬᠥᠪᠥᠷᠢᠯᠡᠬᠦ ᠢᠢᠨ ᠲᠥᠯᠥᠭᠡ᠂ ᠭᠤᠤ ᠶ᠋ᠢᠦ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠰ ᠳᠠᠪᠬᠤᠷᠭ᠎ᠠ ᠬᠤᠪᠢᠶᠠᠬᠤ᠂ ᠭᠣᠸᠯᠳᠠᠯᠭ᠎ᠠ ᠵᠢ ᠳᠤᠪᠤᠶᠢᠯᠭᠠᠬᠤ᠂ ᠪᠦᠬᠦᠨ ᠢ ᠬᠠᠮᠤᠷᠬᠤ ᠵᠠᠷᠴᠢᠮ ᠶᠣᠰᠣᠭᠠᠷ᠂ ᠪᠣᠰᠣᠭ᠎ᠠ ᠴᠣᠭᠴᠠᠲᠤ ᠮᠠᠶ᠋ᠢᠭ ᠤᠨ᠂ ᠪᠥᠬᠥ ᠲᠠᠯ᠎ᠠ ᠢᠢᠨ ᠪᠤᠯᠪᠠᠰᠤᠷᠠᠯ ᠤᠨ ᠰᠢᠰᠲ᠋ᠧᠮ ᠢ ᠪᠠᠶᠢᠭᠤᠯᠪᠠ᠃ ᠠᠷᠢᠭᠤᠨ ᠴᠢᠬᠡᠴᠢ ᠬᠢᠴᠢᠶᠡᠯ ᠦᠨ ᠲᠠᠩᠬᠢᠮ ᠢᠶᠠᠷ ᠳᠠᠮᠵᠢᠭᠤᠯᠤᠨ ᠬᠠᠮᠢᠶ᠎ᠠ ᠪᠥᠬᠥᠶ ᠬᠦᠷᠢᠶᠡᠨ ᠦ ᠲᠤᠰᠬᠠᠶ ᠮᠡᠷᠭᠡᠵᠢᠯᠲᠡᠨ ᠢ ᠤᠷᠢᠨ ᠬᠢᠴᠢᠶᠡᠯ ᠣᠷᠣᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠡᠪ ᠴᠢᠨᠠᠷ ᠴᠢᠳᠠᠪᠤᠷᠢ ᠢᠢ ᠳᠡᠭᠡᠭ᠍ᠰᠢᠯᠡᠭᠦᠯᠬᠦ ᠪᠣᠯᠪᠠᠰᠤᠷᠠᠯ ᠤᠨ ᠠᠩᠭᠢ᠂ ᠤᠯᠤᠰ ᠤᠨ ᠥᠮᠴᠢᠯᠡᠯ ᠦᠨ ᠠᠵᠤ ᠠᠬᠤᠶᠢᠯᠠᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠢᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤ ᠰᠢᠰᠲ᠋ᠧᠮ ᠲᠡᠶ ᠪᠤᠯᠪᠠᠰᠤᠷᠠᠯ ᠬᠢᠵᠦ᠂ ᠲᠤᠰᠬᠠᠶᠢᠵᠢᠭᠰᠠᠨ ᠤᠷ᠎ᠠ ᠴᠢᠳᠠᠪᠤᠷᠢ ᠢᠢ ᠨᠢ ᠳᠡᠭᠡᠭ᠍ᠰᠢᠯᠡᠭᠦᠯᠦᠨ᠎ᠡ︔ ᠠᠷᠢᠭᠤᠨ ᠴᠢᠬᠡᠴᠢ ᠬᠢᠴᠢᠶᠡᠯ ᠦᠨ ᠲᠠᠩᠬᠢᠮ ᠢᠶᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠰᠢᠯᠢᠳᠡᠭ ᠭᠣᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠶᠠᠷᠢᠶᠠᠨ ᠤ ᠲᠠᠪᠴᠠᠩ ᠳᠤ ᠭᠠᠷᠭᠠᠵᠤ᠂ ᠲᠤᠰ ᠪᠡᠶ᠎ᠡ ᠢᠢᠨ ᠠᠵᠢᠯ ᠤᠨ ᠪᠠᠶᠢᠷᠢ ᠢᠢᠨ ᠲᠤᠬᠠᠶᠢᠯᠠᠭᠰᠠᠨ ᠠᠵᠢᠯ᠂ ᠲᠤᠰᠬᠠᠢ ᠮᠡᠷᠭᠡᠵᠢᠯ ᠦᠨ ᠲᠦᠷᠦ ᠢᠢᠨ ᠪᠤᠳᠤᠯᠭ᠎ᠠ᠂ ᠠᠵᠢᠯ ᠤᠨ ᠣᠶᠢᠯᠠᠭᠠᠯᠲᠠ ᠵᠡᠷᠭᠡ ᠢᠢᠨ ᠲᠣᠭᠣᠷᠢᠨ ᠳᠤ ︽ᠪᠢ ᠲᠤᠬᠠᠶᠢᠯᠠᠭᠰᠠᠨ ᠠᠵᠢᠯ ᠵᠢᠡᠨ ᠶᠠᠷᠢᠶ᠎ᠠ︾ ᠭᠡᠬᠦ ᠠᠵᠢᠯᠯᠠᠭ᠎ᠠ ᠢᠢ ᠥᠷᠨᠢᠭᠦᠯᠦᠨ᠎ᠡ︔ ᠠᠷᠢᠭᠤᠨ ᠴᠢᠬᠡᠴᠢ ᠰᠢᠯᠭᠠᠯᠲᠠ ᠢᠢᠨ ᠲᠠᠩᠬᠢᠮ ᠢᠶᠠᠷ ᠳᠠᠮᠵᠢᠭᠤᠯᠤᠨ ᠬᠠᠮᠢᠶ᠎ᠠ ᠪᠥᠬᠥᠶ ᠮᠡᠳᠡᠯᠭᠡ ᠢᠢᠨ ᠴᠡᠭ ᠪᠠ ᠲᠥᠷᠥ ᠢᠢᠨ ᠪᠣᠳᠣᠯᠭ᠎ᠠ ᠢᠢᠨ ᠠᠭᠤᠯᠭ᠎ᠠ ᠢᠢᠨ ᠲᠣᠭᠣᠷᠢᠨ ᠳᠤ ᠰᠢᠯᠭᠠᠯᠲᠠ ᠬᠢᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠡ᠊ᠩ ᠦᠨ ᠦᠶ᠎ᠡ ᠢᠢᠨ ᠰᠤᠷᠤᠯᠴᠠᠬᠤ ᠣᠪᠣᠷ ᠪᠠ ᠲᠤᠰᠬᠠᠶ ᠮᠡᠷᠭᠡᠵᠢᠯ ᠦᠨ ᠮᠡᠳᠡᠯᠭᠡ ᠢᠢ ᠡᠵᠡᠮᠰᠢᠭ᠍ᠰᠡᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠬᠤ ᠬᠡᠷᠡᠭ᠍ᠲᠡᠶ᠃

︽ᠵᠠᠯᠠᠭᠤ ᠺᠠᠳ᠋ᠷᠴᠤᠳ ᠪᠣᠯ ᠮᠠᠨ ᠤ ᠡᠷᠬᠢᠮ ᠨᠠᠨᠳᠢᠨ ᠡᠬᠢ ᠪᠠᠶᠠᠯᠢᠭ ᠮᠥᠨ︾᠃ ᠲᠣᠰ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠬᠣᠯᠪᠣᠭᠳᠠᠯ ᠪᠥᠬᠥᠶ ᠬᠠᠷᠢᠭᠤᠴᠠᠯᠭᠠᠲᠠᠨ᠂ ᠵᠣᠷᠢᠭᠵᠢᠭᠤᠯᠵᠤ ᠤᠷᠮᠠᠰᠢᠭᠤᠯᠬᠤ ᠲᠣᠭᠲᠠᠴᠠ ᠢᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠯᠠᠭᠤ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠰᠤᠷᠭᠠᠨ ᠬᠥᠮᠦᠵᠢᠯ ᠦᠨ ᠬᠢᠨᠠᠯᠲᠠ ᠬᠠᠮᠢᠶᠠᠷᠤᠯᠲᠠ ᠢᠢ ᠴᠢᠩᠭᠠᠳᠬᠠᠵᠤ᠂ ᠵᠠᠯᠠᠭᠤ ᠺᠠᠳ᠋ᠷᠴᠤᠳ ᠤᠨ ᠡᠷᠡᠭᠦᠯ ᠢᠶᠡᠷ ᠦᠰᠦᠨ ᠪᠣᠶᠢᠵᠢᠬᠤ ᠢᠢ ᠬᠠᠮᠠᠭᠠᠯᠠᠨ᠎ᠠ ᠭᠡᠵᠦ ᠢᠯᠡᠷᠬᠡᠶᠢᠯᠡᠪᠡ᠃ ︵ᠲᠠᠨ ᠴᠢᠶᠠᠨ︶