ᠪᠠᠶᠢᠴᠠᠭᠠᠬᠤ ᠠᠵᠢᠯ ᠤᠨ ᠦᠷ᠎ᠠ ᠪᠦᠲᠦᠮᠵᠢ ᠪᠡᠷ ᠬᠠᠤᠯᠢ ᠴᠠᠭᠠᠵᠠ ᠵᠢᠨ ᠢᠳᠡᠬᠡᠬᠦᠯᠬᠦ ᠬᠦᠴᠦᠨ ᠢ ᠠᠬᠢᠭᠤᠯᠤᠨ᠎ᠠ

 ᠄ 2024-10-14 10:28:34

    ᠬᠠᠤᠯᠢ ᠴᠠᠭᠠᠵᠠ ᠵᠢᠨ ᠢᠳᠡᠬᠡᠬᠦᠯᠬᠦ ᠬᠦᠴᠦᠨ ᠪᠤᠯ ᠨᠡᠶᠢᠬᠡᠮ ᠤᠨ ᠢᠳᠡᠬᠡᠮᠵᠢ ᠵᠢᠨ ᠲᠤᠭᠳᠠᠯᠴᠠᠭᠠᠨ ᠤ ᠪᠠᠶᠢᠭᠤᠯᠤᠯᠳᠠ ᠵᠢᠨ ᠪᠠᠳᠤᠯᠠᠭ᠎ᠠ ᠪᠤᠯᠬᠤ ᠪᠡᠷ ᠪᠠᠷᠠᠬᠤ ᠦᠬᠡᠢ᠂ ᠨᠡᠡᠭ ᠴᠸ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤᠨ ᠤ ᠰᠠᠭᠤᠷᠢ ᠪᠤᠯᠬᠤ ᠶᠤᠮ᠃ ᠦᠨᠡᠨᠴᠢ ᠢᠳᠡᠬᠡᠮᠵᠢᠳᠦ ᠪᠠᠶᠢᠭᠤᠯᠤᠯᠳᠠ ᠵᠢᠨ ᠢᠨᠵᠸᠨ᠋ᠸᠷᠢᠡᠭ  ᠢ ᠠᠬᠢᠭᠤᠯᠤᠨ ᠬᠠᠤᠯᠢ ᠬᠡᠷᠡᠭᠵᠢᠬᠦᠯᠬᠦ ᠨᠡᠶᠢᠳᠡ ᠵᠢᠨ ᠢᠳᠡᠬᠡᠮᠵᠢᠳᠦ ᠪᠠᠶᠢᠭᠤᠯᠤᠯᠳᠠ ᠵᠢᠨ ᠴᠢᠨᠠᠷ ᠢ ᠲᠡᠭᠡᠭᠰᠢᠯᠡᠬᠦᠯᠵᠦ᠂ ᠠᠷᠠᠳ ᠤᠯᠠᠨ ᠤ ᠬᠠᠤᠯᠢ ᠪᠡᠷ ᠵᠠᠰᠠᠬᠤ ᠦᠵᠡᠯ ᠤᠬᠠᠮᠰᠠᠷ ᠪᠠ ᠤᠯᠠᠨ ᠲᠦᠮᠡᠨ ᠵᠢᠡᠷ ᠭᠤᠤᠯ ᠪᠤᠯᠭᠠᠬᠤ ᠬᠦᠭᠵᠢᠯᠳᠡ ᠵᠢᠨ ᠤᠶᠢᠯᠠᠭᠠᠭᠳᠠᠬᠤᠨ ᠢ ᠦᠢᠯᠡᠳᠦᠯᠬᠡᠵᠢᠬᠦᠯᠵᠦ᠂ ᠦᠦᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠳᠡᠰ ᠨᠢ ᠬᠠᠤᠯᠢ ᠪᠡᠷ ᠵᠠᠰᠠᠬᠤ ᠵᠤᠷᠢᠭ ᠰᠠᠨᠠᠭ᠎ᠠ ᠵᠢ ᠪᠠᠳᠠᠷᠠᠭᠤᠯᠵᠤ᠂ ᠰᠠᠬᠢᠯᠭ᠎ᠠ ᠪᠠᠳᠤ ᠬᠠᠤᠯᠢ ᠴᠠᠭᠠᠵᠠ ᠵᠢᠨ ᠤᠬᠠᠮᠰᠠᠷ ᠢ ᠴᠢᠠᠡᠭᠭᠠᠳᠬᠠᠨ ᠬᠠᠤᠯᠢ ᠴᠠᠭᠠᠵᠠ ᠵᠢ ᠢᠯᠡ ᠬᠡᠷᠡᠭᠵᠢᠬᠦᠯᠵᠦ᠂ ᠬᠡᠷᠡᠭ ᠪᠤᠯᠭᠠᠨ  ᠢ ᠲᠦᠪ ᠭᠤᠤᠯᠴᠢ ᠰᠶᠢᠳᠪᠦᠷᠢᠯᠡᠵᠦ᠂ ᠦᠨᠡᠨᠴᠢ ᠢᠳᠡᠬᠡᠮᠵᠢᠳᠡᠢ ᠪᠠᠶᠢᠬᠤ ᠵᠢ ᠪᠠᠳᠤᠯᠠᠭᠰᠠᠭᠠᠷ ᠢᠷᠡᠪᠡ᠃

    ᠢᠳᠡᠬᠡᠮᠵᠢᠳᠦ ᠪᠠᠶᠢᠭᠤᠯᠤᠯᠳᠠ ᠪᠡᠷ ᠤᠳᠤᠷᠢᠳᠤᠮᠵᠢ ᠪᠤᠯᠭᠠᠵᠤ ᠪᠠᠶᠢᠴᠠᠭᠠᠬᠤ ᠪᠠᠶᠢᠭᠤᠯᠭ᠎ᠠ ᠵᠢᠨ ᠲᠤᠰᠢᠶᠠᠯ ᠬᠠᠷᠢᠭᠤᠴᠠᠯᠭ᠎ᠠ ᠵᠢ ᠴᠢᠡᠭᠭ᠎ᠠ ᠨᠠᠶᠢᠳᠠᠪᠤᠷᠢᠵᠢᠭᠤᠯᠪᠠ᠃ ᠭᠤᠤᠯᠳᠠᠯᠭ᠎ᠠ ᠲᠠᠢ ᠬᠦᠷᠢᠶ᠎ᠠ ᠬᠡᠪᠴᠢᠶᠡᠨ ᠳᠤ ᠪᠠᠶᠢᠴᠠᠭᠠᠬᠤ ᠠᠵᠢᠯ ᠵᠢᠡᠷ︽ᠠᠷᠠᠳ ᠤᠨ ᠠᠮᠢᠳᠤᠷᠠᠯ ᠢ ᠬᠠᠮᠠᠭᠠᠯᠠᠬᠤ︾ᠵᠢ ᠠᠬᠢᠭᠤᠯᠪᠠ᠃ ᠤᠯᠠᠨ ᠲᠦᠮᠡᠨ ᠤ︽ᠪᠠᠴᠢᠮᠳᠠᠵᠤ ᠪᠡᠷᠬᠡᠳᠡᠵᠦ︾ᠪᠠᠶᠢᠭ᠎ᠠ ᠠᠰᠠᠭᠤᠳᠠᠯ ᠳᠤ ᠠᠡᠭᠬᠠᠷᠤᠯ ᠵᠢᠠᠨ ᠲᠦᠪᠯᠡᠷᠡᠬᠦᠯᠵᠦ᠂ ᠠᠯᠪᠠᠨ ᠵᠠᠭᠠᠯᠳᠤᠯᠭ᠎ᠠ ᠪᠡᠷ ᠬᠦᠯᠦᠰᠦᠨ ᠠᠵᠢᠯᠴᠢᠨ᠂ ᠨᠠᠰᠤᠳᠠᠶᠢᠴᠤᠳ᠂ ᠡᠮᠡᠭᠳᠡᠶᠢᠴᠤᠳ ᠵᠡᠷᠬᠡ ᠪᠠᠭᠤᠷᠠᠶᠢᠴᠤᠤᠯ ᠢ ᠬᠠᠪᠰᠤᠷᠤᠨ ᠬᠠᠤᠯᠢ ᠶᠤᠰᠤᠭᠠᠷ ᠲᠡᠲᠡᠨ ᠤ ᠡᠷᠬᠡ ᠠᠰᠢᠭ ᠢ ᠨᠢ ᠬᠠᠮᠠᠭᠠᠯᠠᠵᠤ᠂ ᠬᠤᠰᠢᠭᠤᠨ ᠤ ᠴᠠᠯᠢᠡᠭ ᠦᠷᠢᠳᠦᠭᠰᠡᠨ  ᠢ ᠵᠤᠬᠢᠴᠠᠭᠤᠯᠬᠤ ᠬᠤᠷᠠᠯ ᠳᠤ 1 ᠤᠳᠠᠭ᠎ᠠ ᠤᠷᠤᠯᠴᠠᠵᠤ᠂ ᠬᠦᠯᠦᠰᠦᠨ ᠠᠵᠢᠯᠴᠢᠨ ᠢ ᠬᠠᠪᠰᠤᠷᠤᠨ 20 ᠭᠠᠷᠤᠢ ᠲᠦᠮᠡᠨ ᠲᠦᠬᠦᠷᠢᠭ ᠤᠨ ᠬᠦᠯᠦᠰᠦ ᠮᠦᠡᠭᠭᠦ ᠵᠢ ᠨᠢ ᠤᠯᠭᠤᠵᠤ᠂ ᠬᠤᠰᠢᠭᠤ ᠰᠢᠬᠦᠬᠦ ᠬᠤᠰᠢᠶ᠎ᠠ ᠪᠠ ᠬᠦᠳᠡᠯᠮᠦᠷᠢ ᠠᠵᠢᠯᠳᠠᠨ ᠤ ᠲᠤᠪᠴᠢᠶ᠎ᠠ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠠᠷᠠᠳ ᠤᠨ ᠠᠮᠢᠳᠤᠷᠠᠯ ᠠᠰᠢᠭ ᠲᠤᠰᠠ ᠵᠢ ᠬᠠᠮᠠᠭᠠᠯᠠᠬᠤ ᠨᠢᠬᠡᠳᠦᠮᠡᠯ ᠬᠦᠴᠦᠨ ᠢ ᠪᠦᠷᠢᠳᠦᠬᠦᠯᠪᠡ᠃ ᠮᠠᠰᠢᠨ ᠲᠡᠷᠬᠡᠨ ᠤ ᠠᠶᠤᠯ ᠬᠡᠨᠡᠳᠡᠯ ᠤᠨ ᠬᠡᠷᠡᠭ᠂ ᠡᠮ ᠡᠮᠨᠡᠯᠬᠡ ᠵᠢᠨ ᠲᠠᠭᠠᠳᠬᠠᠯ ᠲᠠᠢ ᠬᠤᠯᠪᠤᠭᠳᠠᠭᠰᠠᠨ ᠬᠡᠷᠡᠭ᠂ ᠬᠦᠢᠴᠡᠳᠬᠡᠯᠳᠡ ᠵᠢ ᠬᠦᠯᠢᠶᠡᠬᠦ ᠦᠬᠡᠢ ᠵᠡᠷᠬᠡ ᠬᠡᠷᠡᠭ ᠲᠸ᠋ ᠲᠤᠰᠬᠠᠢ ᠬᠢᠨᠠᠯᠳᠠ ᠲᠠᠯᠪᠢᠵᠤ᠂ ᠰᠢᠬᠦᠬᠦ ᠬᠤᠷᠢᠶ᠎ᠠ ᠡᠴᠡ ᠬᠤᠯᠪᠤᠭᠳᠠᠯ ᠪᠦᠬᠦᠢ ᠬᠡᠷᠡᠭ ᠤᠨ ᠡᠪᠬᠡᠮᠡᠯ ᠢ 200 ᠭᠠᠷᠤᠢ ᠰᠢᠯᠵᠢᠬᠦᠯᠦᠨ ᠠᠪᠴᠢᠷᠠᠵᠤ ᠪᠠᠶᠢᠴᠠᠭᠠᠪᠠ᠃

     ᠢᠳᠡᠬᠡᠮᠵᠢᠳᠦ ᠪᠠᠶᠢᠭᠤᠯᠤᠯᠳᠠ ᠪᠡᠷ ᠭᠤᠤᠯᠳᠠᠯᠭ᠎ᠠ ᠪᠤᠯᠭᠠᠨ ᠪᠠᠶᠢᠴᠠᠭᠠᠬᠤ ᠠᠵᠢᠯ ᠤᠨ ᠬᠡᠷᠡᠴᠢᠯᠡᠬᠡ ᠰᠤᠨᠤᠰᠬᠤ ᠠᠵᠢᠯ ᠢ ᠰᠠᠶᠢᠳᠤᠷ ᠬᠢᠪᠡ᠃ ᠪᠠᠶᠢᠴᠠᠭᠠᠬᠤ ᠠᠵᠢᠯ ᠤᠨ ᠬᠡᠷᠡᠴᠢᠯᠡᠬᠡ ᠰᠤᠨᠤᠰᠬᠤ ᠪᠤᠯ ᠪᠠᠶᠢᠴᠠᠭᠠᠬᠤ ᠠᠵᠢᠯ ᠵᠢᠡᠷ ᠬᠡᠷᠡᠭ ᠰᠶᠢᠳᠪᠦᠷᠢᠯᠡᠬᠦ ᠵᠢ ᠢᠯᠡ ᠪᠠᠶᠢᠯᠭᠠᠬᠤ ᠪᠦᠲᠦᠮᠵᠢᠳᠠᠢ ᠠᠷᠭ᠎ᠠ ᠮᠦᠨ᠃︽ᠤᠳᠤᠷᠢᠳᠤᠯᠭ᠎ᠠ ᠬᠡᠷᠡᠭ ᠢ ᠲᠠᠭᠠᠭᠠᠴᠢᠯᠠᠬᠤ + ᠬᠠᠤᠯᠢ ᠪᠡᠷ ᠲᠠᠶᠢᠯᠪᠤᠷᠢᠯᠠᠬᠤ + ᠬᠡᠷᠡᠴᠢᠯᠡᠬᠡ ᠰᠤᠨᠤᠰᠬᠤ︾ᠵᠡᠷᠬᠡ ᠠᠷᠭ᠎ᠠ ᠬᠡᠯᠪᠡᠷᠢ ᠪᠡᠷ ᠲᠠᠮᠵᠢᠨ ᠪᠠᠶᠢᠴᠠᠭᠠᠬᠤ ᠠᠵᠢᠯ ᠤᠨ ᠬᠡᠷᠡᠴᠢᠯᠡᠬᠡ ᠰᠤᠨᠤᠰᠬᠤ ᠠᠵᠢᠯ ᠢ ᠦᠷᠨᠢᠬᠦᠯᠵᠦ᠂ ᠤᠯᠠᠨ ᠲᠦᠮᠡᠨ ᠳᠤ ᠦᠵᠡᠬᠦᠯᠵᠦ ᠰᠤᠨᠤᠰᠬᠠᠵᠤ᠂ ᠬᠡᠷᠡᠭ ᠤᠨ ᠪᠤᠳᠠᠳᠤ ᠶᠠᠪᠤᠳᠠᠯ ᠪᠠ ᠮᠠᠷᠭᠤᠯᠳᠤᠭᠠᠨ ᠤ ᠲᠦᠪᠯᠡᠷᠡᠯ ᠤᠨ ᠴᠡᠭ ᠢ ᠨᠠᠷᠢᠨ ᠲᠤᠲᠤᠷᠬᠠᠢ ᠶᠠᠷᠢᠵᠤ᠂ ᠰᠶᠢᠳᠪᠦᠷᠢᠯᠡᠬᠦ ᠲᠤᠭᠳᠠᠭᠠᠯ ᠪᠠ ᠬᠠᠤᠯᠢ ᠴᠠᠭᠠᠵᠠ ᠵᠢᠨ ᠦᠨᠳᠦᠰᠦ ᠪᠠᠷᠢᠮᠳᠠ ᠵᠢ ᠲᠤᠲᠤᠷᠬᠠᠶᠢᠯᠠᠪᠠ᠃ ᠬᠠᠤᠯᠢ ᠴᠠᠭᠠᠵᠠ᠂ ᠶᠤᠰᠤ ᠤᠴᠢᠷ᠂ ᠬᠠᠶᠢᠷ᠎ᠠ ᠰᠡᠳᠬᠢᠯ ᠢ ᠨᠢᠬᠡ ᠴᠤᠭᠴᠠᠵᠢᠭᠤᠯᠵᠤ᠂ ᠪᠠᠶᠢᠴᠠᠭᠠᠬᠤ ᠠᠵᠢᠯ ᠤᠨ ᠬᠠᠤᠯᠢ ᠴᠠᠭᠠᠵᠠ ᠵᠢᠨ ᠢᠳᠡᠬᠡᠬᠦᠯᠬᠦ ᠬᠦᠴᠦᠨ ᠢ ᠢᠯᠡᠷᠡᠬᠦᠯᠪᠡ᠃ ᠤᠳᠤ ᠪᠤᠯᠳᠠᠯ᠎ᠠ ᠬᠤᠶᠠᠳᠤᠭᠠᠷ ᠪᠠᠶᠢᠴᠠᠭᠠᠬᠤ ᠬᠡᠯᠳᠡᠰ ᠨᠢ 8 ᠤᠳᠠᠭ᠎ᠠ ᠬᠡᠷᠡᠴᠢᠯᠡᠬᠡ ᠰᠤᠨᠤᠰᠬᠤ ᠬᠤᠷᠠᠯ ᠢ ᠬᠢᠵᠦ᠂ ᠠᠷᠠᠳ ᠡᠴᠡ ᠬᠢᠨᠠᠯᠳᠠ ᠲᠠᠯᠪᠢᠭᠴᠢ 8 ᠬᠦᠮᠦᠨ᠂ ᠰᠠᠨᠠᠯ ᠰᠤᠨᠤᠰᠤᠭᠴᠢ 16 ᠬᠦᠮᠦᠨ ᠢ ᠤᠷᠢᠵᠤ ᠤᠷᠤᠯᠴᠠᠭᠤᠯᠪᠠ᠃

     ᠢᠳᠡᠬᠡᠬᠦᠯᠬᠦ ᠪᠡᠷ ᠰᠠᠭᠤᠷᠢ ᠪᠤᠯᠭᠠᠵᠤ ᠮᠡᠳᠡᠬᠡ ᠵᠠᠡᠭᠭᠢ ᠵᠢᠨ ᠤᠬᠠᠭᠤᠯᠭ᠎ᠠ ᠪᠠ ᠬᠠᠤᠯᠢ ᠴᠠᠭᠠᠵᠠ ᠵᠢᠨ ᠶᠡᠷᠦ ᠵᠢᠨ ᠮᠡᠳᠡᠯᠬᠡ ᠵᠢ ᠲᠦᠬᠡᠮᠡᠯᠵᠢᠬᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠳᠡᠢ ᠦᠷᠨᠢᠬᠦᠯᠪᠡ᠃ ᠮᠡᠳᠡᠬᠡ ᠵᠠᠡᠭᠭᠢ ᠵᠢᠨ ᠤᠬᠠᠭᠤᠯᠭ᠎ᠠ ᠪᠤᠯ ᠤᠯᠠᠨ ᠢ ᠢᠳᠡᠬᠡᠬᠦᠯᠬᠦ ᠬᠦᠴᠦᠨ ᠢ ᠲᠡᠭᠡᠭᠰᠢᠯᠡᠬᠦᠯᠬᠦ ᠴᠢᠬᠤᠯᠠ ᠲᠦᠯᠬᠢᠭᠴᠢ ᠬᠦᠴᠦᠨ ᠮᠦᠨ᠃ ᠪᠠᠶᠢᠴᠠᠭᠠᠬᠤ ᠠᠵᠢᠯ ᠤᠨ ᠲᠤᠮᠳᠠ ᠤᠳᠤ ᠵᠢᠨ ᠪᠦᠲᠦᠬᠡᠨ ᠪᠠᠶᠢᠭᠤᠯᠤᠯᠳᠠ ᠵᠢᠨ ᠦᠷ᠎ᠠ ᠪᠦᠲᠦᠬᠡᠯ ᠳᠡᠬᠡᠨ ᠲᠦᠰᠢᠭᠯᠡᠨ ︽ᠪᠢᠴᠢᠯ ᠪᠦᠷᠬᠡ︾ ᠵᠡᠷᠬᠡ ᠰᠢᠨ᠎ᠠ ᠵᠠᠭᠤᠴᠢᠯᠠᠭᠤᠷ ᠤᠨ ᠲᠠᠪᠴᠡᠡᠭ ᠢ ᠬᠦᠢᠴᠡᠳ ᠠᠰᠢᠭᠯᠠᠨ ᠪᠠᠶᠢᠴᠠᠭᠠᠬᠤ ᠬᠤᠷᠢᠶᠠᠨ ᠤ ᠠᠵᠢᠯ ᠤᠨ ᠰᠢᠨ᠎ᠠ ᠠᠬᠢᠴᠠ᠂ ᠰᠢᠨ᠎ᠠ ᠬᠢᠯᠠᠰ ᠴᠡᠭ ᠢ ᠤᠬᠠᠭᠤᠯᠵᠤ᠂ ᠤᠯᠠᠨ ᠲᠦᠮᠡᠨ ᠤ ᠰᠡᠳᠬᠢᠯ ᠬᠠᠨᠤᠮᠵᠢᠳᠠᠢ ᠪᠡᠶᠢᠬᠤ ᠬᠡᠮᠵᠢᠶ᠎ᠠ ᠪᠠ ᠬᠠᠤᠯᠢ ᠴᠠᠭᠠᠵᠠ ᠪᠡᠷ ᠤᠯᠠᠨ ᠢ ᠢᠳᠡᠬᠡᠬᠦᠯᠬᠦ ᠬᠦᠴᠦᠨ ᠢ ᠪᠦᠲᠦᠮᠵᠢᠳᠡᠢ ᠪᠡᠷ ᠲᠡᠭᠡᠭᠰᠢᠯᠡᠬᠦᠯᠪᠡ᠃ ᠡᠬᠦᠨ ᠤ ᠵᠡᠷᠬᠡ ᠪᠡᠷ ᠬᠠᠤᠯᠢ ᠴᠠᠭᠠᠵᠠ ᠵᠢ ᠲᠦᠬᠡᠮᠡᠯᠵᠢᠬᠦᠯᠬᠦ ᠠᠵᠢᠯᠯᠠᠭ᠎ᠠ ᠵᠢ ᠦᠷᠬᠡᠨ ᠵᠢᠡᠷ ᠦᠷᠨᠢᠬᠦᠯᠵᠦ᠂ ᠤᠬᠠᠭᠤᠯᠭ᠎ᠠ ᠵᠢᠨ ᠤᠷᠢᠶ᠎ᠠ ᠨᠠᠭᠠᠬᠤ᠂ ᠬᠡᠷᠡᠭ ᠵᠢᠡᠷ ᠬᠠᠤᠯᠢ ᠵᠢ ᠲᠠᠶᠢᠯᠪᠤᠷᠢᠯᠠᠬᠤ᠂ ᠱᠠᠡᠭᠨᠠᠯ ᠲᠠᠢ ᠠᠰᠠᠭᠤᠯᠳᠠ ᠬᠠᠷᠢᠭᠤᠯᠳᠠ ᠵᠢᠨ ᠤᠷᠤᠯᠳᠤᠭᠠᠨ ᠦᠷᠨᠢᠬᠦᠯᠬᠦ᠂ ᠤᠬᠠᠭᠤᠯᠭ᠎ᠠ ᠵᠢᠨ ᠲᠡᠪᠳᠡᠷ ᠲᠠᠷᠬᠠᠭᠠᠬᠤ ᠵᠡᠷᠬᠡ ᠤᠯᠠᠨ ᠵᠦᠢᠯ ᠤᠨ ᠬᠡᠯᠪᠡᠷᠢ ᠪᠡᠷ ᠲᠠᠮᠵᠢᠨ᠂ ᠬᠠᠮᠢᠶ᠎ᠠ ᠪᠦᠬᠦᠢ ᠬᠠᠤᠯᠢ ᠴᠠᠭᠠᠵᠠ ᠵᠢᠨ ᠮᠡᠳᠡᠯᠬᠡ ᠵᠢᠴᠢ ᠪᠠᠶᠢᠴᠠᠭᠠᠬᠤ ᠪᠠᠶᠢᠭᠤᠯᠭ᠎ᠠ ᠵᠢᠨ ᠠᠵᠢᠯ ᠤᠨ ᠡᠬᠦᠷᠬᠡ ᠴᠢᠳᠠᠪᠤᠷᠢ ᠵᠢ ᠤᠬᠠᠭᠤᠯᠵᠤ᠂ ᠪᠠᠶᠢᠴᠠᠭᠠᠬᠤ ᠠᠵᠢᠯ ᠵᠢᠡᠷ ᠤᠯᠠᠨ ᠢ ᠢᠳᠡᠬᠡᠬᠦᠯᠵᠦ᠂ ᠰᠡᠶᠢᠨ ᠰᠠᠶᠢᠬᠠᠨ ᠨᠡᠶᠢᠬᠡᠮ ᠤᠨ ᠤᠷᠴᠢᠨ ᠨᠦᠬᠦᠴᠡᠯ ᠢ ᠪᠤᠢ ᠪᠤᠯᠭᠠᠪᠠ᠃ 2024 ᠤᠨ ᠡᠴᠡ ᠨᠠᠭᠠᠰᠢ᠂ ᠬᠤᠶᠠᠳᠤᠭᠠᠷ ᠪᠠᠶᠢᠴᠠᠭᠠᠬᠤ ᠬᠡᠯᠳᠡᠰ ᠡᠴᠡ ᠡᠯ᠎ᠠ ᠲᠦᠷᠦᠯ ᠤᠨ ᠤᠬᠠᠭᠤᠯᠭ᠎ᠠ ᠵᠢᠨ ᠠᠵᠢᠯᠯᠠᠭ᠎ᠠ ᠵᠢ ᠨᠠᠶᠢᠳᠠ 16 ᠤᠳᠠᠭ᠎ᠠ ᠶᠠᠪᠤᠭᠳᠠᠭᠤᠯᠵᠤ᠂ 2000 ᠭᠠᠷᠤᠢ ᠬᠤᠪᠢ ᠤᠬᠠᠭᠤᠯᠭ᠎ᠠ ᠵᠢᠨ ᠮᠠᠲᠸᠷᠢᠶᠠᠯ ᠢ ᠲᠠᠷᠬᠠᠭᠠᠪᠠ᠃

    ᠬᠤᠶᠢᠰᠢᠳᠠ ᠦᠦᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠳᠡᠰ ᠨᠢ ᠰᠢᠨ᠎ᠠ ᠴᠠᠭ ᠦᠶ᠎ᠠ ᠵᠢᠨ ᠪᠠᠶᠢᠴᠠᠭᠠᠬᠤ ᠠᠵᠢᠯ ᠤᠨ ᠡᠬᠦᠷᠬᠡ ᠲᠤᠰᠢᠶᠠᠯ ᠵᠢᠠᠨ ᠬᠦᠢᠴᠡᠳᠬᠡᠬᠦ ᠱᠠᠭᠠᠷᠳᠠᠯᠭ᠎ᠠ ᠵᠢᠨ ᠲᠤᠭᠤᠷᠢᠨ ᠳᠤ ᠪᠠᠶᠢᠴᠠᠭᠠᠬᠤ ᠪᠠᠶᠢᠭᠤᠯᠭ᠎ᠠ ᠵᠢᠨ ᠡᠬᠦᠷᠬᠡ ᠴᠢᠳᠠᠪᠤᠷᠢ ᠵᠢᠨ ᠦᠢᠯᠡᠳᠦᠯ ᠵᠢᠠᠨ ᠢᠳᠡᠪᠬᠢᠳᠡᠢ ᠪᠠᠳᠠᠷᠠᠭᠤᠯᠵᠤ᠂ ᠬᠠᠤᠯᠢ ᠴᠠᠭᠠᠵᠠ ᠵᠢᠨ ᠢᠳᠡᠬᠡᠬᠦᠯᠬᠦ ᠬᠦᠴᠦᠨ ᠤ ᠪᠠᠶᠢᠭᠤᠯᠤᠯᠳᠠ ᠵᠢᠨ ᠡᠯ᠎ᠡ ᠵᠦᠢᠯ ᠤᠨ ᠬᠠᠷᠠᠯᠳᠠ ᠡᠬᠦᠷᠬᠡ ᠵᠢ ᠲᠤᠭᠳᠠᠭᠠᠵᠤ᠂ ᠡᠯ᠎ᠠ ᠲᠠᠯ᠎ᠠ ᠵᠢᠨ ᠭᠤᠤᠯᠳᠠᠯᠭ᠎ᠠ ᠲᠠᠢ ᠠᠵᠢᠯ ᠳᠤ ᠠᠡᠭᠬᠠᠷᠤᠯ ᠵᠢᠠᠨ ᠲᠦᠪᠯᠡᠷᠡᠬᠦᠯᠦᠨ᠂ ᠨᠡᠡᠭ ᠪᠤᠳᠠᠳᠠᠢ ᠠᠵᠢᠯ ᠤᠨ ᠠᠷᠭ᠎ᠠ ᠠᠪᠴᠠᠯ ᠵᠢᠡᠷ ᠪᠠᠶᠢᠴᠠᠭᠠᠬᠤ ᠠᠵᠢᠯ ᠤᠨ ᠬᠠᠤᠯᠢ ᠪᠠᠷᠢᠵᠤ ᠤᠯᠠᠨ ᠢ ᠢᠳᠡᠬᠡᠬᠦᠯᠬᠦ ᠬᠦᠴᠦᠨ ᠢ ᠦᠷᠬᠦᠯᠵᠢᠯᠡᠨ ᠲᠡᠭᠡᠭᠰᠢᠯᠡᠬᠦᠯᠵᠦ᠂ ᠪᠦᠬᠦᠢᠯᠡ ᠢᠳᠡᠬᠡᠮᠵᠢᠳᠦ ᠢᠨᠵᠸᠨ᠋ᠸᠷᠢᠡᠭ ᠤᠨ ᠪᠦᠲᠦᠬᠡᠨ ᠪᠠᠶᠢᠭᠤᠯᠤᠯᠳᠠ ᠵᠢᠨ ᠠᠵᠢᠯ ᠤᠨ ᠶᠠᠰᠤ ᠴᠢᠨᠠᠷ ᠢ ᠴᠢᠨᠠᠷᠵᠢᠭᠤᠯᠤᠨ ᠦᠷ᠎ᠠ ᠠᠰᠢᠭ ᠵᠢᠠᠨ ᠨᠡᠮᠡᠭᠳᠡᠬᠦᠯᠬᠦ ᠳ᠋ᠤ ᠪᠠᠶᠢᠴᠠᠭᠠᠬᠤ ᠠᠵᠢᠯ ᠤᠨ ᠬᠦᠴᠦᠨ ᠴᠢᠳᠠᠪᠤᠷᠢ ᠪᠡᠨ ᠨᠡᠮᠡᠷᠢᠯᠡᠬᠦ ᠪᠡᠷ ᠪᠠᠶᠢᠨ᠎ᠠ᠃