ᠦᠨᠡᠮᠯᠡᠯ ᠠᠪᠬᠤ ᠦᠶᠡᠯᠡᠯ ᠦᠨ ᠬᠤᠭᠤᠴᠠᠭ᠎ᠠ ᠢᠢ ᠪᠦᠲᠦᠮᠵᠢᠲᠡᠢ ᠪᠠᠭᠠᠰᠬᠠᠪᠠ

 ᠄ 2025-06-08 10:16:15

ᠣᠶᠢᠷ᠎ᠠ ᠳᠤ ᠱᠠᠨᠳᠦ᠋ᠩ ᠮᠤᠵᠢ ᠢᠢᠨ ᠴᠢᠤᠢ ᠹᠦ᠋ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠠᠵᠢᠯᠲᠠᠨ ᠯᠦ ᠶᠤᠸᠠᠨ ᠲᠣᠰᠬᠣᠨ ᠤ ᠦᠵᠡᠮᠵᠢ ᠢᠢᠨ ᠣᠷᠣᠨ ᠳᠤ ᠬᠦᠷᠴᠦ ᠬᠠᠷᠢᠭᠤ ᠰᠤᠷᠪᠤᠯᠵᠢᠯᠠᠬᠤ ᠦᠶ᠎ᠡ ᠳᠦ᠂ ᠨᠢ ᠱᠠᠨ ᠰᠣᠶᠣᠯ ᠵᠤᠭᠠᠴᠠᠯ ᠤᠨ ᠪᠠᠯᠠ ᠣᠷᠣᠭᠤᠯᠤᠯᠲᠠ ᠬᠥᠭ᠍ᠵᠢᠭᠦᠯᠦᠯᠲᠡ ᠢᠢᠨ ᠬᠢᠵᠠᠭᠠᠷᠲᠤ ᠺᠣᠮᠫᠠᠨᠢ ᠢᠢᠨ ᠬᠣᠯᠪᠣᠭᠳᠠᠯ ᠪᠥᠬᠥᠶ ᠬᠠᠷᠢᠭᠤᠴᠠᠯᠭᠠᠲᠠᠨ᠄ ︽ᠦᠨᠡᠮᠯᠡᠯ ᠵᠢᠡᠨ ᠮᠠᠰᠢ ᠤᠷᠤᠭᠰᠢᠲᠠᠶ ᠠᠪᠴᠤ᠂ ᠦᠵᠡᠮᠵᠢ ᠢᠢᠨ ᠣᠷᠣᠨ ᠤ ᠲᠤᠷᠰᠢᠨ ᠡᠵᠡᠩᠨᠡᠬᠦ ᠬᠤᠭᠤᠴᠠᠭᠠᠨ ᠳᠤ ᠲᠣᠬᠢᠶᠠᠯᠳᠤᠭᠰᠠᠨ ᠠᠰᠠᠭᠤᠳᠠᠯ ᠢ ᠴᠤ ᠴᠥᠮ ᠰᠠᠶᠢᠬᠠᠨ ᠰᠢᠢᠳᠪᠦᠷᠢᠯᠡᠵᠡᠶ︾ ᠭᠡᠪᠡ᠃

ᠯᠦ ᠶᠤᠸᠠᠨ ᠲᠣᠰᠬᠣᠨ ᠤ ᠦᠵᠡᠮᠵᠢ ᠢᠢᠨ ᠣᠷᠣᠨ ᠪᠣᠯ ᠶᠡᠷᠦᠩᠬᠡᠶᠢᠯᠡᠭ᠍ᠰᠡᠨ ᠴᠢᠨᠠᠷᠲᠠᠢ ᠰᠣᠶᠣᠯ ᠵᠤᠭᠠᠴᠠᠯ ᠤᠨ ᠲᠦᠷᠦᠯ ᠵᠦᠢᠯ ᠪᠠᠶᠢᠵᠤ᠂ ᠤᠯᠠᠨ ᠰᠠᠯᠠᠭ᠎ᠠ ᠮᠥᠴᠢᠷ ᠦᠨ ᠬᠢᠨᠠᠨ ᠵᠥᠪᠰᠢᠶᠡᠷᠡᠬᠦ ᠵᠦᠢᠯᠡᠰ ᠲᠦ ᠬᠣᠯᠪᠣᠭᠳᠠᠨ᠎ᠠ᠃ ᠡᠭᠦᠨ ᠡᠴᠡ ᠡᠮᠦᠨ᠎ᠡ ᠴᠢᠤᠢ ᠹᠦ᠋ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠵᠡᠮᠵᠢ ᠢᠢᠨ ᠣᠷᠣᠨ ᠤ ᠳᠤᠷᠰᠢᠨ ᠡᠵᠡᠩᠨᠡᠬᠦ ᠴᠠᠭ ᠨᠢ ᠪᠤᠯᠤᠭᠰᠠᠨ ᠪᠤᠯᠪᠠᠴᠤ ᠭᠡᠷᠡᠴᠢ ᠦᠨᠡᠮᠯᠡᠯ ᠨᠢ ᠪᠦᠷᠢᠨ ᠪᠤᠯᠤᠭ᠎ᠠ ᠦᠭᠡᠢ ᠪᠠᠶᠢᠬᠤ ᠵᠢ ᠮᠡᠳᠡᠪᠡ᠃ ᠲᠣᠰ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠲᠣᠮᠢᠯᠠᠨ ᠰᠠᠭᠤᠯᠭᠠᠭᠰᠠᠨ ᠨᠢᠭᠡᠳᠦᠭᠡᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠴᠠᠭ ᠲᠤᠬᠠᠶ ᠳᠤᠨᠢ ᠪᠠᠶᠢᠴᠠᠭᠠᠨ ᠰᠤᠳᠤᠯᠤᠯᠲᠠ ᠬᠢᠵᠦ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠦᠨ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠤᠨ᠂ ᠰᠠᠨᠠᠭᠠᠴᠢᠯᠠᠭ᠎ᠠ ᠠᠴᠠ ᠪᠠᠨ ᠲᠤᠬᠠᠢ ᠵᠢᠨ ᠭᠠᠵᠠᠷ ᠲᠦᠨᠢ ᠬᠦᠷᠴᠦ ᠦᠢᠯᠡᠴᠢᠯᠡᠬᠦ ᠢᠢ ᠰᠢᠪᠠᠳᠠᠪᠠ᠃ ᠬᠣᠲᠠ ᠢᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠦ ᠲᠣᠪᠴᠢᠶ᠎ᠠ ᠬᠥᠳᠡᠭᠡ ᠲᠣᠰᠬᠣᠨ ᠤ ᠵᠤᠭᠠᠴᠠᠯ ᠤᠨ ᠡᠵᠡᠩᠨᠡᠯᠲᠡ ᠢᠢᠨ︽ᠨᠢᠭᠡ ᠶᠠᠪᠤᠳᠠᠯ︾ ᠤᠨ ᠦᠢᠯᠡᠴᠢᠯᠡᠭᠡᠨ ᠦ ᠵᠠᠭᠪᠤᠷ ᠢ ᠡᠬᠢᠯᠡᠨ ᠬᠡᠷᠡᠭ᠍ᠵᠢᠭᠦᠯᠵᠦ᠂ ᠣᠷᠣᠯᠠᠨ ᠭᠦᠢᠴᠡᠳᠭᠡᠬᠦ ᠲᠤᠰᠬᠠᠶ ᠲᠤᠰᠢᠶᠠᠯᠲᠠᠨ ᠲᠣᠮᠢᠯᠠᠨ ᠪᠥᠬᠥ ᠶᠠᠪᠤᠴᠠ ᠢᠢ ᠮᠥᠷᠳᠡᠨ ᠵᠢᠯᠣᠭᠣᠳᠴᠤ᠂ ︽ᠦᠨᠡᠮᠯᠡᠯ ᠭᠦᠢᠴᠡᠳᠭᠡᠬᠦ ᠶᠡᠬᠡ ᠲᠢᠩᠬᠢᠮ︾ ᠢ ᠦᠵᠡᠮᠵᠢ ᠢᠢᠨ ᠣᠷᠣᠨ ᠳᠤ ᠨᠡᠭᠦᠯᠭᠡᠨ ᠠᠪᠴᠢᠷᠠᠵᠤ᠂ ᠲᠤᠬᠠᠶ ᠢᠢᠨ ᠲᠠᠯᠠᠪᠤᠷ ᠲᠤᠨᠢ ᠪᠠᠶᠢᠴᠠᠭᠠᠨ ᠰᠢᠯᠭᠠᠵᠤ᠂ ᠲᠡᠷᠡ ᠳᠠᠷᠤᠶ ᠳᠤᠨᠢ ᠰᠢᠢᠳᠪᠦᠷᠢᠯᠡᠨ᠂ ᠭᠤᠶᠤᠴᠢᠯᠠᠬᠤ ᠵᠦᠢᠯᠡᠰ ᠢ ᠨᠢᠭᠡ ᠯᠡ ᠤᠳᠠᠭ᠎ᠠ ᠳᠤ ᠲᠤᠰᠢᠶᠠᠵᠤ ᠨᠡᠶᠢᠯᠡᠭᠦᠯᠦᠨ ᠬᠢᠨᠠᠨ ᠵᠥᠪᠰᠢᠶᠡᠷᠡᠨ᠂ ᠲᠤᠬᠠᠶ ᠢᠢᠨ ᠲᠠᠯᠠᠪᠤᠷ ᠲᠤᠨᠢ ᠦᠨᠡᠮᠯᠡᠯ ᠭᠠᠷᠭᠠᠬᠤ ᠢᠢ ᠪᠡᠶᠡᠯᠡᠭᠦᠯᠵᠦ᠂ ᠦᠨᠡᠮᠯᠡᠯ ᠭᠦᠢᠴᠡᠳᠭᠡᠬᠦ ᠦᠶᠡᠯᠡᠯ ᠦᠨ ᠬᠤᠭᠤᠴᠠᠭ᠎ᠠ ᠢᠢ ᠶᠡᠬᠡ ᠪᠡᠷ ᠪᠠᠭᠠᠰᠬᠠᠪᠠ᠃

ᠴᠢᠤᠢ ᠹᠦ᠋ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠣᠯᠤᠨ ᠬᠢᠨᠠᠨ ᠪᠠᠶᠢᠴᠠᠭᠠᠬᠤ ᠵᠥᠪᠯᠡᠯ ᠭᠠᠷᠴᠤ ᠮᠡᠳᠡᠬᠦ ᠠᠵᠢᠯ ᠥᠯᠥ ᠬᠢᠬᠦ᠂ ᠠᠵᠢᠯ ᠤᠳᠠᠭᠠᠨ ᠬᠢᠬᠦ ᠵᠡᠷᠭᠡ ᠠᠰᠠᠭᠤᠳᠠᠯ ᠳᠤ ︽ᠰᠢᠭᠢᠳᠭᠡᠯ ᠮᠠᠶ᠋ᠢᠭ︾ ᠤᠨ ᠬᠢᠨᠠᠯᠲᠠ ᠲᠠᠯᠪᠢᠬᠤ ᠠᠵᠢᠯ  ᠢ ᠥᠷᠨᠢᠭᠦᠯᠵᠦ᠂ ︽ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠲᠠᠰᠤᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ + ᠬᠢᠨᠠᠯᠲᠠ ᠲᠠᠯᠪᠢᠬᠤ ᠴᠡᠭ + ᠬᠢᠨᠠᠯᠲᠠ ᠲᠠᠯᠪᠢᠭᠴᠢ︾ ᠵᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠦᠯᠵᠢᠶ᠎ᠡ ᠢᠢ ᠪᠤᠶ ᠪᠣᠯᠭᠠᠵᠠᠶ᠃ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠤᠯᠤᠰ ᠤᠨ ᠴᠠᠬᠢᠯᠭᠠᠨ ᠰᠦᠯᠵᠢᠶ᠎ᠡ ᠢᠢᠨ ᠴᠢᠤᠢ ᠹᠦ᠋ ᠬᠣᠲᠠ ᠢᠢᠨ ᠴᠠᠬᠢᠯᠭᠠᠨ ᠬᠠᠩᠭᠠᠬᠤ ᠺᠣᠮᠫᠠᠨᠢ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠲᠠᠢ ᠬᠠᠮᠲᠤᠷᠠᠨ ᠦᠵᠡᠮᠵᠢ ᠢᠢᠨ ᠣᠷᠣᠨ ᠤ ᠴᠠᠬᠢᠯᠭᠠᠨ ᠬᠠᠩᠭᠠᠬᠤ ᠦᠢᠯᠡᠴᠢᠯᠡᠭᠡ ᠳᠦ ᠲᠤᠰᠬᠠᠶ ᠬᠢᠨᠠᠨ ᠪᠠᠶᠢᠴᠠᠭᠠᠯᠲᠠ ᠬᠢᠵᠦ᠂ ᠦᠵᠡᠮᠵᠢ ᠢᠢᠨ ᠣᠷᠣᠨ ᠤ ᠠᠵᠢᠯᠯᠠᠭᠠᠨ ᠤ ᠡᠬᠢᠨ ᠦ ᠦᠶ᠎ᠡ ᠢᠢᠨ ᠡᠯ᠎ᠡ ᠵᠦᠢᠯ ᠦᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠦᠵᠡᠮᠵᠢ ᠢᠢᠨ ᠣᠷᠣᠨ ᠤ ᠤᠷᠤᠭᠰᠢᠲᠠᠶ ᠡᠭᠦᠳᠡ ᠪᠡᠨ ᠨᠡᠭᠡᠭᠡᠬᠦ ᠳᠦ ᠪᠠᠲᠤ ᠪᠠᠬᠢ ᠪᠠᠲᠤᠯᠠᠭ᠎ᠠ ᠬᠠᠩᠭᠠᠪᠠ᠃

︵ᠮᠸᠩ ᠰᠢᠶᠠᠩ ᠢᠦᠢ︶