ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ᠄ ᠬᠠᠯᠠᠭᠤᠮᠰᠤᠭ ᠦᠢᠯᠡᠴᠢᠯᠡᠬᠡ ᠪᠡᠷ ᠡᠪᠡᠳᠴᠢᠳᠡᠨ ᠤ ᠰᠡᠳᠬᠢᠯ ᠢ ᠲᠤᠯᠠᠴᠠᠭᠠᠭᠤᠯᠤᠨ᠎ᠠ

 ᠄ 2024-10-22 11:12:01

    ᠤᠢᠢᠷ᠎ᠠ ᠢᠢᠨ ᠵᠢᠯ ᠡᠴᠡ ᠨᠠᠭᠠᠰᠢ᠂ ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠨᠢ ᠡᠪᠡᠳᠴᠢᠲᠡᠨ ᠢᠶᠡᠷ ᠭᠣᠣᠯ ᠪᠣᠯᠭᠠᠬᠤ ᠢᠢ ᠪᠠᠷᠢᠮᠲᠠᠯᠠᠵᠤ᠂ ᠡᠮᠴᠢᠯᠡᠬᠡᠨ ᠤ ᠦᠢᠯᠡᠴᠢᠯᠡᠭᠡᠨ ᠦ ᠶᠠᠰᠤ ᠴᠢᠨᠠᠷ ᠢᠶᠠᠨ ᠦᠷᠭᠦᠯᠵᠢᠯᠡᠨ ᠰᠠᠶᠢᠵᠢᠷᠠᠭᠤᠯᠵᠤ᠂ ᠡᠮᠨᠡᠯᠭᠡ ᠢᠢᠨ ᠬᠣᠷᠢᠶᠠᠨ ᠤ ᠴᠢᠨᠠᠷ ᠰᠠᠶᠢᠲᠠᠢ ᠬᠥᠭ᠍ᠵᠢᠯᠲᠡ ᠢᠢ ᠠᠬᠢᠭᠤᠯᠬᠤ ᠢᠢᠨ ᠬᠠᠮᠲᠤ ᠡᠪᠡᠳᠴᠢᠲᠡᠨ ᠦ ᠢᠲᠡᠭᠡᠮᠵᠢ ᠢᠢᠨ ᠬᠡᠮᠵᠢᠶ᠎ᠡ ᠪᠣᠯᠤᠨ ᠬᠠᠨᠤᠮᠵᠢ ᠢᠢᠨ ᠬᠡᠮᠵᠢᠶ᠎ᠡ ᠢᠢ ᠲᠠᠰᠤᠷᠠᠯᠳᠠ ᠦᠬᠡᠢ ᠳᠡᠭᠡᠭ᠍ᠰᠢᠯᠡᠭᠦᠯᠵᠦ᠂ ᠨᠡᠩ ᠤᠯᠠᠨ ᠡᠪᠡᠳᠴᠢᠲᠡᠨ ᠢ ᠦᠨᠳᠦᠰᠦᠨ ᠱᠠᠲᠤᠨ ᠳᠤ ᠰᠠᠨᠠᠭ᠎ᠠ ᠠᠮᠤᠷ ᠡᠮᠨᠡᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠭᠰᠠᠨ ᠪᠠᠶᠢᠨ᠎ᠠ᠃

    ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶᠠᠨ ᠳᠤ ᠤᠴᠢᠪᠠᠯ ᠶᠠᠭᠤᠨ ᠤ ᠤᠷᠢᠳ ᠡᠮᠴᠢᠯᠡᠬᠡᠨ ᠤ ᠵᠢᠯᠣᠭᠣᠳᠤᠮᠵᠢ ᠢᠢᠨ ᠲᠠᠪᠴᠠᠩ ᠢ ᠤᠯᠵᠤ ᠬᠠᠷᠠᠳᠠᠭ᠃ ᠡᠮᠴᠢᠯᠡᠭᠡᠨ ᠦ ᠵᠢᠯᠤᠭᠤᠳᠤᠮᠵᠢ ᠵᠢᠨ ᠲᠠᠪᠴᠠᠩ ᠤᠨ ᠳᠡᠭᠡᠷ᠎ᠡ ᠲᠠᠯ᠎ᠠ ᠢᠢᠨ ᠳᠡᠯᠭᠡᠴᠡ ᠳᠦ ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶᠠᠨ ᠤ ᠰᠢᠨ᠎ᠡ ᠮᠡᠷᠭᠡᠵᠢᠯ ᠦᠨ ᠤᠬᠠᠭᠤᠯᠭ᠎ᠠ ᠢᠢᠨ ᠹᠢᠯᠢᠮ ᠵᠢᠴᠢ ᠡᠪᠡᠳᠴᠢᠲᠡᠨ ᠦ ᠰᠡᠳᠭᠢᠯ ᠳᠡᠬᠢ ︽ᠰᠠᠶᠢᠨ ᠡᠮᠴᠢ ᠰᠠᠶᠢᠨ ᠰᠤᠪᠢᠯᠠᠭᠴᠢ︾ ᠵᠢᠨ ᠲᠠᠨᠢᠯᠴᠠᠭᠤᠯᠭ᠎ᠠ ᠵᠢ ᠨᠡᠪᠳᠡᠷᠡᠬᠦᠯᠵᠦ᠂ ᠡᠮᠴᠢᠯᠡᠭᠡᠨ ᠦ ᠵᠢᠯᠤᠭᠤᠳᠤᠮᠵᠢ ᠵᠢᠨ ᠲᠠᠪᠴᠠᠩ ᠳᠡᠭᠡᠷ᠎ᠡ ᠪᠠᠰᠠ ︽ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠳᠤ ᠰᠢᠨ᠎ᠡ ᠴᠠᠭ ᠦᠶ᠎ᠡ ᠢᠢᠨ ᠪᠣᠯᠪᠠᠰᠤᠨ ᠤ ᠦᠢᠯᠡᠳᠦᠯᠭᠡ ᠢᠢᠨ ᠴᠡᠭ︾ᠬᠡᠰᠡᠨ ᠫᠠᠶᠢᠰᠠ ᠵᠢ ᠢᠯᠡ ᠲᠣᠳᠣᠷᠬᠠᠶ ᠪᠠᠶᠢᠷᠢᠯᠠᠭᠤᠯᠵᠤ᠂ ᠰᠠᠶᠢᠨ ᠳᠤᠷ᠎ᠠ ᠢᠢᠨ ᠠᠵᠢᠯᠳᠠᠨ ᠡᠴᠡ ᠡᠪᠡᠳᠴᠢᠲᠡᠨ ᠢ ᠬᠠᠪᠰᠤᠷᠤᠨ ᠡᠪᠡᠳᠴᠢᠨ ᠦᠵᠡᠭᠦᠯᠬᠦ ᠳᠤ ᠪᠠᠴᠢᠮᠳᠠᠵᠤ ᠬᠦᠴᠢᠷᠳᠡᠵᠦ ᠪᠠᠶᠢᠭ᠎ᠠ ᠠᠰᠠᠭᠤᠳᠠᠯ ᠢ ᠨᠢ ᠰᠶᠢᠳᠪᠦᠷᠢᠯᠡᠵᠦ ᠦᠭᠳᠡᠭ ᠪᠠᠶᠢᠨ᠎ᠠ᠃

    ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶᠠᠨ ᠤ ᠳᠠᠷᠤᠭ᠎ᠠ ᠼᠤᠤ ᠽᠸᠩ ᠹᠦ᠄ ︽ᠡᠪᠡᠳᠴᠢᠲᠡᠨ ᠢ ᠰᠡᠳᠭᠢᠯ ᠬᠠᠨᠤᠮᠵᠢᠲᠠᠢ ᠪᠠᠶᠢᠯᠭᠠᠬᠤ ᠢᠢ ᠲᠡᠷᠢᠭᠦᠨ ᠪᠠᠶᠢᠷᠢᠨ ᠳᠤ ᠲᠠᠯᠪᠢᠵᠤ᠂ ᠡᠮᠴᠢ ᠰᠤᠪᠢᠯᠠᠭᠴᠢ ᠡᠮᠨᠡᠯᠭᠡ ᠢᠢᠨ ᠬᠣᠷᠢᠶ᠎ᠠ ᠢᠢ ᠦᠪᠡᠷ ᠤᠨ ᠬᠡᠷ ᠵᠢᠠᠨ ᠪᠤᠯᠭᠠᠵᠤ᠂ ᠡᠪᠡᠳᠴᠢᠳᠡᠨ ᠨᠢᠬᠡᠪᠦᠷᠢ ᠵᠢ ᠭᠡᠷ ᠦᠨ ᠬᠥᠮᠦᠰ ᠵᠢᠡᠷ ᠵᠢᠠᠨ ᠦᠵᠡᠵᠦ᠂ ᠬᠠᠯᠠᠭᠤᠨ ᠲᠤᠯᠠᠭᠠᠨ ᠦᠢᠯᠡᠴᠢᠯᠡᠬᠡᠨ ᠤ ᠤᠪᠤᠷ ᠪᠠ ᠲᠤᠰᠬᠠᠢ ᠮᠡᠷᠬᠡᠵᠢᠯ ᠤᠨ ᠬᠢᠷᠢ ᠲᠦᠪᠰᠢᠨ ᠦᠨᠳᠦᠷ ᠡᠮᠴᠢᠯᠡᠭᠡᠨ ᠦ ᠮᠡᠷᠭᠡᠵᠢᠯ ᠢᠶᠡᠷ ᠵᠢᠠᠨ ᠤᠯᠠᠨ ᠲᠦᠮᠡᠨ ᠳᠤ ᠡᠮᠴᠢᠯᠡᠬᠡᠨ ᠤ ᠲᠦᠰᠢᠭ ᠲᠤᠯᠭᠠᠭᠤᠷᠢ ᠵᠢ ᠬᠠᠡᠭᠭᠠᠨ᠎ᠠ︾ ᠬᠡᠵᠦ ᠶᠠᠷᠢᠨ᠎ᠠ᠃ ᠣᠶᠢᠯᠠᠭᠠᠭᠰᠠᠨ ᠢᠶᠠᠷ᠂ ᠪᠦᠬᠦ ᠬᠤᠰᠢᠭᠤᠨ ᠤ ᠰᠠᠭᠤᠭᠠᠯᠢ ᠠᠷᠠᠳ ᠲᠤ ᠨᠠᠩ ᠰᠠᠶᠢᠨ᠂ ᠴᠠᠭ ᠲᠤᠬᠠᠶ ᠳᠤᠨᠢ ᠡᠮᠴᠢᠯᠡᠭᠡᠨ ᠦ ᠦᠢᠯᠡᠴᠢᠯᠡᠭᠡ ᠬᠠᠩᠭᠠᠬᠤ ᠢᠢᠨ ᠲᠥᠯᠥᠭᠡ᠂ ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠠᠴᠠ ᠡᠯ᠎ᠡ ᠰᠠᠯᠠᠭ᠎ᠠ ᠲᠠᠰᠤᠭ ᠤᠨ ᠡᠮᠨᠡᠯᠭᠡ ᠢᠢᠨ ᠠᠵᠢᠯᠲᠠᠳ ᠲᠤ ᠰᠠᠨᠠᠭᠠᠴᠢᠯᠠᠭ᠎ᠠ ᠠᠴᠠ ᠪᠠᠨ ᠡᠪᠡᠳᠴᠢᠲᠡᠨ ᠳᠦ ᠵᠢᠷᠬᠢᠶ᠎ᠠ ᠵᠢᠨ ᠨᠤᠮᠸᠷ᠂ ᠤᠳᠠᠰᠤᠨ ᠨᠤᠮᠸᠷ ᠵᠢᠠᠨ ᠦᠭᠴᠦ᠂ ᠡᠪᠡᠳᠴᠢᠲᠡᠨ ᠦ ᠮᠠᠳᠠᠭ ᠲᠠᠶ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠳᠦ ᠲᠥᠬᠥᠮ ᠦᠵᠡᠭᠦᠯᠥᠭᠰᠡᠨ ᠪᠠᠶᠢᠨ᠎ᠠ᠃

     ᠪᠦᠬᠦ ᠬᠤᠰᠢᠭᠤᠨ ᠤ ᠡᠪᠡᠳᠴᠢᠲᠡᠨ ᠦ ᠡᠮ ᠡᠮᠨᠡᠯᠭᠡ ᠢᠢᠨ ᠬᠡᠷᠡᠭ᠍ᠴᠡᠭᠡ ᠢᠢ ᠬᠠᠩᠭᠠᠵᠤ᠂ ᠡᠪᠡᠳᠴᠢᠲᠡᠨ ᠳᠦ ᠨᠠᠷᠢᠯᠢᠭ ᠣᠨᠣᠴᠠᠲᠠᠶ ᠣᠨᠣᠰᠢᠯᠠᠨ ᠡᠮᠨᠡᠬᠦ ᠲᠥᠰᠦᠯ ᠬᠠᠩᠭᠠᠬᠤ ᠢᠢᠨ ᠲᠥᠯᠥᠭᠡ᠂ ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠨᠢ ᠡᠮᠴᠢᠯᠡᠬᠡᠨ ᠤ ᠲᠤᠨᠤᠭ ᠲᠥᠬᠥᠭᠡᠷᠦᠮᠵᠢ ᠪᠠᠨ ᠳᠠᠬᠢᠨ ᠳᠠᠪᠲᠠᠨ ᠰᠢᠨᠡᠳᠭᠡᠭᠰᠡᠬᠡᠷ ᠢᠷᠡᠵᠡᠢ᠃ ᠼᠤᠤ ᠽᠸᠩ ᠹᠦ᠋ ᠢᠢᠨ ᠲᠠᠨᠢᠯᠴᠠᠭᠤᠯᠤᠭᠰᠠᠨ ᠢᠶᠠᠷ᠂ ᠰᠢᠨ᠎ᠡ ᠲᠥᠬᠥᠭᠡᠷᠦᠮᠵᠢ ᠢᠢ ᠣᠷᠣᠭᠤᠯᠤᠭᠰᠠᠨ ᠠᠴᠠ ᠨᠠᠭᠠᠰᠢ᠂ ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶᠠᠨ ᠤ 2023 ᠣᠨ ᠤ ᠡᠭᠦᠳᠡᠨ ᠡᠮᠨᠡᠯᠭᠡ ᠢᠢᠨ ᠪᠠᠴᠢᠮ ᠠᠪᠤᠷᠠᠯᠳᠠ ᠵᠢᠨ ᠰᠠᠯᠠᠭᠠᠨ ᠤ ᠦᠢᠯᠡᠴᠢᠯᠡᠭᠡᠨ ᠦ ᠬᠡᠮᠵᠢᠶ᠎ᠡ ᠨᠢ 22 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠡᠴᠡ 15.5% ᠨᠡᠮᠡᠭ᠍ᠳᠡᠵᠦ᠂ ᠡᠮᠨᠡᠯᠭᠡ ᠡᠴᠡ ᠭᠠᠷᠤᠭᠰᠠᠨ ᠡᠪᠡᠳᠴᠢᠲᠡᠨ 10018 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠡᠴᠡ 19.6% ᠨᠡᠮᠡᠭ᠍ᠳᠡᠵᠦ᠂ ᠡᠮᠨᠡᠯᠭᠡ ᠢᠢᠨ ᠬᠣᠷᠢᠶᠠᠨ ᠳᠡᠬᠢ ᠮᠡᠰᠡ ᠵᠠᠰᠠᠯ ᠢ 2016 ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠡᠴᠡ 7% ᠨᠡᠮᠡᠭ᠍ᠳᠡᠵᠦ᠂ ᠡᠮᠴᠢᠯᠡᠭᠡᠨ ᠦ ᠣᠷᠣᠯᠭ᠎ᠠ ᠠᠳᠠᠯᠢ ᠬᠤᠭᠤᠴᠠᠭᠠᠨ ᠤ ᠬᠢ ᠡᠴᠡ 23.3% ᠨᠡᠮᠡᠭ᠍ᠳᠡᠵᠡᠢ᠃

    ᠦᠦᠰᠢᠨ ᠬᠤᠰᠢᠭᠤᠨ ᠤ ᠠᠷᠠᠳ ᠤᠨ ᠡᠮᠨᠡᠯᠬᠡ ᠵᠢᠨ ᠬᠤᠷᠢᠶ᠎ᠠ ᠨᠢ ᠦᠢᠯᠡᠴᠢᠯᠡᠭᠡᠨ ᠦ ᠬᠡᠮᠵᠢᠶ᠎ᠡ ᠢᠢ ᠶᠡᠬᠡᠪᠡᠷ ᠥᠷᠭᠡᠳᠭᠡᠵᠦ᠂ ᠡᠪᠡᠳᠴᠢᠲᠡᠨ ᠦ ᠲᠠᠯ᠎ᠠ ᠠᠴᠠ ᠪᠤᠳᠤᠯᠬᠢᠯᠠᠵᠤ ᠡᠮᠴᠢᠯᠡᠬᠡᠨ ᠤ ᠦᠢᠯᠡᠴᠢᠯᠡᠭᠡᠨ ᠦ ᠠᠷᠭ᠎ᠠ ᠬᠡᠮᠵᠢᠶ᠎ᠡ ᠢᠢ ᠲᠠᠰᠤᠷᠠᠯᠲᠠ ᠦᠭᠡᠢ ᠰᠠᠶᠢᠵᠢᠷᠠᠭᠤᠯᠵᠤ᠂ ᠡᠮᠴᠢ ᠢᠢᠨ ᠮᠣᠷᠠᠯ ᠰᠤᠷᠲᠠᠯ ᠤᠨ ᠪᠠᠶᠢᠭᠤᠯᠤᠯᠲᠠ ᠢᠢ ᠴᠢᠩᠭ᠎ᠠ ᠠᠳᠬᠤᠵᠤ᠂ ᠠᠵᠢᠯ ᠲᠦᠷᠦᠯ ᠦᠨ ᠰᠤᠷᠲᠠᠯ ᠤᠨ ᠪᠠᠶᠢᠭᠤᠯᠤᠯᠲᠠ ᠢᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠳᠠᠮᠵᠢᠨ᠂ ︽ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠢᠢᠨ ᠠᠵᠢᠯ ᠲᠥᠷᠥᠯ ᠦᠨ ᠬᠡᠪ ᠰᠤᠷᠲᠠᠯ ᠢ ᠳᠡᠭᠡᠭ᠍ᠰᠢᠯᠡᠭᠦᠯᠬᠦ ᠵᠢᠴᠢ ᠡᠪᠡᠳᠴᠢᠨ ᠦᠵᠡᠭᠦᠯᠦᠭ᠍ᠰᠡᠨ ᠲᠥᠷᠥᠭ᠍ᠳᠡᠯ ᠢᠶᠡᠨ ᠰᠠᠶᠢᠵᠢᠷᠠᠭᠤᠯᠬᠤ ᠢᠢᠨ ᠬᠡᠷᠡᠭ᠍ᠵᠢᠭᠦᠯᠬᠦ ᠲᠥᠰᠦᠯ︾ ᠵᠢᠴᠢ ︽ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠢᠢᠨ ᠡᠮᠴᠢ ᠢᠢᠨ ᠮᠣᠷᠠᠯ ᠰᠤᠷᠲᠠᠯ ᠢ ᠰᠢᠯᠭᠠᠨ ᠦᠨᠡᠯᠡᠬᠦ ᠠᠷᠭ᠎ᠠ︾ ᠢᠢ ᠲᠣᠭᠲᠠᠭᠠᠨ ᠲᠠᠷᠬᠠᠭᠠᠵᠤ᠂ ᠡᠮᠴᠢ ᠢᠢᠨ ᠮᠣᠷᠠᠯ ᠰᠤᠷᠲᠠᠯ ᠢ ᠰᠢᠯᠭᠠᠨ ᠦᠨᠡᠯᠡᠭ᠍ᠰᠡᠨ ᠦᠷ᠎ᠡ ᠳ᠋ᠦᠩ ᠢ ᠮᠡᠷᠭᠡᠵᠢᠯ ᠦᠨ ᠴᠣᠯᠠ ᠳᠡᠪᠰᠢᠬᠦ᠂ ᠠᠵᠢᠯ ᠤᠨ ᠪᠠᠶᠢᠷᠢ ᠳᠤ ᠤᠷᠢᠨ ᠬᠡᠷᠡᠭ᠍ᠯᠡᠬᠦ᠂ ᠠᠵᠢᠯ ᠤᠨ ᠠᠮᠵᠢᠯᠲᠠ ᠪᠦᠲᠦᠮᠵᠢ ᠢᠢ ᠰᠢᠯᠭᠠᠨ ᠬᠢᠨᠠᠬᠤ᠂ ᠲᠡᠷᠢᠭᠦᠨ ᠦ ᠬᠢ ᠢᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ᠂ ᠴᠠᠯᠢᠩ ᠣᠯᠭᠣᠮᠵᠢ ᠵᠡᠷᠭᠡ ᠬᠤᠪᠢ ᠬᠥᠮᠦᠨ ᠦ ᠲᠣᠰ ᠪᠡᠶ᠎ᠡ ᠢᠢᠨ ᠠᠰᠢᠭ ᠲᠤᠰᠠ ᠲᠠᠶ ᠰᠢᠭᠤᠳ ᠬᠣᠯᠪᠣᠭᠳᠠᠭᠤᠯᠬᠤ ᠢᠢᠨ ᠬᠠᠮᠲᠤ ᠵᠠᠭᠠᠯᠳᠤᠯᠭ᠎ᠠ ᠢᠢᠨ ᠬᠠᠮᠢᠶᠠᠷᠤᠯᠲᠠ ᠢᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠲᠦᠮᠡᠨ ᠦ ᠵᠠᠭᠠᠯᠳᠤᠵᠤ ᠢᠯᠡᠴᠢᠯᠡᠨ ᠮᠡᠳᠡᠭᠦᠯᠦᠭ᠍ᠰᠡᠨ ᠢ ᠰᠢᠢᠳᠪᠦᠷᠢᠯᠡᠬᠦ ᠳᠦ ᠵᠠᠭᠠᠯᠳᠤᠪᠠᠯ ᠵᠠᠪᠠᠯ ᠪᠠᠶᠢᠴᠠᠭᠠᠬᠤ᠂ ᠪᠠᠶᠢᠴᠠᠭᠠᠪᠠᠯ ᠵᠠᠪᠠᠯ ᠰᠢᠢᠳᠪᠦᠷᠢᠯᠡᠬᠦ ᠂ ᠬᠠᠷᠢᠭᠤᠴᠠᠯᠭ᠎ᠠ ᠪᠠᠶᠢᠪᠠᠯ ᠵᠠᠪᠠᠯ ᠨᠡᠬᠡᠮᠵᠢᠯᠡᠬᠦ ᠪᠡᠷ ᠲᠤᠭᠳᠠᠭᠠᠵᠠᠢ᠃ ᠡᠮᠴᠢ ᠰᠤᠪᠢᠯᠠᠭᠴᠢ ᠳᠦ ᠪᠠᠰᠠ ᠠᠷᠠᠳ ᠤᠨ ᠡᠳᠦᠷ ᠦᠨ ᠰᠣᠨᠢᠨ ᠤ ᠳᠡᠭᠡᠳᠦ ᠵᠡᠷᠭᠡ ᠢᠢᠨ ᠰᠤᠷᠪᠤᠯᠵᠢᠯᠠᠭᠴᠢ᠂ ᠠᠵᠤ ᠠᠬᠤᠶ ᠨᠡᠶᠢᠭᠡᠮ ᠦᠨ ᠶᠠᠮᠤᠨ ᠤ ᠡᠷᠭᠢᠯᠡᠨ ᠨᠠᠶᠢᠷᠠᠭᠤᠯᠤᠭᠰᠠᠨ ᠪᠠᠶ ᠵᠢᠶᠠᠨ ᠹᠸᠩ ᠤᠨ ᠨᠣᠮ ᠪᠢᠴᠢᠭ ᠢ ᠬᠤᠳᠠᠯᠳᠤᠨ ᠠᠪᠴᠤ ᠥᠭ᠍ᠴᠦ ᠰᠤᠷᠤᠯᠴᠠᠭᠤᠯᠵᠠᠢ᠃

    ᠣᠶᠢᠯᠠᠭᠠᠭᠰᠠᠨ ᠢᠶᠠᠷ᠂ ᠶᠠᠪᠤᠵᠤ ᠰᠠᠭᠤᠬᠤ ᠳᠤ ᠳᠥᠭᠥᠮ ᠦᠭᠡᠢ᠂ ᠪᠡᠶ᠎ᠡ ᠮᠠᠭᠤᠲᠠᠶ ᠡᠮᠨᠡᠯᠭᠡ ᠳᠦ ᠰᠠᠭᠤᠵᠤ ᠪᠠᠶᠢᠭ᠎ᠠ ᠵᠠᠷᠢᠮ ᠡᠪᠡᠳᠴᠢᠲᠡᠨ ᠳᠦ ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶᠠᠨ ᠤ ᠡᠯ᠎ᠡ ᠰᠠᠯᠠᠭ᠎ᠠ ᠲᠠᠰᠤᠭ ᠤᠨ ᠡᠮᠴᠢ ᠰᠤᠪᠢᠯᠠᠭᠴᠢᠳ ᠡᠪᠡᠳᠴᠢᠲᠡᠨ ᠳᠦ ᠠᠮᠤᠷ ᠲᠦᠪᠰᠢᠨ᠂ ᠳᠤᠯᠠᠭᠠᠬᠠᠨ ᠦᠢᠯᠡᠴᠢᠯᠡᠭᠡ ᠵᠢ ᠬᠦᠢᠴᠡᠳ ᠬᠠᠡᠭᠭᠠᠵᠠᠢ᠃ ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠪᠠᠰᠠ ᠨᠢᠭᠲᠠ ᠬᠡᠯᠪᠡᠷᠢ ᠢᠢᠨ ᠡᠮᠨᠡᠯᠭᠡ ᠢᠢᠨ ᠬᠣᠯᠪᠣᠭᠠᠲᠤ ᠴᠣᠭᠴᠠ ᠢᠢᠨ ᠪᠠᠶᠢᠭᠤᠯᠤᠯᠲᠠ ᠢᠢ ᠴᠢᠩᠭᠠᠳᠬᠠᠬᠤ᠂ ᠰᠢᠯᠢᠳᠡᠭ ᠡᠮᠴᠢᠯᠡᠭᠡᠨ ᠦ ᠡᠬᠢ ᠪᠠᠶᠠᠯᠢᠭ ᠢ ᠳᠣᠷᠣᠭᠰᠢ ᠪᠠᠭᠤᠯᠭᠠᠬᠤ ᠪᠠ ᠮᠡᠳᠡᠭᠡ ᠵᠠᠩᠭᠢᠵᠢᠯᠲᠠ ᠢᠢᠨ ᠪᠠᠶᠢᠭᠤᠯᠤᠯᠲᠠ ᠢᠢ ᠴᠢᠩᠭᠠᠳᠬᠠᠬᠤ ᠵᠡᠷᠭᠡ ᠲᠠᠯ᠎ᠠ ᠠᠴᠠ ᠭᠠᠷᠳᠠᠵᠦ᠂ ᠰᠠᠶᠢᠨ ᠦᠢᠯᠡᠴᠢᠯᠡᠭᠡ᠂ ᠰᠠᠶᠢᠨ ᠡᠮᠴᠢᠯᠡᠭᠡ᠂ ᠰᠠᠶᠢᠨ ᠲᠠᠪᠴᠠᠩ ᠤᠨ ᠬᠡᠯᠪᠡᠷᠢ ᠪᠡᠷ ᠬᠤᠰᠢᠭᠤ ᠰᠢᠶᠠᠨ ᠤ ᠬᠡᠪᠴᠢᠶᠡᠨ ᠳᠡᠬᠢ ᠠᠷᠠᠳ ᠤᠯᠠᠨ ᠤ ᠡᠷᠡᠭᠦᠯ ᠮᠡᠨᠳᠤ ᠢᠢ ᠪᠠᠲᠤᠯᠠᠬᠤ ᠪᠠᠷ ᠴᠢᠷᠮᠠᠶᠢᠵᠤ᠂ ᠠᠷᠠᠳ ᠤᠯᠠᠨ ᠢ ︽ᠬᠡᠷ ᠦᠨ ᠡᠭᠦᠳᠡᠨ︾ ᠳ᠋ᠤᠨᠢ ᠡᠷᠡᠬᠦᠯᠵᠢᠬᠦᠯᠬᠦ ᠪᠡᠷ ᠴᠢᠷᠮᠠᠶᠢᠵᠠᠢ᠃ ᠦᠦᠰᠢᠨ ᠬᠣᠰᠢᠭᠤᠨ ᠤ ᠠᠷᠠᠳ ᠤᠨ ᠡᠮᠨᠡᠯᠭᠡ ᠢᠢᠨ ᠬᠣᠷᠢᠶ᠎ᠠ ᠢᠢᠨ ᠠᠯᠢ ᠣᠯᠠᠨ ᠠᠷᠭ᠎ᠠ ᠬᠡᠮᠵᠢᠶ᠎ᠡ ᠨᠢ ᠡᠪᠡᠳᠴᠢᠲᠡᠨ ᠦ ᠡᠪᠡᠳᠴᠢᠨ ᠦᠵᠡᠭᠦᠯᠬᠦ ᠳᠤ ᠲᠦᠬᠦᠮ ᠦᠵᠡᠬᠦᠯᠵᠦ᠂ ᠡᠪᠡᠳᠴᠢᠲᠡᠨ ᠵᠢᠴᠢ ᠬᠡᠷ ᠪᠦᠯᠢ ᠢᠢᠨ ᠬᠢᠨ ᠦ ᠰᠠᠶᠢᠨ ᠦᠨᠡᠯᠡᠯᠲᠡ ᠢᠢ ᠣᠯᠵᠤ᠂ ᠡᠨᠡ ᠵᠢᠯ ᠡᠴᠡ ᠨᠠᠭᠠᠰᠢ ᠨᠡᠶᠢᠲᠡ 56 ᠲᠠᠯᠠᠷᠬᠠᠯ ᠤᠨ ᠬᠡᠮᠡᠷᠯᠢᠭ ᠲᠣᠭ ᠢ ᠭᠥᠯᠢᠶᠡᠨ ᠠᠪᠴᠤ᠂ 12345 ᠬᠠᠯᠠᠭᠤᠨ ᠤᠲᠠᠰᠤᠨ ᠤ ᠮᠠᠭᠲᠠᠭᠠᠯ ᠰᠠᠶᠢᠰᠢᠶᠠᠯ ᠢ 4 ᠣᠯᠤᠭᠰᠠᠨ ᠪᠠᠶᠢᠨ᠎ᠠ᠃