ᠠᠷᠠᠳ ᠤᠨ ᠠᠮᠢᠳᠤᠷᠠᠯ ᠤᠨ ᠬᠦᠴᠢᠷ ᠢ ᠨᠢ ᠰᠶᠢᠳᠪᠦᠷᠢᠯᠡᠵᠤ ᠤᠷᠴᠢᠨ ᠨᠦᠬᠦᠴᠡᠯ ᠢ ᠨᠢ ᠰᠠᠶᠢᠵᠢᠷᠠᠭᠤᠯᠤᠯ᠎ᠠ

 ᠄ 2026-03-13 10:24:56

ᠠᠷᠠᠳ ᠤᠨ ᠠᠮᠢᠳᠤᠷᠠᠯ ᠤᠨ ᠠᠰᠢᠭ ᠲᠤᠰᠠ ᠵᠢ ᠪᠤᠳᠤᠯᠬᠢᠯᠠᠵᠤ᠂ ᠠᠷᠠᠳ ᠤᠨ ᠠᠮᠢᠳᠤᠷᠠᠯ ᠤᠨ ᠬᠦᠴᠢᠷ ᠢ ᠰᠶᠢᠳᠪᠦᠷᠢᠯᠡᠨ᠂ ᠬᠦᠭᠵᠢᠯᠳᠡ ᠵᠢᠨ ᠲᠤᠮᠳᠠ ᠠᠷᠠᠳ ᠤᠨ ᠠᠮᠢᠳᠤᠷᠠᠯ ᠤᠨ ᠲᠤᠲᠠᠭᠤᠳᠠᠯ ᠢ ᠨᠦᠬᠦᠪᠦᠷᠢᠯᠡᠬᠦ ᠪᠤᠯ ᠲᠤᠯᠭᠠᠮ᠎ᠠ ᠴᠢᠬᠤᠯᠠ ᠶᠠᠪᠤᠳᠠᠯ ᠪᠢᠯᠡ᠃ 2025 ᠣᠨ᠎ᠠ᠋ᠴᠠ ᠨᠠᠭᠠᠰᠢ ᠤᠲᠤᠭ ᠤᠨ ᠡᠮᠦᠨᠡᠳᠤ ᠬᠤᠰᠢᠭᠤᠨ ᠤ ᠪᠤᠷᠤᠪᠠᠯᠭᠠᠰᠤ ᠣᠯᠠᠨ ᠲᠦᠮᠡᠨ ᠦ᠌ ︽ᠪᠠᠴᠢᠮ ᠲᠤᠯᠭᠠᠮ᠎ᠠ ᠬᠦᠴᠢᠷᠳᠡᠯ ᠲᠠᠢ︾ ᠠᠰᠠᠭᠤᠳᠠᠯ ᠳ᠋ᠤ ᠠᠡᠭᠬᠠᠷᠤᠯ ᠵᠢᠡᠨ ᠲᠦᠪᠯᠡᠷᠡᠭᠦᠯᠵᠤ᠂ ︽ ᠠᠷᠠᠳ ᠤᠨ ᠠᠮᠢᠳᠤᠷᠠᠯ ᠤᠨ ᠭᠤᠷᠪᠠᠨ ᠶᠡᠬᠡ ᠪᠣᠳᠠᠲᠤ ᠶᠠᠪᠤᠳᠠᠯ ᠤ᠋ᠨ ᠲᠥᠷᠥᠯ ᠵᠤᠶᠢᠯ︾ ᠢ ᠬᠡᠷᠡᠭᠵᠢᠭᠦᠯᠤᠨ᠂ ᠠᠷᠠᠳ ᠤᠨ ᠠᠮᠢᠳᠤᠷᠠᠯ ᠳ᠋ᠤ ᠰᠠᠶᠢᠲᠤᠷ ᠦᠢᠯᠡᠴᠢᠯᠡᠵᠡᠢ᠃ ᠣᠳᠣᠬᠠᠨ ᠳ᠋ᠤ ︽ᠠᠷᠠᠳ ᠤᠨ ᠠᠮᠢᠳᠤᠷᠠᠯ ᠤᠨ ᠭᠤᠷᠪᠠᠨ ᠶᠡᠬᠡ ᠪᠣᠳᠠᠲᠤ ᠶᠠᠪᠤᠳᠠᠯ ᠤ᠋ᠨ ᠲᠥᠷᠥᠯ ᠵᠦᠢᠯ︾ ᠨᠢᠭᠡᠨᠲᠡ ᠲᠡᠭᠦᠰ ᠠᠮᠵᠢᠯᠲᠠ ᠲᠠᠢ ᠳᠠᠭᠤᠰᠴᠤ᠂ ᠤᠯᠠᠨ ᠲᠦᠮᠡᠨ ᠤ ᠠᠷᠠᠳ ᠤᠨ ᠠᠮᠢᠳᠤᠷᠠᠯ ᠵᠢᠨ ᠲᠠᠯ᠎ᠠ ᠪᠠᠷ ᠬᠢ ᠬᠠᠮᠤᠭ ᠡᠴᠡ ᠠᠡᠭᠬᠠᠷᠤᠯ ᠲᠠᠯᠪᠢᠵᠤ ᠪᠠᠶᠢᠬᠰᠠᠨ ᠠᠰᠠᠭᠤᠳᠠᠯ ᠤᠳ ᠢ ᠪᠦᠬᠦᠨ ᠢ ᠪᠦᠲᠦᠮᠵᠢᠳᠡᠢ ᠰᠶᠢᠳᠪᠦᠷᠢᠯᠡᠭᠰᠡᠨ ᠪᠠᠶᠢᠨ᠎ᠠ᠃

ᠮᠠᠯᠴᠢᠨ ᠲᠠᠷᠢᠶᠠᠴᠢᠨ ᠤ᠋ ᠶᠠᠪᠤᠵᠤ ᠰᠠᠭᠤᠬᠤ ᠳ᠋ᠤ ᠦᠢᠯᠡᠴᠢᠯᠡᠬᠦ᠂ ᠣᠷᠣᠨ ᠪᠦᠰᠡ ᠶ᠋ᠢᠨ ᠬᠠᠮᠵᠢᠯᠴᠠᠭ᠎ᠠ ᠶ᠋ᠢ ᠠᠬᠢᠭᠤᠯᠬᠤ ᠪᠠᠷ ᠬᠠᠷᠠᠯᠲᠠ ᠪᠣᠯᠭᠠᠵᠤ᠂ ᠪᠤᠷᠤᠪᠠᠯᠭᠠᠰᠤ ᠵᠢᠨ ᠬᠢᠨ ᠬᠦᠳᠡᠬᠡ ᠲᠣᠰᠬᠣᠨ ᠤ᠋ ᠨᠡᠶᠢᠲᠡ ᠶ᠋ᠢᠨ ᠮᠠᠰᠢᠨ ᠲᠡᠷᠭᠡᠨ ᠦ᠌ ᠠᠶᠠᠯᠠᠯ ᠤ᠋ᠨ ᠱᠤᠭᠤᠮ ᠢ ᠲᠦᠯᠦᠪᠯᠡᠨ ᠪᠦᠲᠦᠭᠡᠨ ᠪᠠᠶᠢᠭᠤᠯᠵᠤ᠂ ᠣᠯᠵᠠᠴᠢ ᠪᠠᠯᠭᠠᠰᠤ ︵S216 ︶᠂ ᠨᠠᠩᠰᠤ ᠪᠠᠯᠭᠠᠰᠤ ︵ᠪᠤᠷᠤᠪᠠᠯᠭᠠᠰᠤ ᠡᠴᠡ ᠨᠠᠡᠭᠰᠤ ᠬᠦᠷᠬᠦ ᠱᠤᠭᠤᠮ︶᠂ ᠪᠤᠷᠤᠪᠠᠯᠭᠠᠰᠤ ᠪᠠᠯᠭᠠᠰᠤ ︵ᠪᠤᠤᠪᠠᠯᠭᠠᠰᠤ ᠵᠢᠨ ᠭᠤᠷᠪᠠᠳᠤᠭᠠᠷ ᠱᠤᠭᠤᠮ ︶ ᠢ ᠬᠣᠯᠪᠣᠭᠰᠠᠨ ᠭᠤᠷᠪᠠᠨ ᠵᠤᠷᠪᠤᠰ ᠨᠡᠶᠢᠲᠡ ᠶ᠋ᠢᠨ ᠵᠠᠮ ᠬᠠᠷᠢᠯᠴᠠᠭᠠᠨ ᠤ᠋ ᠵᠠᠮ ᠱᠤᠭᠤᠮ ᠢ ᠲᠥᠯᠥᠪᠵᠢᠭᠦᠯᠦᠨ ᠪᠠᠶᠢᠷᠢᠯᠠᠭᠤᠯᠪᠠ᠃ ᠭᠤᠷᠪᠠᠨ ᠱᠤᠭᠤᠮ ᠤ᠋ᠨ ᠶᠡᠷᠦᠩᠬᠡᠢ ᠤᠷᠲᠤ ᠨᠢ 364 ᠺᠢᠯᠣᠮᠧᠲ᠋ᠷ ᠪᠠᠶᠢᠵᠤ᠂ ᠭᠤᠷᠪᠠᠨ ᠵᠤᠷᠪᠤᠰ ᠵᠠᠮ ᠱᠤᠭᠤᠮ ᠢ ᠡᠭᠡᠯᠵᠢᠯᠡᠨ ᠨᠡᠪᠲᠡᠷᠡᠭᠦᠯᠵᠤ᠂ ᠨᠡᠶᠢᠳᠡ ᠵᠢᠨ ᠮᠠᠰᠢᠨ ᠲᠡᠷᠭᠡ ᠭᠠᠷ ᠳᠠᠯᠠᠯᠪᠠᠯ ᠲᠡᠷᠡ ᠳᠠᠷᠤᠢ ᠳ᠋ᠤᠨᠢ ᠵᠣᠭᠰᠣᠵᠤ᠂ ᠰᠦᠢᠳᠭᠡᠯ ᠬᠤᠷᠢᠶᠠᠬᠤ ᠦᠭᠡᠢ ᠪᠡᠷ ᠠᠶᠠᠨᠴᠢᠨ ᠢ ᠲᠠᠲᠠᠨ᠂ 3 ᠲᠦᠮᠡ ᠭᠠᠷᠤᠢ ᠮᠠᠯᠴᠢᠨ ᠲᠠᠷᠢᠶᠠᠴᠢᠨ ᠲᠸ᠋ ᠦᠢᠴᠢᠯᠡᠵᠤ ᠪᠠᠶᠢᠨ᠎ᠠ᠃ 5 ᠰᠠᠷ᠎ᠠ ᠶ᠋ᠢᠨ 15 ᠤ᠋ ᠡᠳᠦᠷ ᠡᠴᠡ ᠵᠠᠮ ᠨᠡᠪᠲᠡᠷᠡᠭᠰᠡᠨ ᠡᠴᠡ ᠡᠬᠢᠯᠡᠨ ᠨᠡᠶᠢᠳᠡ ᠵᠢᠨ ᠮᠠᠰᠢᠨ ᠲᠡᠷᠭᠡᠨ ᠳ᠋ᠤ ᠡᠳᠦᠷ ᠳᠤᠮᠳᠠᠴᠢ ᠪᠠᠷ 40 ᠬᠥᠮᠦᠨ ᠤᠳᠠᠭ᠎ᠠ ᠰᠠᠭᠤᠵᠤ᠂ ᠮᠠᠯᠴᠢᠨ ᠲᠠᠷᠢᠶᠠᠴᠢᠨ ᠤ᠋ ᠶᠠᠪᠤᠵᠤ ᠰᠠᠭᠤᠬᠤ ᠳ᠋ᠤ ᠨᠡᠩ ᠳᠥᠭᠥᠮ ᠪᠤᠯᠵᠤ᠂ ᠭᠤᠷᠪᠠᠨ ᠭᠠᠵᠠᠷ ᠤ᠋ᠨ ᠬᠥᠮᠦᠰ ᠤᠨ ᠶᠠᠪᠤᠯᠴᠠᠭ᠎ᠠ ᠵᠢ ᠨᠢᠬᠳᠠᠷᠠᠭᠤᠯᠤᠨ᠂ ᠡᠳ᠋ ᠪᠣᠳᠠᠰ᠂ ᠮᠡᠳᠡᠭᠡ ᠵᠠᠩᠭᠢ ᠶ᠋ᠢᠨ ᠰᠤᠯᠢᠯᠴᠠᠭ᠎ᠠ ᠵᠢ ᠰᠢᠯᠤᠭᠤᠳᠬᠠᠨ ᠲᠦᠷᠭᠡᠳᠭᠡᠵᠦ᠂ ᠠᠵᠤ ᠦᠢᠯᠡᠰ ᠦ᠋ᠨ ᠬᠠᠮᠲᠤᠷᠠᠯᠴᠠᠭ᠎ᠠ᠂ ᠰᠣᠶᠣᠯ ᠤ᠋ᠨ ᠰᠣᠯᠢᠯᠴᠠᠭ᠎ᠠ ᠵᠢ ᠠᠬᠢᠭᠤᠯᠵᠤ᠂ ᠭᠤᠷᠪᠠᠨ ᠭᠠᠵᠠᠷ ᠤ᠋ᠨ ᠭᠠᠷ ᠬᠣᠯᠪᠣᠯᠴᠠᠨ ᠬᠠᠮᠲᠤ ᠪᠠᠷ ᠬᠥᠭ᠍ᠵᠢᠬᠦ ᠳ᠋ᠦ᠍ ᠬᠦᠴᠦᠨ ᠨᠡᠮᠡᠷᠢᠯᠡᠪᠡ᠃

ᠣᠳᠣ ᠦᠶ᠎ᠡ ᠶ᠋ᠢᠨ ᠮᠠᠯᠵᠢᠬᠤ ᠣᠷᠣᠨ ᠤ᠋ ᠮᠠᠯ ᠠᠵᠤ ᠠᠬᠤᠢ ᠶ᠋ᠢᠨ ᠮᠠᠰᠢᠨᠴᠢᠯᠠᠭᠰᠠᠨ ᠠᠷᠠᠴᠢᠯᠠᠯᠲᠠ ᠶ᠋ᠢᠨ ᠵᠠᠭᠪᠤᠷ  ᠢ ᠳᠡᠯᠭᠡᠷᠡᠭᠦᠯᠬᠦ ᠶ᠋ᠢᠨ ᠲᠥᠯᠥᠭᠡ᠂ ᠬᠣᠲᠠ ᠪᠠᠯᠭᠠᠰᠤ ᠨᠢ ᠪᠦᠷᠢᠨ ᠠᠦ᠋ᠲ᠋ᠴᠢᠯᠠᠭᠰᠠᠨ ᠣᠶᠤᠨᠴᠢ ᠲᠣᠣᠷ ᠤ᠋ᠨ ᠬᠦᠷᠢᠶ᠎ᠡ ᠬᠠᠰᠢᠶ᠎ᠠ ᠶ᠋ᠢ ᠤᠭᠰᠠᠷᠠᠬᠤ ᠲᠥᠷᠥᠯ ᠵᠦᠢᠯ ᠢ ᠬᠡᠷᠡᠭ᠍ᠵᠢᠭᠦᠯᠵᠦ᠂ ︽ᠮᠠᠯᠵᠢᠬᠤ ᠲᠠᠷᠢᠶᠠᠯᠠᠬᠤ ᠡᠷᠦᠬᠡ ᠥᠪᠡᠷᠲᠡᠭᠡᠨ ᠪᠡᠯᠡ ᠮᠦᠡᠭᠭᠦ ᠴᠤᠭᠯᠠᠭᠤᠯᠬᠤ + ᠵᠠᠰᠠᠭ ᠤ᠋ᠨ ᠣᠷᠳᠣᠨ ᠨᠥᠬᠥᠪᠥᠷᠢ ᠥᠭ᠍ᠬᠦ ︾ ᠵᠢ ᠤᠶᠠᠯᠳᠤᠭᠤᠯᠵᠤ᠂ ᠪᠦᠬᠦ ᠪᠠᠯᠭᠠᠰᠤ ᠶ᠋ᠢᠨ 15 ᠭᠠᠴᠠᠭᠠᠨ ᠤ᠋ 500 ᠮᠠᠯᠴᠢᠨ ᠲᠠᠷᠢᠶᠠᠴᠢᠨ ᠡᠷᠦᠬᠡ ᠳ᠋ᠤ ᠤᠶᠤᠨᠴᠢ ᠲᠣᠣᠷ ᠤ᠋ᠨ ᠬᠦᠷᠢᠶ᠎ᠡ ᠬᠠᠰᠢᠶ᠎ᠠ ᠶ᠋ᠢ ᠤᠭᠰᠠᠷᠠᠵᠡᠢ᠃ ᠣᠳᠣ ᠦᠶ᠎ᠡ ᠶ᠋ᠢᠨ ᠮᠠᠯᠵᠢᠬᠤ ᠣᠷᠣᠨ ᠤ᠋ ᠮᠠᠯ ᠠᠵᠤ ᠠᠬᠤᠢ ᠶ᠋ᠢᠨ ᠮᠠᠰᠢᠨᠴᠢᠯᠠᠭᠰᠠᠨ ᠠᠷᠠᠴᠢᠯᠠᠯᠲᠠ ᠶ᠋ᠢᠨ ᠵᠠᠭᠪᠤᠷ ᠨᠢ ᠮᠠᠯᠵᠢᠬᠤ ᠣᠷᠣᠨ ᠤ᠋ ᠦᠢᠯᠡᠳᠪᠦᠷᠢᠯᠡᠯ ᠦ᠋ᠨ ᠦᠷ᠎ᠡ ᠪᠦᠲᠦᠮᠵᠢ ᠶ᠋ᠢ ᠳᠡᠭᠡᠭ᠍ᠰᠢᠯᠡᠭᠦᠯᠦᠭ᠍ᠰᠡᠨ ᠵᠢᠡᠷ ᠪᠠᠷᠠᠬᠤ ᠦᠭᠡᠢ ᠮᠠᠯᠴᠢᠨ ᠲᠠᠷᠢᠶᠠᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠡᠴᠡ ᠣᠯᠭᠣᠭᠰᠠᠨ ᠠᠮᠢᠳᠤᠷᠠᠯ ᠤ᠋ᠨ ᠰᠢᠨ᠎ᠡ ᠬᠤᠪᠢᠷᠠᠯᠲᠠ ᠶ᠋ᠢ ᠦᠨᠡᠨ ᠬᠦ ᠡᠳ᠋ᠯᠡᠭᠦᠯᠵᠦ᠂ ᠣᠳᠣ ᠦᠶ᠎ᠡ ᠶ᠋ᠢᠨ ᠮᠠᠯ ᠠᠵᠤ ᠠᠬᠤᠢ ᠶ᠋ᠢᠨ ᠬᠥᠭ᠍ᠵᠢᠯᠲᠡ ᠳ᠋ᠦ᠍ ᠰᠢᠨᠵᠢᠯᠡᠬᠦ ᠤᠬᠠᠭᠠᠨ  ᠤ ᠬᠥᠳᠡᠯᠭᠡᠭ᠍ᠴᠢ ᠬᠦᠴᠦᠨ ᠣᠯᠭᠣᠭᠰᠠᠨ ᠪᠠᠶᠢᠨ᠎ᠠ ᠃

ᠲᠤᠸᠠᠨ ᠵᠢᠶᠸ ᠬᠤᠸᠠ ᠹᠦ ᠰᠠᠭᠤᠭᠠᠯᠢ ᠲᠣᠭᠣᠷᠢᠭ ᠤ᠋ᠨ ᠠᠮᠤᠷ ᠲᠦᠪᠰᠢᠨ ᠦ᠌ ᠭᠡᠮ ᠰᠣᠭᠣᠭ ᠤᠨ ᠠᠰᠠᠭᠤᠳᠠᠯ ᠳ᠋ᠤ ᠴᠢᠭ᠍ᠯᠡᠭᠦᠯᠦᠨ᠂ ᠪᠤᠷᠤᠪᠠᠯᠭᠠᠰᠤ ᠪᠠᠯᠭᠠᠰᠤ ᠰᠠᠭᠤᠭᠠᠯᠢ ᠲᠣᠭᠣᠷᠢᠭ ᠤ᠋ᠨ ᠠᠮᠤᠷ ᠲᠦᠪᠰᠢᠨ ᠦ᠌ ᠰᠡᠷᠭᠡᠶᠢᠯᠡᠯᠲᠡ ᠶ᠋ᠢᠨ ᠢᠨᠵᠧᠨᠧᠷᠢᠩ ᠦ᠋ᠨ ᠳᠡᠰ ᠳᠡᠪᠰᠢᠬᠦ ᠶ᠋ᠢ ᠠᠬᠢᠭᠤᠯᠤᠬᠰᠠᠨ ᠪᠠᠶᠢᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠴᠢᠭ ᠲᠠᠯᠪᠢᠵᠤ᠂ 60 ᠰᠠᠭᠤᠷᠢ ᠥᠨᠳᠥᠷ ᠲᠤᠲᠤᠴᠠᠳᠤ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶ᠋ᠢᠨ ᠮᠠᠰᠢᠨ ᠢ ᠰᠠᠭᠤᠭᠠᠯᠢ ᠲᠣᠭᠣᠷᠢᠭ ᠤ᠋ᠨ ᠣᠷᠣᠬᠤ ᠡᠭᠦᠳᠡ ᠂ ᠭᠣᠣᠯ ᠵᠠᠮ ᠂ ᠠᠰᠠᠷ ᠤ᠋ᠨ ᠡᠭᠦᠳᠡ᠂ ᠲᠡᠷᠭᠡᠨ ᠵᠣᠭᠰᠣᠭᠠᠯ ᠵᠡᠷᠭᠡ ᠵᠠᠡᠭᠭᠢᠯᠠᠭ᠎ᠠ ᠵᠢᠨ ᠴᠢᠭ ᠲᠸ᠋ ᠨᠠᠷᠢᠯᠢᠭ ᠤᠭᠰᠠᠷᠠᠵᠤ᠂ ᠰᠠᠭᠤᠭᠠᠯᠢ ᠠᠷᠠᠳ ᠤ᠋ᠨ ᠠᠮᠤᠷ ᠲᠦᠪᠰᠢᠨ ᠢ ᠪᠠᠳᠤᠯᠠᠪᠠ᠃ ᠤᠶᠢᠯᠠᠭᠠᠬᠰᠠᠨ ᠵᠢᠡᠷ᠂ ᠥᠨᠳᠥᠷ ᠲᠤᠲᠤᠴᠠᠳᠤ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶ᠋ᠢᠨ ᠮᠠᠰᠢᠨ ᠢ ᠤᠬᠰᠠᠷᠠᠬᠰᠠᠨ ᠤ᠋ ᠳᠠᠷᠠᠭ᠎ᠠ ᠲᠤᠰ ᠰᠠᠭᠤᠭᠠᠯᠢ ᠲᠣᠭᠣᠷᠢᠭ ᠤᠨ ᠣᠯᠠᠨ ᠨᠡᠶᠢᠲᠡ ᠶ᠋ᠢᠨ ᠲᠤᠨᠤᠭ ᠲᠥᠬᠥᠭᠡᠷᠦᠮᠵᠢ ᠶ᠋ᠢ ᠬᠤᠯᠠᠭᠠᠶᠢᠯᠠᠵᠤ ᠡᠪᠳᠡᠬᠦ ᠵᠡᠷᠭᠡ ᠬᠠᠤᠯᠢ᠎ ᠡᠴᠡ ᠵᠥᠷᠢᠴᠡᠭ᠍ᠰᠡᠨ ᠠᠵᠢᠯᠯᠠᠭ᠎ᠠ ᠵᠢᠨ ᠡᠭᠦᠰᠬᠦ ᠨᠣᠷᠮ᠎ᠠ ᠢᠯᠡᠳᠲᠡ ᠪᠠᠭᠤᠷᠠᠵᠠᠢ᠃

ᠠᠷᠠᠳ ᠤ᠋ᠨ ᠠᠮᠢᠳᠤᠷᠠᠯ ᠳ᠋ᠤ ᠪᠠᠭ᠎ᠠ ᠶᠠᠪᠤᠳᠠᠯ ᠦᠭᠡᠢ᠃ ᠳᠠᠷᠠᠭ᠎ᠠ ᠠᠯᠬᠤᠮ ᠳ᠋ᠤ ᠪᠤᠷᠤᠪᠠᠯᠭᠠᠰᠤ ᠵᠢᠨ ᠬᠢᠨ ᠦᠷᠭᠦᠯᠵᠢᠯᠡᠨ ᠣᠯᠠᠨ ᠲᠦᠮᠡᠨ ᠦ᠌ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠠᠷᠠᠳ ᠤ᠋ᠨ ᠠᠮᠢᠳᠤᠷᠠᠯ ᠤ᠋ᠨ ᠲᠥᠷᠥᠯ ᠵᠦᠢᠯ ᠢ ᠲᠦᠯᠦᠪᠯᠡᠨ ᠬᠡᠷᠡᠭᠵᠢᠭᠦᠯᠵᠤ᠂ ᠠᠷᠠᠳ ᠲᠤ ᠠᠰᠢᠭ ᠬᠦᠷᠲᠡᠭᠡᠬᠦ ᠨᠡᠩ ᠣᠯᠠᠨ ᠠᠷᠭ᠎ᠠ ᠬᠡᠮᠵᠢᠶ᠎ᠡ ᠶ᠋ᠢ ᠪᠣᠳᠠᠲᠠᠢ ᠳ᠋ᠤ ᠨᠠᠶᠢᠳᠠᠪᠤᠷᠢᠵᠢᠭᠤᠯᠬᠤ ᠶ᠋ᠢ ᠠᠬᠢᠭᠤᠯᠵᠤ᠂ ᠠᠷᠠᠳ ᠤᠨ ᠠᠮᠢᠳᠤᠷᠠᠯ ᠳ᠋ᠤ ᠬᠤᠯᠪᠤᠬᠳᠠᠬᠰᠠᠨ ᠬᠠᠮᠢᠶ᠎ᠠ ᠪᠦᠬᠦᠢ ᠠᠰᠠᠭᠤᠳᠠᠯ ᠢ ᠰᠶᠢᠳᠪᠦᠷᠢᠯᠡᠬᠦ ᠪᠠᠷ ᠴᠢᠷᠮᠠᠶᠢᠵᠤ᠂ ᠨᠡᠡᠭ ᠤᠨᠤᠪᠴᠢᠳᠠᠢ ᠮᠦᠷᠲᠡᠭᠡᠨ ᠪᠦᠬᠦ ᠲᠠᠯ᠎ᠠ ᠪᠠᠷ ᠠᠷᠠᠳ ᠤᠨ ᠠᠮᠢᠳᠤᠷᠠᠯ ᠤᠨ ︽ᠲᠤᠳᠠᠭᠤᠳᠠᠯ︾ ᠢ ᠨᠦᠬᠦᠪᠦᠷᠢᠯᠡᠬᠦ ᠪᠠᠷ ᠴᠢᠷᠮᠠᠶᠢᠵᠤ ᠪᠠᠶᠢᠨ᠎ᠠ᠃