ᠲᠠᠷᠢᠶᠠᠨ ᠭᠠᠵᠠᠷ ᠲᠠᠢ ᠬᠤᠯᠪᠤᠭᠳᠠᠬᠤ ᠠᠰᠠᠭᠤᠳᠠᠯ ᠢ ᠬᠦᠴᠦᠲᠠᠢ ᠴᠡᠭᠴᠡᠯᠡᠨ ᠵᠠᠰᠠᠵᠠᠢ

 ᠄ 2025-07-06 10:55:09

 ᠲᠦᠷᠦᠭᠦᠬᠡᠨ ᠱᠠᠨᠳᠦ᠋ᠩ ᠮᠤᠵᠢ ᠢᠢᠨ ᠯᠠᠶᠢᠰᠢ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠪᠥᠬᠥ ᠬᠣᠲᠠ ᠳᠤ ᠲᠣᠰᠬᠣᠨ ᠤ ᠱᠠᠲᠤᠨ ᠤ ᠡᠳ᠋ ᠦᠨ ᠶᠠᠪᠤᠳᠠᠯ ᠤᠨ ᠠᠵᠢᠯᠲᠠᠨ ᠤ ᠠᠷᠢᠭᠤᠨ ᠴᠢᠬᠡᠴᠢ ᠪᠡᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠪᠠᠶᠢᠬᠤ ᠲᠤᠬᠠᠢ ᠬᠢᠨᠠᠨ ᠪᠠᠶᠢᠴᠠᠭᠠᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠪᠥᠬᠥ ᠬᠣᠲᠠ ᠢᠢᠨ 727 ᠲᠣᠰᠬᠣᠨ ᠤ ᠱᠠᠲᠤᠨ ᠤ ᠡᠵᠡᠩᠨᠡᠨ ᠬᠠᠮᠢᠶᠠᠷᠤᠭᠴᠢ ᠲᠠᠶ ᠠᠷᠢᠭᠤᠨ ᠴᠢᠬᠡᠴᠢ ᠪᠡᠷ ᠵᠠᠰᠠᠭ ᠪᠠᠷᠢᠬᠤ ᠲᠤᠬᠠᠶ ᠶᠠᠷᠢᠯᠴᠠᠭ᠎ᠠ ᠬᠢᠭ᠍ᠰᠡᠨ ᠪᠥᠭᠡᠳ ᠭᠠᠵᠠᠷ ᠰᠢᠷᠣᠶ ᠲᠠᠲᠠᠪᠤᠷᠢᠯᠠᠭᠰᠠᠨ ᠲᠥᠯᠥᠪᠦᠷᠢ ᠢᠢᠨ ᠵᠣᠭᠣᠰ ᠢ ᠨᠡᠭᠦᠯᠭᠡᠨ ᠬᠡᠷᠡᠭ᠍ᠯᠡᠭ᠍ᠰᠡᠨ ᠨᠡᠶᠢᠲᠡᠯᠢᠭ ᠬᠡᠷᠡᠭ ᠦᠨ ᠵᠢᠱᠢᠶ᠎ᠡ ᠢᠢ ᠢᠯᠡ ᠪᠡᠷ ᠵᠠᠷᠯᠠᠨ ᠮᠡᠳᠡᠭ᠍ᠳᠡᠪᠡ᠃

ᠬᠡᠷᠡᠭ ᠦᠨ ᠵᠢᠱᠢᠶ᠎ᠡ ᠢᠢ ᠮᠡᠳᠡᠭ᠍ᠳᠡᠭ᠍ᠰᠡᠨ ᠦ ᠳᠠᠷᠠᠭᠠᠬᠠᠨ ᠵᠣᠣ ᠣᠪᠣᠭᠲᠤ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠳᠦ ᠰᠠᠨᠠᠭᠠᠴᠢᠯᠠᠭ᠎ᠠ ᠠᠴᠠ ᠪᠠᠨ ᠬᠡᠷᠡᠭ ᠢᠶᠡᠨ ᠬᠦᠯᠢᠶᠡᠵᠡᠶ᠃ ᠯᠠᠶᠢᠰᠢ ᠬᠤᠳᠠ ᠢᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠲᠤᠰ ᠬᠤᠳᠠ ᠢᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢᠭᠡ ᠡᠴᠡ ᠵᠦᠢᠴᠢᠯᠡᠵᠦ ᠨᠦᠬᠦᠭᠡ ᠢᠢ ᠮᠡᠳᠡᠬᠦ ᠢᠢ ᠪᠠᠷᠢᠮᠲᠠᠯᠠᠵᠤ᠂ 2022 ᠣᠨ ᠠᠴᠠ ᠨᠠᠭᠠᠰᠢᠬᠢ ᠭᠠᠵᠠᠷ ᠰᠢᠷᠣᠢ ᠲᠠᠲᠠᠪᠤᠷᠢᠯᠠᠬᠤ ᠳᠤ ᠬᠣᠯᠪᠣᠭᠳᠠᠭᠰᠠᠨ 34 ᠲᠦᠷᠦᠯ ᠵᠦᠢᠯ ᠢ ᠪᠦᠬᠦ ᠲᠠᠯ᠎ᠠ ᠪᠠᠷ ᠪᠠᠶᠢᠴᠠᠭᠠᠪᠠ᠃ ᠣᠲᠣᠬᠠᠨ ᠪᠣᠯᠲᠠᠯ᠎ᠠ ᠨᠢᠭᠡᠨᠲᠡ 6 ᠬᠥᠮᠦᠨ ᠢ ᠬᠡᠷᠡᠭ ᠪᠣᠯᠭᠠᠨ ᠳᠡᠩᠰᠡᠯᠡᠵᠦ᠂ 5 ᠬᠥᠮᠦᠨ ᠳᠦ ᠨᠠᠮ ᠤᠨ ᠰᠠᠬᠢᠯᠭ᠎ᠠ ᠪᠠᠲᠤ ᠢᠢᠨ ᠰᠢᠢᠳᠭᠡᠯ ᠥᠭ᠍ᠴᠦ᠂ 2 ᠬᠥᠮᠦᠨ ᠢ ᠬᠠᠸᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠪᠡ ᠭᠡᠵᠦ ᠲᠠᠨᠢᠯᠴᠠᠭᠤᠯᠪᠠ᠃

ᠱᠠᠨᠳᠦ᠋ᠩ ᠮᠤᠵᠢ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠣᠶᠢᠷ᠎ᠠ ᠢᠢᠨ ᠵᠢᠯ ᠳᠦ ᠪᠦᠬᠦ ᠮᠤᠵᠢ ᠢᠢᠨ ᠪᠠᠶᠢᠴᠠᠭᠠᠨ ᠰᠢᠢᠳᠪᠦᠷᠢᠯᠡᠭ᠍ᠰᠡᠨ ᠭᠠᠵᠠᠷ ᠰᠢᠷᠣᠶ ᠲᠠᠲᠠᠪᠤᠷᠢᠯᠠᠬᠤ ᠬᠦᠷᠢᠶᠡᠨ ᠳᠡᠬᠢ ᠬᠣᠯᠪᠣᠭᠳᠠᠯ ᠪᠦᠬᠦᠢ ᠬᠡᠷᠡᠭ ᠲᠦ ᠦᠨᠳᠦᠰᠦᠨ ᠵᠠᠳᠠᠯᠤᠯᠲᠠ ᠬᠢᠪᠡ᠃ ᠭᠣᠣᠯ ᠪᠠᠶᠢᠴᠠᠭᠠᠬᠤ ᠴᠢᠭ᠍ᠯᠡᠯ ᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ︽ᠨᠥᠬᠥᠪᠥᠷᠢ ᠢᠢᠨ ᠵᠠᠷᠤᠳᠠᠯ ᠢ ᠭᠠᠴᠠᠭᠠᠨ ᠤ ᠬᠠᠮᠲᠤ ᠢᠢᠨ ᠲᠠᠩᠰᠠᠨ ᠡᠷᠦᠬᠡ ᠳᠦ ᠣᠷᠣᠭᠤᠯᠤᠭᠰᠠᠨ ᠤ ᠳᠠᠷᠠᠭ᠎ᠠ ᠰᠢᠶᠠᠩ ᠪᠠᠯᠭᠠᠰᠤᠨ ᠤ ᠡᠳ᠋ ᠦᠨ ᠵᠠᠰᠠᠭ ᠲᠤ ᠲᠦᠷ ᠵᠢᠭᠡᠯᠡᠭᠦᠯᠵᠦ᠂ ᠢᠯᠡ ᠪᠡᠷ ᠵᠠᠷᠯᠠᠨ ᠨᠡᠶᠢᠲᠡᠯᠡᠬᠦ ᠪᠠ ᠭᠠᠴᠠᠭᠠᠨ ᠤ ᠠᠷᠠᠳ ᠤᠨ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠭᠦᠢᠴᠡᠳᠭᠡᠭ᠍ᠰᠡᠨ ᠥᠬᠡᠶ ᠪᠠᠶᠢᠳᠠᠯ ᠳᠣᠸᠷ᠎ᠠ ᠪᠠᠯᠠ ᠮᠥᠩᠭᠥ ᠢᠢ ᠪᠤᠰᠤᠳ ᠵᠦᠢᠯ ᠳᠦ ᠨᠡᠭᠦᠯᠭᠡᠨ ᠬᠡᠷᠡᠭ᠍ᠯᠡᠬᠦ ︾ᠬᠣᠶᠠᠷ ᠲᠥᠷᠥᠯ ᠦᠨ ᠣᠯᠠᠨ ᠲᠦᠮᠡᠨ ᠦ ᠠᠰᠢᠭ ᠲᠤᠰᠠ ᠢᠢ ᠬᠣᠬᠢᠷᠠᠭᠤᠯᠬᠤ ᠦᠢᠯᠡ ᠠᠵᠢᠯᠯᠠᠭ᠎ᠠ ᠢᠢ ᠴᠢᠩᠭ᠎ᠠ ᠠᠩᠬᠠᠷᠴᠤ᠂ ᠤᠬᠠᠭᠠᠯᠠᠨ ᠠᠪᠬᠤ ᠪᠠ ᠮᠡᠬᠡᠯᠡᠨ ᠠᠪᠬᠤ᠂ ᠱᠠᠮᠰᠢᠨ ᠡᠵᠡᠯᠡᠬᠦ᠂ ᠦᠯᠡᠳᠡᠭᠡᠨ ᠠᠪᠴᠤ ᠨᠡᠭᠦᠯᠭᠡᠨ ᠬᠡᠷᠡᠭ᠍ᠯᠡᠬᠦ᠂ ᠢᠳᠡᠬᠦ ᠠᠪᠬᠤ ᠭᠠᠴᠢᠬᠤ ᠪᠠ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ᠂ ᠬᠠᠷᠢᠭᠤᠴᠠᠯᠭ᠎ᠠ ᠡᠭᠦᠷᠭᠡᠯᠡᠬᠦ ᠥᠬᠡᠶ ᠠᠵᠢᠯ ᠬᠢᠬᠦ ᠥᠬᠡᠶ ᠵᠡᠷᠭᠡ ᠠᠰᠠᠭᠤᠳᠠᠯ ᠢ ᠲᠦᠷᠭᠡᠨ ᠪᠠᠶᠢᠴᠠᠭᠠᠨ ᠴᠡᠭ᠍ᠴᠡᠯᠡᠨ ᠵᠠᠰᠠᠪᠠ᠃

ᠨᠢᠳᠤᠨᠤᠨ ᠤ 5 ᠰᠠᠷ᠎ᠠ ᠳᠤ ᠴᠡᠭ᠍ᠴᠡᠯᠡᠨ ᠵᠠᠰᠠᠬᠤ ᠠᠵᠢᠯ ᠢ ᠥᠷᠨᠢᠭᠦᠯᠦᠭ᠍ᠰᠡᠨ ᠡᠴᠡ ᠨᠠᠭᠠᠰᠢ᠂ ᠲᠣᠰ ᠮᠤᠵᠢ ᠢᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠣᠰ ᠬᠦᠷᠢᠶᠡᠨ ᠳᠡᠬᠢ ᠠᠰᠠᠭᠤᠳᠠᠯ ᠤᠨ ᠰᠦᠪᠡᠭ᠍ᠴᠢ ᠢᠢ ᠨᠡᠶᠢᠲᠡ 1059 ᠭᠥᠯᠢᠶᠡᠨ ᠠᠪᠴᠤ ᠰᠢᠢᠳᠪᠦᠷᠢᠯᠡᠵᠦ ᠂ 697 ᠠᠰᠠᠭᠤᠳᠠᠯ  ᠢ ᠬᠡᠷᠡᠭ ᠪᠣᠯᠭᠠᠨ ᠳᠡᠩᠰᠡᠯᠡᠵᠦ᠂ 548 ᠬᠥᠮᠦᠨ ᠳᠦ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠭᠡᠯ ᠥᠭ᠍ᠴᠦ᠂ 35 ᠬᠥᠮᠦᠨ ᠢ ᠬᠠᠸᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠪᠡ᠃ ᠱᠠᠨᠳᠦ᠋ᠩ ᠮᠤᠵᠢ ᠢᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ︽ᠳᠠᠬᠢᠨ ᠬᠢᠨᠠᠯᠲᠠ ᠲᠠᠯᠪᠢᠬᠤ︾ ᠡᠭᠦᠷᠭᠡ ᠴᠢᠳᠠᠪᠬᠢ ᠢᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠨᠠᠷᠢᠨ ᠲᠠᠩᠰᠠ ᠢᠢᠨ ᠬᠡᠯᠪᠡᠷᠢ᠂ ᠪᠠᠶᠢᠴᠠᠭᠠᠨ ᠰᠤᠳᠤᠯᠬᠤ ᠬᠡᠯᠪᠡᠷᠢ᠂ ᠳᠣᠷᠣᠭᠰᠢ ᠪᠠᠭᠤᠯᠭᠠᠬᠤ ᠬᠡᠯᠪᠡᠷᠢ ᠵᠡᠷᠭᠡ ᠡᠯ᠎ᠡ ᠲᠥᠷᠥᠯ ᠦᠨ ᠬᠢᠨᠠᠯᠲᠠ ᠲᠠᠯᠪᠢᠬᠤ ᠠᠷᠭ᠎ᠠ ᠬᠡᠯᠪᠡᠷᠢ ᠢᠢ ᠨᠡᠪᠲᠡᠷᠡᠲᠡᠯ᠎ᠡ ᠬᠡᠷᠡᠭ᠍ᠯᠡᠵᠦ᠂ ᠬᠣᠯᠪᠣᠭᠠᠯᠠᠨ ᠬᠥᠳᠡᠯᠦᠯᠴᠡᠬᠦ ᠬᠢᠨᠠᠯᠲᠠ ᠲᠠᠯᠪᠢᠬᠤ ᠲᠣᠭᠲᠠᠴᠠ ᠢᠢ ᠪᠠᠶᠢᠭᠤᠯᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠵᠢᠱᠢᠶᠡᠯᠡᠪᠡᠯ ᠾᠸ ᠽᠸ ᠬᠣᠲᠠ ᠢᠢᠨ ᠮᠦᠳᠠᠨ ᠲᠣᠭᠣᠷᠢᠭ ᠤᠨ ᠬᠢᠨ ᠪᠠᠯᠭᠠᠰᠤ ᠲᠣᠰᠬᠣᠨ ᠢ ᠨᠢᠭᠡ ᠴᠤᠭᠴᠠᠵᠢᠭᠤᠯᠤᠨ ᠲᠣᠭᠣᠷᠢᠨ ᠪᠠᠶᠢᠴᠠᠭᠠᠬᠤ ᠠᠵᠢᠯ ᠢ ᠥᠷᠨᠢᠭᠦᠯᠬᠦ ᠳᠡᠭᠡᠨ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠦ ᠬᠠᠮᠠᠭᠠᠯᠠᠯᠲᠠ ᠢᠢᠨ ᠨᠥᠬᠥᠪᠥᠷᠢ ᠣᠯᠭᠣᠬᠤ ᠠᠰᠠᠭᠤᠳᠠᠯ ᠡᠴᠡ ᠭᠠᠷᠳᠠᠵᠤ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ᠂ ᠲᠣᠭ᠎ᠠ ᠪᠦᠷᠢᠳᠭᠡᠯ ᠦᠨ ᠬᠢᠨᠠᠯᠲᠠ ᠲᠠᠯᠪᠢᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠢᠢ ᠬᠣᠯᠪᠣᠯᠳᠤᠭᠤᠯᠤᠨ ᠬᠠᠮᠵᠢᠯᠴᠠᠬᠤ ᠲᠣᠭᠲᠠᠴᠠ ᠢᠢ ᠲᠡᠭᠦᠯᠳᠡᠷᠵᠢᠭᠦᠯᠦᠨ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠦ ᠬᠠᠮᠠᠭᠠᠯᠠᠯᠲᠠ ᠢᠢᠨ ᠨᠥᠬᠥᠪᠥᠷᠢ ᠢᠢ ᠬᠤᠳᠠᠯ ᠢᠶᠠᠷ ᠮᠡᠳᠡᠭᠦᠯᠵᠦ ᠮᠡᠬᠡᠯᠡᠨ ᠠᠪᠬᠤ ᠪᠠ ᠳᠠᠷᠤᠵᠤ ᠠᠪᠬᠤ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃

ᠲᠤᠰ ᠠᠰᠠᠭᠤᠳᠠᠯ ᠤᠨ ᠲᠣᠭᠣᠷᠢᠨ ᠳᠤ᠂ ᠾᠸ ᠽᠸ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠲᠣᠮᠣ ᠳ᠋ᠠᠶᠢᠲ᠋ᠠ ᠢᠢᠨ ᠠᠳᠠᠯᠢᠳᠬᠠᠨ ᠰᠡᠷᠡᠮᠵᠢᠯᠡᠭᠦᠯᠬᠦ ᠵᠠᠭᠪᠤᠷ ᠢ ᠪᠠᠶᠢᠭᠤᠯᠬᠤ᠂ ᠵᠦᠶ ᠵᠣᠬᠢᠰ ᠥᠬᠡᠶ ᠨᠡᠮᠡᠭ᠍ᠳᠡᠯ ᠲᠣᠭ᠎ᠠ ᠪᠠᠷᠢᠮᠲᠠ ᠢᠢ ᠨᠠᠷᠢᠯᠢᠭ ᠣᠨᠣᠴᠠᠲᠠᠶ ᠪᠠᠷ ᠰᠢᠭ᠍ᠰᠢᠨ ᠪᠠᠶᠢᠴᠠᠭᠠᠬᠤ᠂ ᠲᠤᠬᠠᠶ ᠢᠢᠨ ᠲᠠᠯᠠᠪᠠᠢ ᠳᠤ ᠬᠡᠮᠵᠢᠵᠦ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶ᠋ᠢᠭ ᠲᠠᠶ ᠤᠶᠠᠯᠳᠤᠭᠤᠯᠤᠨ᠂ ᠮᠡᠬᠡᠯᠡᠨ ᠠᠪᠬᠤ᠂ ᠦᠯᠡᠳᠡᠭᠡᠨ ᠠᠪᠴᠤ ᠨᠡᠭᠦᠯᠭᠡᠨ ᠬᠡᠷᠡᠭ᠍ᠯᠡᠬᠦ᠂ ᠨᠥᠬᠥᠪᠥᠷᠢ ᠪᠠᠯᠠ ᠮᠥᠩᠭᠥ ᠢᠢ ᠱᠠᠮᠰᠢᠨ ᠡᠵᠡᠯᠡᠬᠦ ᠵᠡᠷᠭᠡ ᠠᠰᠠᠭᠤᠳᠠᠯ ᠢ ᠪᠠᠶᠢᠴᠠᠭᠠᠨ ᠰᠢᠢᠳᠪᠦᠷᠢᠯᠡᠪᠡ᠃ ᠣᠳᠣᠬᠠᠨ ᠳᠤ ᠨᠢᠭᠡᠨᠲᠡ 55 ᠰᠡᠵᠢᠭ ᠲᠡᠶ ᠠᠰᠠᠭᠤᠳᠠᠯ ᠢ ᠰᠢᠭ᠍ᠰᠢᠨ ᠪᠠᠶᠢᠴᠠᠭᠠᠵᠤ᠂ ᠡᠯ᠎ᠡ ᠰᠢᠶᠠᠨ ᠲᠣᠭᠣᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠳᠦ ᠰᠢᠯᠵᠢᠭᠦᠯᠦᠨ ᠤᠯᠠᠮ ᠨᠢᠭᠡ ᠠᠯᠬᠤᠮ ᠪᠠᠶᠢᠴᠠᠭᠠᠨ ᠬᠠᠷᠭᠤᠭᠤᠯᠵᠠᠶ᠃ ᠣᠶᠢᠷ᠎ᠠ ᠳᠤ ᠫᠢᠩ ᠳ᠋ᠦ᠋ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠷᠢᠶᠠᠨ ᠭᠠᠵᠠᠷ ᠤᠨ ᠬᠠᠮᠠᠭᠠᠯᠠᠯᠲᠠ ᠢᠢᠨ ᠬᠦᠷᠢᠶᠡᠨ ᠳᠡᠬᠢ ᠬᠢᠨᠠᠯᠲᠠ ᠪᠠᠶᠢᠴᠠᠭᠠᠯᠲᠠ ᠪᠠ ᠭᠠᠵᠠᠷ ᠰᠢᠷᠣᠶ ᠲᠠᠲᠠᠪᠤᠷᠢᠯᠠᠬᠤ ᠲᠣᠪᠣᠶᠢᠮ᠎ᠠ ᠠᠰᠠᠭᠤᠳᠠᠯ ᠢ ᠴᠡᠭ᠍ᠴᠡᠯᠡᠨ ᠵᠠᠰᠠᠬᠤ ᠬᠣᠶᠠᠷ ᠵᠦᠢᠯ ᠦᠨ ᠭᠣᠸᠯᠳᠠᠯᠭ᠎ᠠ ᠲᠠᠶ ᠡᠭᠦᠷᠭᠡ ᠢᠢ ᠴᠢᠩᠭ᠎ᠠ ᠠᠳᠬᠤᠵᠤ᠂ ᠰᠢᠪᠠᠳᠠᠨ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ 17 ᠪᠠᠯᠭᠠᠰᠤ ︵ᠵᠡᠭᠡᠯᠢ ᠭᠤᠳᠤᠮᠵᠢ︶ ᠳ᠋ᠤ ︽ᠨᠡᠪᠲᠡᠯᠬᠦ ᠮᠠᠶ᠋ᠢᠭ︾ ᠤᠨ ᠬᠢᠨᠠᠨ ᠪᠠᠶᠢᠴᠠᠭᠠᠯᠲᠠ ᠥᠷᠨᠢᠭᠦᠯᠵᠦ᠂ ᠪᠠᠯᠭᠠᠰᠤ ︵ᠵᠡᠭᠡᠯᠢ ᠭᠤᠳᠤᠮᠵᠢ︶ ᠵᠢᠨ ᠰᠠᠬᠢᠯᠭ᠎ᠠ ᠪᠠᠲᠤ ᠪᠠᠶᠢᠴᠠᠭᠠᠬᠤ ︵ᠠᠵᠢᠯ ᠤᠨ︶ ᠬᠣᠷᠢᠶ᠎ᠠ ᠢᠢᠨ 5 ᠱᠦᠵᠢ ᠲᠡᠶ ᠪᠣᠯᠵᠣᠨ ᠶᠠᠷᠢᠯᠴᠠᠵᠤ᠂ 14 ᠠᠰᠠᠭᠤᠳᠠᠯ ᠢ ᠢᠯᠡᠷᠡᠭᠦᠯᠦᠭ᠍ᠰᠡᠨ ᠪᠥᠭᠡᠳ ᠰᠢᠢᠳᠪᠦᠷᠢᠯᠡᠬᠦ ᠢᠢ ᠳᠥᠯᠭᠢᠨ ᠠᠬᠢᠭᠤᠯᠪᠠ᠃ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠢᠯᠡᠷᠡᠭᠦᠯᠦᠭ᠍ᠰᠡᠨ ᠠᠰᠠᠭᠤᠳᠠᠯ ᠳᠤ ᠴᠢᠭ᠍ᠯᠡᠭᠦᠯᠦᠨ᠂ ᠫᠢᠩ ᠳ᠋ᠦ᠋ ᠬᠣᠲᠠ ᠢᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ 35 ᠵᠦᠢᠯ ᠦᠨ ᠴᠡᠭ᠍ᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ 1 ᠬᠤᠪᠢ ᠬᠢᠨᠠᠨ ᠪᠠᠶᠢᠴᠠᠭᠠᠬᠤ ᠰᠠᠨᠠᠭᠤᠯᠭ᠎ᠠ ᠢᠢᠨ ᠪᠢᠴᠢᠭ ᠲᠣᠭᠲᠠᠭᠠᠨ ᠲᠠᠷᠬᠠᠭᠠᠵᠤ᠂ 22 ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠢᠢ ᠰᠢᠪᠠᠳᠠᠪᠠ᠃

︽ᠪᠢᠳᠡ ᠪᠥᠬᠥ ᠶᠠᠪᠤᠴᠠ ᠳᠤ ᠬᠢᠨᠠᠯᠲᠠ ᠲᠠᠯᠪᠢᠬᠤ ᠢᠢ ᠴᠢᠩᠭᠠᠳᠬᠠᠵᠤ᠂ ᠠᠰᠠᠭᠤᠳᠠᠯ ᠢ ᠴᠡᠭ᠍ᠴᠡᠯᠡᠨ ᠰᠠᠶᠢᠵᠢᠷᠠᠭᠤᠯᠬᠤ ᠢᠢ ᠴᠢᠩᠭ᠎ᠠ ᠠᠩᠬᠠᠷᠴᠤ᠂ ᠰᠠᠬᠢᠯᠭ᠎ᠠ ᠪᠠᠲᠤ ᠬᠠᠸᠯᠢ ᠬᠡᠷᠡᠭ᠍ᠵᠢᠭᠦᠯᠬᠦ ᠢᠢ ᠦᠷᠭᠦᠯᠵᠢᠯᠡᠨ ᠴᠢᠩᠭᠠᠳᠬᠠᠵᠤ᠂ ᠰᠢᠰᠲ᠋ᠧᠮᠲᠦ ᠰᠡᠳᠭᠢᠬᠦᠶ ᠪᠡᠷ ᠬᠢᠨᠠᠯᠲᠠ ᠲᠠᠯᠪᠢᠬᠤ ᠪᠠᠷ ᠶᠡᠷᠦᠩᠬᠡᠶᠢᠯᠡᠨ ᠴᠡᠭ᠍ᠴᠡᠯᠡᠨ ᠵᠠᠰᠠᠬᠤ ᠢᠢ ᠳᠥᠯᠭᠢᠨ ᠠᠬᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠲᠤᠬᠠᠶ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠣᠳᠣᠯᠭ᠎ᠠ ᠢᠢᠨ ᠪᠠᠶᠢᠷᠢᠯᠠᠭᠤᠯᠤᠯᠲᠠ ᠢᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠢᠢ ᠪᠠᠲᠤᠯᠠᠨ᠎ᠠ︾ᠭᠡᠵᠦ ᠫᠢᠩ ᠳ᠋ᠦ᠋ ᠬᠤᠳᠠ ᠢᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃

︵ᠸᠠᠩ ᠵᠦᠸᠸ︶