ᠦᠨᠳᠦᠰᠦᠲᠡᠨ ᠤ ᠪᠦᠯᠬᠦᠮᠳᠡᠯ ᠢ ᠠᠬᠢᠭᠤᠯᠤᠬᠰᠠᠨ ᠦᠨᠳᠦᠰᠦᠨ ᠱᠠᠲᠤᠨ ᠤ ᠰᠤᠶᠤᠯ ᠤᠨ ᠠᠵᠢᠯᠳᠠᠨ

 ᠄ 2025-11-17 10:12:20

   ᠲᠡᠭᠦᠨ ᠳ᠋ᠤ ᠤᠯᠠᠨ ᠡᠴᠡ ᠤᠷᠤᠶᠢᠯᠠᠵᠤ ᠤᠨᠴᠠᠯᠢᠬᠳᠠᠬᠤ ᠠᠵᠢᠯ ᠤᠨ ᠲᠤᠮᠤ ᠡᠷᠬᠡ ᠲᠤᠰᠢᠶᠠᠯ ᠬᠡᠵᠤ ᠪᠠᠶᠢᠬᠤ ᠦᠭᠡᠢ᠂ ᠨᠡᠡᠭ ᠴᠸ ᠲᠤᠭᠠᠴᠢᠵᠤ ᠶᠠᠷᠢᠭᠠᠳ ᠪᠠᠶᠢᠮᠠᠷ ᠦᠨᠳᠦᠷ ᠶᠡᠬᠡ ᠠᠮᠵᠢᠯᠳᠠ ᠪᠦᠲᠦᠮᠵᠢ ᠬᠡᠵᠤ ᠪᠠᠰᠠ ᠪᠠᠶᠢᠬᠤ ᠦᠭᠡᠢ᠂ ᠬᠡᠳᠡᠯ᠎ᠡ ᠲᠡᠷᠡ ᠠᠷᠪᠠᠨ ᠬᠤᠶᠠᠷ ᠵᠢᠯ ᠢ ᠨᠢᠬᠡᠯᠡ ᠡᠳᠦᠷ ᠮᠡᠳᠤ ᠠᠵᠢᠯ ᠳ᠋ᠠᠭᠠᠨ ᠦᠨᠡᠨᠴᠢ ᠰᠢᠳᠤᠷᠭᠤ ᠪᠠᠷ ᠬᠠᠨᠳᠤᠬᠤ ᠡᠷᠬᠢᠮ ᠵᠤᠷᠢᠭ ᠰᠠᠨᠠᠭ᠎ᠠ ᠡᠪᠦᠷᠯᠡᠵᠤ ᠪᠤᠳᠠᠳᠤ ᠦᠢᠯᠡ ᠠᠵᠢᠯᠯᠠᠭ᠎ᠠ ᠪᠠᠷ ᠵᠢᠡᠨ ᠠᠵᠢᠯ ᠤᠨ ᠲᠤᠮᠳᠠᠬᠢ ᠬᠠᠷᠢᠭᠤᠴᠠᠯᠭ᠎ᠠ ᠪᠠᠨ ᠦᠢᠯᠡᠳᠦᠯᠬᠡᠵᠢᠭᠦᠯᠳᠡᠭ ᠠᠵᠢᠯ ᠤᠨ ᠰᠢᠯᠢᠳᠡᠭ ᠤᠪᠤᠷ ᠰᠤᠷᠳᠠᠯ ᠨᠢ ᠤᠯᠠᠨ ᠲᠦᠮᠡᠨ ᠤ ᠬᠦᠷᠢᠶᠡᠯᠡᠯ ᠪᠤᠯᠤᠨ ᠮᠠᠬᠳᠠᠭᠠᠯ ᠰᠠᠶᠢᠰᠢᠶᠠᠯ ᠢ ᠤᠯᠵᠤ᠂ ᠨᠡᠷ᠎ᠡ ᠨᠢᠳᠡᠷ ᠲᠡᠬᠡᠨ ᠲᠡᠡᠭᠴᠡᠭᠰᠡᠨ ᠦᠨᠳᠦᠰᠦᠨ ᠱᠠᠲᠤᠨ ᠤ ᠰᠤᠶᠤᠯ ᠤᠨ ᠠᠵᠢᠯᠳᠠᠨ ᠪᠤᠯᠵᠤ᠂ ᠦᠨᠳᠦᠰᠦᠲᠡᠨ ᠦ ᠪᠦᠯᠬᠦᠮᠳᠡᠯ ᠲᠠᠪᠰᠢᠯᠳᠠ ᠵᠢᠨ ᠦᠢᠯᠡᠰ ᠲᠦ ᠰᠣᠶᠣᠯ ᠤᠨ ᠰᠠᠭᠤᠷᠢ ᠢ ᠪᠡᠬᠢᠵᠢᠭᠦᠯᠵᠤ ᠶᠠᠪᠤᠨᠠᠮ᠃ ᠲᠡᠷᠡ ᠪᠤᠯ ᠠᠯᠳᠠᠨᠰᠢᠷᠡᠭᠡ ᠪᠠᠯᠭᠠᠰᠤᠨ ᠤ ᠰᠣᠶᠣᠯ ᠵᠤᠭᠠᠴᠠᠯ ᠪᠠ ᠨᠡᠶᠢᠭᠡᠮ ᠦᠨ ᠠᠵᠢᠯ ᠤᠨ ᠬᠥᠭ᠍ᠵᠢᠯᠲᠡ ᠵᠢᠨ ᠦᠢᠯᠡᠴᠢᠯᠡᠭᠡᠨ ᠦ ᠲᠥᠪ ᠦᠨ ᠳᠡᠳ᠋ ᠡᠷᠬᠢᠯᠡᠭ᠍ᠴᠢ ᠵᠤᠷᠢᠬᠳᠤ ᠪᠤᠯᠤᠨ᠎ᠠ᠃

   ︽ᠲᠠᠭᠤᠳᠠᠬᠤ ᠨᠡᠷ᠎ᠡ ᠵᠢ ᠠᠪᠤ ᠡᠵᠢ ᠦᠭᠴᠤ᠂ ᠲᠠᠭᠤᠷᠢᠰᠬᠤ ᠠᠯᠳᠠᠷ ᠢ ᠠᠷᠠᠳ ᠲᠦᠮᠡᠨ ᠤᠯᠭᠤᠳᠠᠭ︾ ᠭᠡᠳᠡᠭ ᠵᠢᠡᠷ ᠵᠤᠷᠢᠬᠳᠤ ᠬᠡᠵᠤ ᠬᠡᠯᠡᠬᠦ ᠲᠠᠢ ᠵᠡᠷᠭᠡ ᠬᠠᠮᠳᠤ ᠠᠵᠢᠯᠳᠠᠳ ᠨᠢ ᠡᠷᠡᠬᠡᠢ ᠭᠠᠷᠭᠠᠨ ᠮᠠᠬᠳᠠᠳᠠᠭ ᠪᠦᠭᠡᠳ ᠲᠠᠨᠢᠬᠰᠠᠨ ᠪᠦᠬᠦᠳᠡ ᠨᠢ ᠤᠷᠠᠯᠢᠭ ᠤᠨ ᠠᠪᠢᠶᠠᠰᠳᠠᠨ ᠬᠡᠵᠤ ᠦᠨᠡᠯᠡᠳᠡᠭ ᠵᠢᠡᠷ ᠵᠢᠡᠨ ᠡᠨᠡ ᠬᠦᠮᠦᠨ ᠠᠰᠤᠷᠤᠤ ᠠᠵᠢᠯ ᠬᠢᠵᠤ ᠤᠯᠠᠨ ᠳ᠋ᠠᠭᠠᠨ ᠮᠡᠳᠡᠷᠡᠭᠳᠡᠵᠤ ᠶᠠᠪᠤᠬᠰᠠᠨ ᠨᠢ ᠢᠯᠡᠬᠡᠨ᠃ ᠲᠡᠭᠦᠨ ᠤ ᠦᠨᠳᠦᠰᠦᠨ ᠱᠠᠲᠤᠨ ᠳ᠋ᠤ ᠠᠷᠪᠠᠨ ᠬᠤᠶᠠᠷ ᠵᠢᠯ ᠰᠤᠶᠤᠯ ᠤᠨ ᠠᠵᠢᠯ ᠢ ᠬᠢᠭᠰᠡᠨ ᠤᠯᠠ ᠮᠦᠷ᠂ ᠬᠦᠴᠦ ᠬᠦᠳᠡᠯᠮᠦᠷᠢ᠂ ᠭᠠᠪᠢᠶ᠎ᠠ ᠵᠢᠳᠬᠦᠯ ᠢ ᠠᠯᠪᠠᠨ ᠬᠡᠷ ᠲᠤᠨᠢ ᠪᠠᠶᠢᠭ᠎ᠠ ᠬᠡᠷᠡᠯ ᠵᠢᠷᠤᠭ᠂ ᠲᠡᠮᠲᠡᠭᠯᠡᠯ ᠤᠨ ᠲᠡᠪᠲᠡᠷ ᠤᠳ ᠬᠡᠷᠡᠴᠢᠯᠡᠵᠤ ᠪᠠᠶᠢᠯ᠎ᠠ᠃ ᠵᠤᠷᠢᠬᠳᠤ ᠦᠢ ᠤᠯᠠᠨ ᠰᠤᠶᠤᠯ ᠤᠨ ᠠᠵᠢᠯᠳᠠᠨ ᠤ ᠨᠢᠬᠡ ᠨᠢ ᠪᠤᠯᠤᠬᠰᠠᠨ ᠤ ᠬᠤᠪᠢ ᠳ᠋ᠤ ᠰᠣᠶᠣᠯ ᠤᠨ ᠥᠪ ᠦᠨ ᠰᠠᠭᠤᠷᠢ ᠢ ᠬᠠᠮᠠᠭᠠᠯᠠᠵᠤ᠂ ᠦᠨᠳᠦᠰᠦᠲᠡᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ ᠰᠢᠨ᠎ᠡ ᠠᠷᠭ᠎ᠠ ᠵᠠᠮ ᠢ ᠬᠠᠶᠢᠨ ᠰᠦᠪᠡᠭ᠍ᠴᠢᠯᠡᠭᠰᠡᠷ ᠢᠷᠡᠵᠡᠢ᠃ ᠲᠡᠷᠡ ᠲᠡᠦᠬᠡ ᠵᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠳᠠ ᠪᠠ ᠤᠬᠠᠭᠤᠯᠭ᠎ᠠ ᠵᠢᠨ ᠠᠵᠢᠯ ᠢ ᠢᠳᠡᠪᠬᠢᠲᠡᠢ ᠠᠬᠢᠭᠤᠯᠵᠤ᠂ ᠲᠣᠰᠬᠣᠨ ᠤ ᠳᠡᠰ ᠤᠨ ᠲᠡᠦᠬᠡ ᠵᠢᠨ ᠳᠤᠷᠠᠰᠬᠠᠯᠲᠤ ᠵᠦᠢᠯᠡᠰ ᠢ ᠬᠠᠷᠠᠵᠤ ᠬᠠᠮᠠᠭᠠᠯᠠᠬᠤ ᠲᠣᠭᠲᠠᠴᠠ ᠵᠢ ᠪᠦᠷᠢᠨᠰᠢᠭᠦᠯᠵᠦ᠂ ᠲᠡᠦᠬᠡ ᠵᠢᠨ ᠳᠤᠷᠠᠰᠬᠠᠯᠲᠤ ᠵᠦᠢᠯᠡᠰ ᠦᠨ ᠳᠠᠩᠰᠠ ᠡᠪᠬᠡᠮᠡᠯ ᠪᠣᠯᠣᠨ ᠠᠮᠤᠷ ᠲᠦᠪᠰᠢᠨ ᠦ ᠳᠦᠷᠢᠮ ᠢ ᠪᠠᠶᠢᠭᠤᠯᠵᠤ᠂ ᠠᠯᠳᠠᠨᠰᠢᠷᠡᠭᠡ ᠪᠠᠯᠭᠠᠰᠤ ᠵᠢᠨ ᠰᠣᠶᠣᠯ ᠤᠨ ᠥᠪ ᠤᠨ ᠬᠠᠮᠠᠭᠠᠯᠠᠯᠳᠠ ᠪᠠ ᠬᠦᠭᠵᠢᠯᠳᠡ ᠳ᠋ᠤ ᠬᠦᠴᠦᠯᠡᠪᠡ᠃ ᠡᠭᠦᠨ ᠦ ᠵᠡᠷᠭᠡ ᠳᠦ ᠲᠡᠷᠡ ᠪᠠᠰᠠ ᠰᠣᠶᠣᠯ ᠤᠨ ᠡᠷᠦᠬᠡ ᠪᠣᠯᠣᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠬᠡᠯᠡᠬᠦ ᠴᠢᠨᠠᠷᠳᠠᠢ ᠲᠦᠷᠦᠯ ᠵᠤᠶᠢᠯ ᠤᠨ ᠤᠯᠠᠮᠵᠢᠯᠠᠨ ᠵᠠᠯᠭᠠᠮᠵᠢᠯᠠᠬᠴᠢ ᠵᠢ ᠪᠤᠯᠭᠤᠭᠠᠨ ᠰᠤᠷᠪᠤᠯᠵᠢᠯᠠᠭᠰᠠᠨ ᠪᠥᠭᠡᠳ ᠸᠠᠩ ᠲᠢᠶᠸ ᠵᠸ ᠮᠡᠳᠦ ᠵᠢᠨ 11 ᠰᠣᠶᠣᠯ ᠤᠨ ᠡᠷᠦᠬᠡ ᠳᠦ ᠪᠡᠯᠡ ᠮᠥᠩᠭᠥ ᠵᠣᠬᠢᠴᠠᠭᠤᠯᠤᠨ ᠬᠥᠭ᠍ᠵᠢᠮᠳᠡᠭᠦᠷ ᠤᠨ ᠲᠤᠨᠤᠭ ᠲᠥᠬᠦᠭᠡᠷᠦᠮᠵᠢ ᠪᠡᠯᠡᠳᠬᠡᠵᠤ᠂ ᠲᠡᠳᠡᠨ ᠦ ᠰᠠᠭᠤᠭᠠᠯᠢ ᠠᠷᠠᠳ  ᠢ ᠳᠠᠶᠢᠴᠢᠯᠠᠨ ᠰᠣᠶᠣᠯ ᠤᠨ ᠠᠵᠢᠯᠯᠠᠭ᠎ᠠ ᠳ᠋ᠤ ᠤᠷᠤᠯᠴᠠᠬᠤ ᠢᠳᠡᠪᠬᠢᠵᠢᠯ ᠢ ᠬᠥᠭ᠍ᠵᠢᠭᠡᠭᠰᠡᠨ ᠪᠠᠶᠢᠨ᠎ᠠ᠃ ᠲᠡᠷᠡ ︽ᠣᠷᠳᠣᠰ ᠬᠤᠳᠠ ᠵᠢᠨ ᠰᠢᠯᠵᠢᠭᠦᠯᠵᠦ ᠦᠯᠦ ᠪᠤᠯᠬᠤ ᠲᠡᠦᠬᠡ ᠵᠢᠨ ᠳᠤᠷᠠᠰᠬᠠᠯᠲᠤ ᠵᠦᠢᠯᠡᠰ ᠦᠨ ᠬᠠᠮᠠᠭᠠᠯᠠᠯᠲᠠ ᠵᠢᠨ ᠳᠦᠷᠢᠮ︾ ᠤᠨ ᠤᠬᠠᠭᠤᠯᠭ᠎ᠠ ᠵᠢᠨ ᠠᠵᠢᠯᠯᠠᠭ᠎ᠠ᠂ ︽5·18  ᠤ ᠳᠡᠯᠡᠬᠡᠢ ᠵᠢᠨ ᠮᠦᠽᠧᠢ ᠵᠢᠨ ᠡᠳᠦᠷ︾ ᠤᠨ ᠭᠣᠣᠯ ᠰᠡᠳᠦᠪᠲᠦ ᠰᠢᠷᠢᠰ ᠠᠵᠢᠯᠯᠠᠭ᠎ᠠ᠂ ᠭᠤᠷᠪᠠᠳᠤᠭᠠᠷ ᠬᠤᠭᠤᠴᠠᠭᠠᠨ ᠤ ᠰᠢᠨ᠎ᠡ ᠰᠣᠷᠭᠣᠭ ᠵᠢᠭᠠᠰᠤᠨ ᠤ ᠰᠣᠶᠣᠯ ᠤᠨ ᠨᠠᠶᠢᠷ ᠤᠨ ᠭᠣᠣᠯ ᠰᠡᠳᠦᠪᠲᠦ ᠠᠵᠢᠯᠯᠠᠭ᠎ᠠ ᠵᠡᠷᠭᠡ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠤᠯᠠᠨ ᠤ ᠲᠡᠦᠬᠡ ᠵᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠢᠴᠢ ᠤᠯᠠᠮᠵᠢᠯᠠᠨ ᠵᠠᠯᠭᠠᠮᠵᠢᠯᠠᠬᠤ ᠵᠢᠨ ᠴᠢᠬᠤᠯᠠ ᠴᠢᠨᠠᠷ ᠤᠨ ᠲᠤᠬᠠᠢ ᠲᠠᠨᠢᠯᠲᠠ ᠢ ᠳᠠᠰᠤᠷᠠᠯᠳᠠ ᠦᠭᠡᠢ ᠳᠡᠭᠡᠭ᠍ᠰᠢᠯᠡᠭᠦᠯᠵᠡᠢ᠃ ᠡᠭᠦᠨ ᠡᠴᠡ ᠭᠠᠳᠠᠨ᠎ᠠ᠂ ᠲᠡᠷᠡ ᠪᠠᠰᠠ ᠤᠳᠬ᠎ᠠ ᠤᠷᠠᠯᠢᠭ ᠤᠨ ᠬᠠᠮᠢᠶ᠎ᠠ ᠪᠦᠬᠦᠢ ᠨᠡᠶᠢᠭᠡᠮᠯᠢᠭ ᠦᠨ ᠲᠣᠭᠯᠠᠯᠲᠠ᠂ ᠶᠣᠰᠣ ᠰᠤᠷᠲᠠᠬᠤᠨ ᠤ ᠬᠢᠴᠢᠶᠡᠯ ᠦᠨ ᠲᠠᠩᠬᠢᠮ ᠵᠢᠴᠢ ᠡᠯ᠎ᠡ ᠵᠦᠢᠯ ᠦᠨ ᠲᠠᠶᠢᠯᠤᠮᠵᠢ ᠵᠢᠨ ᠠᠵᠢᠯᠯᠠᠭ᠎ᠠ ᠵᠢ ᠤᠬᠠᠭᠠᠯᠠᠨ ᠰᠡᠳᠦᠵᠦ᠂ ᠰᠣᠶᠣᠯ ᠤᠨ ᠰᠠᠮᠪᠠᠷ᠎ᠠ᠂ ᠤᠬᠠᠭᠤᠯᠭ᠎ᠠ ᠵᠢᠨ ᠴᠤᠡᠭᠬᠤᠪᠴᠢ᠂ ᠰᠠᠮᠪᠠᠷ᠎ᠠ ᠵᠢᠨ ᠰᠣᠨᠢᠨ ᠢ ᠭᠠᠷᠭᠠᠵᠤ᠂︽ᠭᠡᠷ ᠦᠨ ᠡᠭᠦᠳᠡᠨ ᠳᠦ ᠺᠢᠨᠣ᠋ ᠦᠵᠡᠬᠦᠯᠬᠦ︾ᠠᠵᠢᠯᠯᠠᠭ᠎ᠠ ᠢ ᠵᠤᠬᠢᠶᠠᠨ ᠪᠠᠶᠢᠭᠤᠯᠬᠤ ᠵᠡᠷᠭᠡ ᠤᠯᠠᠨ ᠵᠦᠢᠯ ᠦᠨ ᠠᠷᠭ᠎ᠠ ᠬᠡᠯᠪᠡᠷᠢ ᠪᠡᠷ ᠳᠠᠮᠵᠢᠭᠤᠯᠤᠨ ᠤᠯᠠᠨ ᠲᠦᠮᠡᠨ ᠦ ᠰᠣᠶᠣᠯ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠪᠠ᠃ ᠨᠦᠬᠦᠭᠡ ᠲᠠᠯ᠎ᠠ ᠪᠠᠷ ᠳᠠᠭᠤᠤ ᠬᠥᠭ᠍ᠵᠢᠮ ᠦᠨ ᠦᠳᠡᠰᠢᠯᠡᠭᠡ᠂ ᠴᠠᠭᠠᠨ ᠰᠠᠷ᠎ᠠ ᠵᠢᠨ ᠣᠬᠣᠷ ᠪᠢᠴᠢᠯᠬᠡ ᠵᠢᠨ ᠤᠷᠤᠯᠳᠤᠭᠠᠨ ᠡᠷᠬᠢᠯᠡᠵᠤ᠂ ᠵᠠᠭᠤᠴᠢᠯᠠᠭᠤᠷ ᠤᠨ ᠠᠷᠭ᠎ᠠ ᠪᠠᠷᠢᠯ ᠢ ᠠᠰᠢᠬᠯᠠᠨ᠂ ᠤᠷᠤᠨ ᠨᠤᠲᠤᠭ ᠤᠨ ᠰᠣᠶᠣᠯ᠂ ᠵᠤᠭᠠᠴᠠᠯ᠂ ᠵᠠᠩ ᠦᠢᠯᠡ ᠪᠠ ᠠᠷᠠᠳ ᠤᠨ ᠠᠮᠢᠳᠤᠷᠠᠯ ᠲᠠᠢ ᠤᠶᠠᠯᠳᠤᠭᠤᠯᠤᠬᠰᠠᠨ ᠪᠢᠴᠢᠯ ᠺᠢᠨᠣ᠋᠂ ᠤᠬᠤᠷ ᠪᠢᠴᠢᠯᠬᠡ᠂ MV ᠵᠡᠷᠭᠡ ᠪᠦᠲᠦᠭᠡᠯ ᠢ 20 ᠭᠠᠷᠤᠢ ᠵᠣᠬᠢᠶᠠᠨ ᠪᠦᠲᠦᠭᠡᠵᠦ ᠣᠳᠣᠬᠢᠴᠢᠯᠠᠭᠰᠠᠨ᠂ ᠲᠣᠭᠠᠴᠢᠯᠠᠭᠰᠠᠨ ᠮᠡᠷᠭᠡᠵᠢᠯ ᠦᠨ ᠬᠦᠴᠦᠨ ᠳᠦ ᠲᠦᠰᠢᠭ᠍ᠯᠡᠨ᠂ ᠤᠯᠠᠮᠵᠢᠯᠠᠯᠲᠤ ᠰᠣᠶᠣᠯ ᠢ ᠨᠡᠡᠭ ᠠᠮᠢᠵᠢᠷᠠᠯ ᠤᠨ ᠬᠦᠴᠦᠨ ᠲᠠᠢ ᠪᠤᠯᠭᠠᠵᠤ᠂ ᠤᠯᠠᠨ ᠲᠦᠷᠦᠯ ᠦᠨ ᠰᠣᠶᠣᠯ ᠵᠤᠭᠠᠴᠠᠯ ᠤᠨ ᠠᠵᠢᠯᠯᠠᠭ᠎ᠠ ᠨᠢ ᠲᠥᠪ ᠲ᠋ᠧᠯᠸᠢᠰ ᠦᠨ ᠰᠣᠨᠢᠨ ᠮᠡᠳᠡᠭᠡᠨ ᠳᠦ ᠨᠡᠶᠢᠳᠡᠯᠡᠭᠳᠡᠵᠡᠢ᠃

    ᠵᠤᠷᠢᠬᠳᠤ ᠨᠢᠬᠡᠨ ᠦᠨᠳᠦᠰᠦᠨ ᠱᠠᠲᠤᠨ ᠤ ᠠᠵᠢᠯᠳᠠᠨ ᠪᠤᠯᠤᠬᠰᠠᠨ ᠤ ᠬᠤᠪᠢ ᠳ᠋ᠤ ᠲᠤᠮᠳᠠᠳᠤ ᠵᠢᠨ ᠦᠨᠳᠦᠰᠦᠲᠡᠨ ᠤ ᠬᠠᠮᠳᠤ ᠵᠢᠨ ᠴᠤᠬᠴᠠ ᠵᠢᠨ ᠤᠬᠠᠮᠰᠠᠷ ᠵᠢᠡᠨ ᠪᠠᠳᠤᠳᠬᠠᠵᠤ᠂ ᠰᠤᠶᠤᠯ ᠤᠨ ᠪᠦᠲᠦᠭᠡᠨ ᠪᠠᠶᠢᠭᠤᠯᠤᠯᠳᠠ ᠵᠢᠨ ᠦᠢᠯᠡᠰ ᠲᠸ᠋ ᠭᠠᠷᠠᠮᠠᠭᠠᠶᠢᠯᠠᠨ᠂ ᠪᠤᠳᠠᠳᠠᠢ ᠠᠵᠢᠯ ᠤᠨ ᠦᠷ᠎ᠡ ᠪᠦᠲᠦᠮᠵᠢ ᠪᠠᠷ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠦᠷ᠎ᠡ ᠵᠢᠮᠢᠰ ᠢ ᠦᠨᠳᠦᠰᠦᠨ ᠱᠠᠲᠤᠨ ᠳ᠋ᠤ ᠲᠡᠯᠭᠡᠷᠡᠭᠦᠯᠭᠦ ᠪᠠᠷ ᠴᠢᠷᠮᠠᠶᠢᠵᠤ ᠶᠠᠪᠤᠨ᠎ᠠ᠃ ᠲᠡᠷᠡ ᠤᠯᠠᠨ ᠨᠡᠶᠢᠲᠡ ᠵᠢᠨ ᠰᠣᠶᠣᠯ ᠤᠨ ᠦᠢᠯᠡᠴᠢᠯᠡᠭᠡ ᠢ ᠲᠡᠭᠦᠯᠳᠡᠷᠵᠢᠭᠦᠯᠵᠦ᠂ ᠰᠤᠶᠤᠯ ᠤᠨ ᠬᠥᠭ᠍ᠵᠢᠯᠲᠡ ᠵᠢᠨ ᠦᠷ᠎ᠡ ᠪᠦᠲᠦᠭᠡᠯ ᠢ ᠠᠷᠠᠳ ᠲᠦᠮᠡᠨ ᠳᠦ ᠬᠦᠷᠲᠡᠭᠡᠬᠦ ᠪᠠᠷ ᠴᠢᠷᠮᠠᠶᠢᠬᠰᠠᠭᠠᠷ ᠢᠷᠡᠵᠡᠢ᠃ ᠣᠯᠠᠨ ᠨᠡᠶᠢᠲᠡ ᠵᠢᠨ ᠰᠣᠶᠣᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳ᠋ᠤ ᠬᠦᠴᠦᠯᠡᠵᠤ᠂ ᠨᠡᠶᠢᠭᠡᠮ ᠲᠣᠭᠣᠷᠢᠭ  ᠤᠨ ᠰᠣᠶᠣᠯ ᠤᠨ ᠦᠢᠯᠡᠴᠢᠯᠡᠭᠡᠨ ᠦ ᠲᠤᠨᠤᠭ ᠲᠦᠭᠦᠭᠡᠷᠦᠮᠵᠢ ᠵᠢ ᠲᠡᠭᠦᠯᠳᠡᠷᠵᠢᠭᠦᠯᠵᠦ᠂ ᠤᠳᠬ᠎ᠠ ᠤᠷᠠᠯᠢᠭ ᠤᠨ ᠪᠣᠯᠪᠠᠰᠤᠷᠠᠯ ᠤᠨ ᠲᠢᠩᠬᠢᠮ᠂ ᠨᠣᠮ ᠤᠨ ᠥᠷᠥᠭᠡ ᠵᠡᠷᠭᠡ ᠲᠠᠯᠠᠪᠤᠷ ᠭᠠᠵᠠᠷ ᠢ ᠲᠤᠬᠢᠷᠠᠭᠤᠯᠵᠠᠢ᠃ ᠲᠠᠬᠢᠪᠠᠯ ᠪᠠᠰᠠ ︽ᠪᠠᠶᠠᠰᠬᠤᠯᠠᠩᠲᠤ ᠥᠷᠯᠥᠭᠡ ᠵᠢᠨ ᠨᠡᠷᠡᠨ ︾ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭ᠍ᠵᠢᠭᠦᠯᠵᠦ᠂ ᠨᠢᠯᠬ᠎ᠠ ᠬᠡᠦᠬᠡᠳ ᠦᠨ ᠬᠥᠭ᠍ᠵᠢᠯᠲᠡ ᠵᠢᠨ ᠣᠨᠴᠠᠯᠢᠭ  ᠤᠨ ᠲᠣᠭᠣᠷᠢᠨ ᠳᠤ᠂ ᠪᠠᠶᠢᠭᠠᠯᠢ ᠵᠢᠨ ᠲᠤᠬᠠᠢ ᠲᠠᠨᠢᠯᠲᠠ᠂ ᠳᠠᠯᠳᠠ ᠴᠢᠳᠠᠪᠤᠷᠢ ᠵᠢ ᠬᠥᠭ᠍ᠵᠢᠭᠡᠬᠦ ᠪᠡᠷ ᠭᠣᠣᠯ ᠠᠭᠤᠯᠭ᠎ᠠ ᠪᠣᠯᠭᠠᠨ᠂ ᠲᠤᠰᠬᠠᠢ ᠮᠡᠷᠭᠡᠵᠢᠯ ᠦᠨ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠡᠭᠭᠠᠵᠤ᠂ 18 ᠨᠡᠶᠢᠭᠡᠮ ᠲᠣᠭᠣᠷᠢᠭ ᠲᠸ᠋ ᠬᠦᠷᠴᠦ ᠬᠤᠷᠢᠨ ᠲᠦᠷᠪᠡᠨ ᠤᠯᠠᠷᠢᠯ ᠤᠨ ᠭᠤᠤᠯ ᠰᠡᠳᠦᠪᠳᠤ ᠭᠡᠷ ᠪᠦᠯᠢ ᠵᠢᠨ ᠠᠵᠢᠯᠯᠠᠭ᠎ᠠ ᠵᠢ 135 ᠲᠠᠯᠠᠪᠤᠷ᠂ ᠬᠡᠦᠬᠡᠳ ᠦᠨ ᠠᠮᠤᠷ ᠲᠦᠪᠰᠢᠨ ᠦ ᠨᠡᠶᠢᠲᠡ ᠵᠢᠨ ᠠᠰᠠᠷᠠᠮᠵᠢ ᠵᠢᠨ ᠬᠢᠴᠢᠶᠡᠯ ᠢ 12 ᠲᠠᠯᠠᠪᠤᠷ᠂ ᠬᠡᠷ ᠪᠦᠯᠢ ᠪᠠᠷ ᠵᠢᠡᠨ ᠵᠢᠷᠤᠭᠲᠤ ᠳᠡᠪᠲᠡᠷ ᠦᠨ ᠤᠩᠰᠢᠯᠭ᠎ᠠ ᠬᠢᠬᠦ ᠠᠵᠢᠯᠯᠠᠭ᠎ᠠ ᠵᠢ 76 ᠲᠠᠯᠠᠪᠤᠷ ᠥᠷᠨᠢᠭᠦᠯᠵᠦ᠂ 2778 ᠬᠡᠦᠬᠡᠳ ᠵᠢᠴᠢ ᠭᠡᠷ ᠪᠦᠯᠢ ᠳᠦ ᠠᠰᠢᠭ ᠬᠦᠷᠲᠡᠭᠡᠪᠡ᠃ ᠵᠤᠷᠢᠬᠳᠤ ᠣᠯᠠᠨ ᠲᠦᠮᠡᠨ ᠦ ᠰᠣᠶᠣᠯ ᠤᠨ ᠬᠡᠷᠡᠭ᠍ᠴᠡᠭᠡ ᠱᠠᠭᠠᠷᠳᠠᠯᠭ᠎ᠠ ᠵᠢ ᠦᠨᠳᠦᠰᠦᠯᠡᠵᠤ᠂ ᠪᠥᠬᠥ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠠᠬᠢᠭᠤᠯᠵᠤ᠂ ᠪᠥᠬᠥ ᠵᠢᠯ ᠦᠨ ᠠᠵᠢᠯᠯᠠᠭ᠎ᠠ ᠬᠦᠰᠦᠨᠦᠭᠴᠢᠯᠡᠨ ᠪᠠᠶᠢᠷᠢᠯᠠᠭᠤᠯᠵᠤ᠂ ᠤᠷᠢᠳ ᠬᠣᠵᠢᠳ ᠶᠠᠪᠠᠭᠠᠨ ᠠᠯᠬᠤᠯᠠᠬᠤ᠂ ᠨᠣᠮ ᠤᠩᠰᠢᠬᠤ᠂ ᠠᠯᠠᠭᠠᠳᠠᠬᠤ ᠪᠥᠮᠪᠥᠭᠡ ᠵᠢᠨ ᠤᠷᠤᠯᠳᠤᠭᠠᠨ ᠵᠡᠷᠭᠡ ᠪᠠᠶᠠᠯᠢᠭ ᠠᠵᠢᠯᠯᠠᠭ᠎ᠠ ᠵᠢ ᠥᠷᠨᠢᠭᠦᠯᠵᠦ᠂ ᠪᠥᠬᠥ ᠪᠠᠯᠭᠠᠰᠤᠨ ᠤ ᠰᠠᠭᠤᠭᠠᠯᠢ ᠠᠷᠠᠳ ᠤᠨ ᠶᠣᠰᠣ ᠮᠣᠷᠠᠯ ᠤᠨ ᠪᠣᠯᠪᠠᠰᠤᠷᠠᠯ ᠪᠠ ᠰᠣᠶᠣᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭ᠍ᠰᠢᠯᠡᠭᠦᠯᠦᠨ᠂ ᠨᠡᠶᠢᠭᠡᠮ ᠦᠨ ᠪᠤᠯᠪᠠᠰᠤᠨ ᠤ ᠳᠠᠪᠰᠢᠯᠲᠠ ᠠᠬᠢᠭᠤᠯᠪᠠ᠃ ᠶᠡᠷᠦᠨᠢ ᠦᠨᠳᠦᠰᠦᠨ ᠱᠠᠲᠤᠨ ᠳ᠋ᠤ ᠠᠵᠢᠯᠯᠠᠨ᠎ᠠ ᠭᠡᠳᠡᠭ ᠲᠤᠬᠠᠶᠢᠯᠠᠬᠰᠠᠨ ᠠᠵᠢᠯ ᠳ᠋ᠠᠭᠠᠨ ᠤᠷᠬᠢᠯᠦᠮ᠎ᠠ ᠬᠠᠯᠠᠭᠤᠨ ᠰᠡᠳᠬᠢᠯ ᠵᠢᠡᠷ ᠤᠷᠤᠵᠤ᠂ ᠤᠴᠢᠷ ᠶᠠᠪᠤᠳᠠᠯ ᠢ ᠬᠢᠵᠤ ᠪᠦᠲᠦᠭᠡᠬᠦ ᠡᠷᠡᠰ ᠵᠤᠷᠢᠭ ᠰᠶᠢᠳᠪᠦᠷᠢ ᠲᠠᠢ ᠪᠠᠶᠢᠬᠤ ᠴᠢᠬᠤᠯᠠ ᠲᠠᠢ᠃ ᠨᠡᠡᠭ ᠴᠸ ᠤᠯᠠᠨ ᠲᠦᠮᠡᠨ ᠤ ᠲᠤᠮᠳᠠ ᠬᠦᠨᠵᠡᠬᠡᠶᠢᠷᠡᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠵᠢ ᠤᠶᠢᠯᠠᠭᠠᠨ᠂ ᠴᠢᠨᠠᠬᠰᠢᠳᠠ ᠦᠨᠡᠨ ᠪᠤᠳᠠᠳᠠᠢ ᠪᠠᠷ ᠤᠯᠠᠨ ᠲᠦᠮᠡᠨ ᠳ᠋ᠤ ᠲᠤᠯᠭᠠᠷᠠᠬᠰᠠᠨ ᠠᠰᠠᠭᠤᠳᠠᠯ ᠢ ᠰᠶᠢᠳᠪᠦᠷᠢᠯᠡᠬᠦ ᠪᠤᠯ ᠵᠠᠡᠭᠭᠢᠯᠠᠭ᠎ᠠ ᠪᠠᠶᠢᠵᠤ ᠲᠠᠭᠠᠷᠠᠨ᠎ᠠ᠃ ᠰᠣᠶᠣᠯ ᠵᠤᠭᠠᠴᠠᠯ ᠤᠨ ᠠᠵᠤ ᠦᠢᠯᠡᠰ ᠦᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠣᠨ ᠢ ᠬᠥᠭ᠍ᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠬᠥᠭ᠍ᠵᠢᠭᠡᠪᠡ᠃ ᠵᠤᠷᠢᠬᠳᠤ ᠠᠯᠳᠠᠨᠰᠢᠷᠡᠭᠡ ᠪᠠᠯᠭᠠᠰᠤ ᠵᠢᠨ ᠬᠤᠳᠠ ᠵᠢᠨ ᠲᠡᠭᠦᠷᠭᠡ ᠵᠢᠨ ᠵᠤᠭᠠᠴᠠᠯ ᠤᠨ ᠡᠬᠢ ᠪᠠᠶᠠᠯᠢᠭ ᠢ ᠠᠰᠢᠬᠯᠠᠨ ᠲᠤᠬᠠᠢ ᠵᠢᠨ ᠭᠠᠵᠠᠷ ᠤᠨ ᠣᠨᠴᠠᠯᠢᠭᠲᠤ ᠦᠵᠡᠮᠵᠢ ᠵᠢᠨ ᠣᠷᠣᠨ ᠪᠣᠯᠣᠨ ᠰᠣᠶᠣᠯ ᠲᠡᠤᠬᠡ ᠵᠢ ᠤᠬᠠᠭᠤᠯᠤᠨ ᠳᠡᠯᠭᠡᠷᠡᠭᠦᠯᠪᠡ᠃ ᠲᠡᠷᠡ ᠸᠸᠨ ᠱᠠ ᠤᠰᠤᠨ ᠲᠤᠬᠤᠢ ᠪᠠ ᠴᠧ ᠵᠢᠶᠠ ᠴᠢᠦᠢ ᠵᠢᠨ ᠰᠣᠶᠣᠯ ᠵᠤᠭᠠᠴᠠᠯ ᠤᠨ ᠤᠬᠠᠭᠤᠯᠭ᠎ᠠ ᠵᠢᠨ ᠹᠢᠯᠢᠮ ᠦᠢᠯᠡᠳᠴᠤ ᠨᠡᠶᠢᠳᠡᠯᠡᠪᠡ︔ ᠸᠸᠨ ᠱᠠ ᠤᠰᠤᠨ ᠲᠤᠬᠤᠢ ᠳᠤ ᠲᠤᠯᠤᠭᠠᠨ ᠰᠠᠷ᠎ᠠ ᠵᠢᠨ ᠳᠤᠯᠤᠭᠠᠨ ᠤ ᠰᠣᠶᠣᠯ ᠵᠤᠭᠠᠴᠠᠯ ᠤᠨ ᠤᠯᠠᠷᠢᠯ ᠤᠨ ᠠᠵᠢᠯᠯᠠᠭ᠎ᠠ ᠵᠢ ᠶᠠᠪᠤᠬᠳᠠᠭᠤᠯᠤᠬᠰᠠᠨ ᠪᠦᠬᠡᠳ ᠴᠧ ᠵᠢᠶᠠ ᠴᠢᠦᠢ ᠲᠤᠰᠬᠤᠨ ᠳ᠋ᠤ ᠰᠢᠨ᠎ᠡ ᠴᠠᠭ ᠦᠶ᠎ᠡ ᠵᠢᠨ ᠪᠣᠯᠪᠠᠰᠤᠨ ᠢ ᠦᠢᠯᠡᠳᠦᠯᠭᠡᠵᠢᠭᠦᠯᠵᠦ ᠰᠣᠶᠣᠯ ᠵᠢᠡᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠵᠢ ᠵᠣᠬᠢᠶᠠᠨ ᠪᠠᠶᠢᠭᠤᠯᠵᠤ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠪᠠ᠃ ᠣᠳᠣᠬᠠᠨ ᠪᠣᠯᠲᠠᠯ᠎ᠠ᠂ ᠵᠤᠷᠢᠬᠳᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠠᠶᠢᠴᠢᠯᠠᠯ ᠲᠤᠤᠷ᠎ᠠ ᠡᠯ᠎ᠡ ᠲᠦᠷᠦᠯ ᠦᠨ ᠰᠤᠶᠤᠯ ᠤᠨ ᠠᠵᠢᠯᠯᠠᠭ᠎ᠠ ᠵᠢ 500 ᠭᠠᠷᠤᠢ ᠤᠳᠠᠭ᠎ᠠ ᠵᠣᠬᠢᠶᠠᠨ ᠪᠠᠶᠢᠭᠤᠯᠪᠠ᠃ ᠲᠡᠷᠡ ᠡᠯ᠎ᠡ ᠲᠥᠷᠥᠯ ᠦᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠳᠦ ᠴᠢᠨᠠᠷ ᠰᠠᠶᠢᠲᠠᠢ ᠰᠣᠶᠣᠯ ᠤᠨ ᠦᠢᠯᠡᠴᠢᠯᠡᠭᠡ ᠬᠦᠷᠲᠡᠭᠡᠵᠦ᠂ ᠪᠥᠬᠥ ᠪᠠᠯᠭᠠᠰᠤᠨ ᠤ ᠣᠯᠠᠨ ᠨᠡᠶᠢᠲᠡ ᠵᠢᠨ ᠰᠣᠶᠣᠯ ᠤᠨ ᠦᠢᠯᠡᠴᠢᠯᠡᠭᠡᠨ ᠦ ᠲᠤᠨᠤᠭ ᠲᠥᠬᠦᠭᠡᠷᠦᠮᠵᠢ ᠵᠢᠨ ᠪᠦᠲᠦᠭᠡᠨ ᠪᠠᠶᠢᠭᠤᠯᠤᠯᠲᠠ ᠵᠢᠨ ᠬᠢᠷᠢ ᠲᠦᠪᠰᠢᠨ ᠪᠠ ᠦᠢᠯᠡᠴᠢᠯᠡᠭᠡᠨ ᠦ ᠴᠢᠳᠠᠪᠤᠷᠢ ᠵᠢ ᠢᠯᠡᠳᠲᠡ ᠳᠡᠭᠡᠭ᠍ᠰᠢᠯᠡᠭᠦᠯᠦᠨ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭ᠍ᠰᠢᠯᠡᠭᠦᠯᠪᠡ᠃ ᠡᠭᠦᠨ ᠦ ᠬᠠᠮᠲᠤ ᠨᠡᠶᠢᠭᠡᠮ ᠲᠣᠭᠣᠷᠢᠭ  ᠤᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠨᠡᠶᠢᠭᠡᠮ ᠦᠨ ᠡᠶ᠎ᠡ ᠵᠣᠬᠢᠴᠠᠩᠭᠤᠢ ᠲᠣᠭᠲᠠᠭᠤᠨ ᠬᠠᠷᠢᠯᠴᠠᠭ᠎ᠠ ᠵᠢ ᠠᠬᠢᠭᠤᠯᠬᠤ ᠳᠤ ᠬᠦᠴᠦ ᠨᠡᠮᠡᠷᠢᠯᠡᠵᠦ᠂ ᠠᠯᠲᠠᠨᠰᠢᠷᠡᠬᠡ ᠪᠠᠯᠭᠠᠰᠤᠨ ᠤ ᠰᠣᠶᠣᠯ ᠵᠤᠭᠠᠴᠠᠯ ᠤᠨ ᠠᠵᠤ ᠦᠢᠯᠡᠰ ᠦᠨ ᠴᠢᠨᠠᠷ ᠰᠠᠶᠢᠲᠠᠢ ᠬᠥᠭ᠍ᠵᠢᠯᠲᠡ ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ᠃ ᠵᠤᠷᠢᠬᠳᠤ ᠵᠢᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠨᠢ ᠥᠷᠭᠡᠨ ᠤᠯᠠᠨ ᠤ ᠮᠠᠬᠳᠠᠭᠠᠯ ᠰᠠᠶᠢᠰᠢᠶᠠᠯ ᠢ ᠣᠯᠵᠤ᠂ ᠤᠷᠢᠳ ᠬᠣᠵᠢᠳ︽ᠤᠯᠠᠭᠠᠨᠮᠥ᠋ᠴᠢᠷ ᠦᠨ ᠵᠣᠷᠢᠭ ᠰᠠᠨᠠᠭ᠎ᠠ ᠢ ᠪᠠᠳᠠᠷᠠᠭᠤᠯᠵᠤ ᠠᠷᠠᠳ ᠲᠦᠮᠡᠨ ᠦ ᠳᠤᠮᠳᠠ ᠣᠴᠢᠬᠤ︾ ᠶᠡᠷᠦᠩᠬᠡᠶᠢᠯᠡᠭ᠍ᠰᠡᠨ ᠦᠢᠯᠡᠴᠢᠯᠡᠭᠡᠨ ᠦ ᠲᠡᠷᠢᠭᠦᠨ ᠦ ᠬᠤᠪᠢ ᠬᠥᠮᠥᠨ᠂ ᠰᠣᠶᠣᠯ ᠵᠤᠭᠠᠴᠠᠯ ᠤᠨ ᠰᠢᠰᠲ᠋ᠸᠮ ᠤᠨ ᠦᠨᠳᠦᠰᠦᠨ ᠱᠠᠲᠤᠨ ᠤ ᠲᠡᠷᠢᠭᠦᠨ ᠦ ᠠᠵᠢᠯᠲᠠᠨ ᠵᠡᠷᠭᠡ ᠢᠷᠠᠭᠤ ᠠᠯᠳᠠᠷ ᠢ ᠬᠦᠷᠲᠡᠵᠤ ᠤᠯᠠᠨ ᠠᠷᠪᠢᠨ ᠬᠥᠬᠢᠭᠦᠯᠦᠯ ᠵᠤᠷᠢᠬᠵᠢᠭᠤᠯᠤᠯ ᠢ ᠤᠯᠤᠬᠰᠠᠨ ᠪᠠᠶᠢᠨ᠎ᠠ᠃ ᠲᠡᠷᠡ ᠪᠣᠳᠠᠲᠤ ᠠᠵᠢᠯᠯᠠᠭ᠎ᠠ ᠪᠠᠷ ᠵᠢᠡᠨ ᠦᠨᠳᠦᠰᠦᠨ ᠱᠠᠲᠤᠨ ᠤ ᠰᠣᠶᠣᠯ ᠵᠤᠭᠠᠴᠠᠯ ᠤᠨ ᠠᠵᠢᠯᠲᠠᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠦᠢᠯᠡᠳᠦᠯᠭᠡᠵᠢᠭᠦᠯᠵᠦ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠵᠢᠨ ᠦᠢᠯᠡᠰ ᠦᠨ ᠳᠤᠮᠳᠠᠬᠢ ᠨᠢᠭᠡᠨ ᠭᠢᠯᠠᠯᠵᠠᠮ᠎ᠠ ᠦᠢᠯᠡᠳᠦᠯᠭᠡᠵᠢᠭᠦᠯᠦᠭ᠍ᠴᠢ ᠪᠠ ᠠᠬᠢᠭᠤᠯᠤᠭᠴᠢ ᠪᠣᠯᠤᠭᠰᠠᠨ ᠪᠠᠶᠢᠨ᠎ᠠ᠃