ᠬᠠᠮ ᠵᠠᠭᠤᠴᠢᠯᠠᠭᠤᠷ ᠤᠨ ᠴᠠᠭ ᠦᠶ᠎ᠡ ᠳᠤ ᠰᠣᠨᠢᠨ ᠮᠡᠳᠡᠭᠡᠨ ᠦ ᠡᠬᠡ ᠪᠢᠴᠢᠭ ᠢ ᠬᠡᠷᠬᠢᠨ ᠪᠢᠴᠢᠬᠦ ᠪᠤᠢ

2026-04-28 10:59:47

ᠬᠠᠮ ᠵᠠᠭᠤᠴᠢᠯᠠᠭᠤᠷ ᠤᠨ ᠴᠠᠭ ᠦᠶ᠎ᠡ ᠢᠢᠨ ᠰᠣᠨᠢᠨ ᠮᠡᠳᠡᠭᠡᠨ ᠦ ᠵᠣᠬᠢᠶᠠᠨ ᠪᠢᠴᠢᠯᠭᠡ ᠨᠢ ᠨᠡᠶᠢᠭᠡᠮ ᠦᠨ ᠬᠠᠷᠢᠯᠴᠠᠭᠠᠨ ᠤ ᠵᠠᠭᠤᠴᠢᠯᠠᠭᠤᠷ᠂ ᠲ᠋ᠧᠯᠸᠢᠰ᠂ ᠰᠣᠨᠢᠨ ᠵᠡᠷᠭᠡ ᠠᠳᠠᠯᠢ ᠪᠤᠰᠤ ᠵᠠᠭᠤᠴᠢᠯᠠᠭᠤᠷ ᠤᠨ ᠲᠠᠪᠴᠠᠩ ᠤᠨ ᠬᠡᠷᠡᠭ᠍ᠴᠡᠭᠡ ᠢᠢ ᠬᠠᠩᠭᠠᠬᠤ ᠬᠡᠷᠡᠭ᠍ᠲᠡᠶ᠃ ᠰᠣᠨᠢᠨ ᠮᠡᠳᠡᠭᠡᠨ ᠦ ᠵᠣᠬᠢᠶᠠᠨ ᠪᠢᠴᠢᠯᠭᠡ ᠨᠢ ᠬᠠᠮ ᠵᠠᠭᠤᠴᠢᠯᠠᠭᠤᠷ ᠤᠨ ᠴᠠᠭ ᠦᠶ᠎ᠡ ᠳᠦ ᠲᠤᠶᠢᠯ ᠤᠨ ᠴᠢᠬᠤᠯᠠ ᠶᠤᠮ᠃ ᠮᠡᠳᠡᠭᠡ ᠵᠠᠩᠭᠢ ᠳᠠᠮᠵᠢᠭᠤᠯᠬᠤ ᠬᠤᠷᠳᠤᠴᠠ ᠲᠦᠷᠭᠡᠰᠴᠦ᠂ ᠬᠦᠯᠢᠶᠡᠨ ᠠᠪᠤᠭᠴᠢᠳ ᠤᠨ ᠰᠣᠨᠢᠨ ᠮᠡᠳᠡᠭᠡᠨ ᠦ ᠬᠡᠷᠡᠭ᠍ᠴᠡᠭᠡ ᠱᠠᠭᠠᠷᠳᠠᠯᠭ᠎ᠠ ᠨᠢ ᠴᠦ ᠣᠯᠠᠨ ᠶᠠᠩᠵᠤ ᠪᠣᠯᠵᠣ ᠪᠠᠶᠢᠬᠤ ᠴᠠᠭ ᠲᠤ ᠰᠢᠯᠢᠳᠡᠭ ᠰᠠᠶᠢᠨ ᠰᠣᠨᠢᠨ ᠮᠡᠳᠡᠭᠡᠨ ᠦ ᠵᠣᠬᠢᠶᠠᠨ ᠪᠢᠴᠢᠯᠭᠡ ᠨᠢ ᠰᠣᠨᠢᠨ ᠮᠡᠳᠡᠭᠡᠨ ᠦ ᠤᠯᠠᠮᠵᠢᠯᠠᠨ ᠳᠠᠮᠵᠢᠭᠤᠯᠬᠤ ᠦᠷ᠎ᠡ ᠪᠦᠲᠦᠮᠵᠢ ᠢᠢ ᠳᠡᠭᠡᠭ᠍ᠰᠢᠯᠡᠭᠦᠯᠵᠦ᠂ ᠬᠦᠯᠢᠶᠡᠨ ᠠᠪᠤᠭᠴᠢᠳ ᠤᠨ ᠢᠲᠡᠭᠡᠯ ᠪᠤᠯᠤᠨ ᠦᠨᠡᠨᠴᠢ ᠪᠡᠷ ᠬᠦᠯᠢᠶᠠᠨ ᠠᠪᠬᠤ ᠬᠡᠮᠵᠢᠶ᠎ᠡ ᠢᠢ ᠨᠡᠮᠡᠭ᠍ᠳᠡᠭᠦᠯᠦᠨ᠂ ᠵᠠᠭᠤᠴᠢᠯᠠᠭᠤᠷ ᠤᠨ ᠬᠥᠭ᠍ᠵᠢᠯᠲᠡ ᠪᠠ ᠪᠤᠵᠠᠭᠠᠶᠢᠷᠠᠯ ᠢ ᠠᠬᠢᠭᠤᠯᠳᠠᠭ᠃ ᠨᠢᠭᠡ᠂ᠰᠣᠨᠢᠨ ᠮᠡᠳᠡᠭᠡᠨ ᠦ ᠦᠨᠡᠨ ᠪᠣᠳᠠᠲᠤ ᠴᠢᠨᠠᠷ ᠢ ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠣᠣᠯᠴᠢ ᠪᠠᠷ ᠮᠡᠳᠡᠭᠡᠯᠡᠬᠦ ᠬᠡᠷᠡᠭ᠍ᠲᠡᠢ᠃ ᠦᠨᠡᠨ ᠪᠣᠳᠠᠲᠤ ᠴᠢᠨᠠᠷ ᠪᠣᠯ ᠰᠣᠨᠢᠨ ᠮᠡᠳᠡᠭᠡᠨ ᠦ ᠠᠮᠢᠨ ᠰᠤᠳᠠᠰᠤ ᠮᠥᠨ᠂ ᠪᠠᠰᠠ ᠴᠤ ᠰᠣᠨᠢᠨ ᠮᠡᠳᠡᠭᠡᠨ ᠦ ᠵᠣᠬᠢᠶᠠᠨ ᠪᠢᠴᠢᠯᠭᠡ ᠢᠢᠨ ᠦᠨᠳᠦᠰᠦᠨ ᠵᠠᠷᠴᠢᠮ ᠮᠥᠨ᠃ ᠬᠠᠮ ᠵᠠᠭᠤᠴᠢᠯᠠᠭᠤᠷ ᠤᠨ ᠴᠠᠭ ᠦᠶ᠎ᠡ ᠳᠦ ᠮᠡᠳᠡᠭᠡ ᠵᠠᠩᠭᠢ ᠢᠢᠨ ᠳᠠᠮᠵᠢᠭᠤᠯᠭ᠎ᠠ ᠢᠢᠨ ᠬᠤᠷᠳᠤᠴᠠ ᠲᠦᠷᠭᠡᠰᠴᠦ᠂ ᠠᠭᠤᠯᠭ᠎ᠠ ᠵᠢᠨ ᠬᠦᠷᠢᠶ᠎ᠡ ᠬᠡᠪᠴᠢᠶ᠎ᠡ ᠥᠷᠭᠡᠳᠴᠦ ᠪᠠᠶᠢᠬᠤ ᠪᠣᠯᠬᠣᠷ ᠰᠣᠨᠢᠨ ᠮᠡᠳᠡᠭᠡᠨ ᠦ ᠠᠵᠢᠯᠲᠠᠳ ᠰᠣᠨᠢᠨ ᠮᠡᠳᠡᠭᠡᠨ ᠦ ᠦᠨᠡᠨ ᠪᠣᠳᠠᠲᠤ ᠴᠢᠨᠠᠷ ᠢ ᠪᠠᠷᠢᠮᠲᠠᠯᠠᠵᠤ᠂ ᠪᠤᠰᠤᠳᠴᠢ ᠲᠥᠪ ᠭᠣᠣᠯᠴᠢ ᠮᠡᠳᠡᠭᠡᠯᠡᠯ ᠪᠢᠴᠢᠬᠦ ᠢᠢ ᠤᠯᠠᠮ ᠢᠯᠡᠭᠦᠦ ᠠᠩᠬᠠᠷᠬᠤ ᠬᠡᠷᠡᠭᠲᠡᠢ ᠶᠤᠮ᠃ ᠦᠨᠡᠨ ᠪᠣᠳᠠᠲᠤ ᠴᠢᠨᠠᠷ ᠨᠢ ᠰᠣᠨᠢᠨ ᠮᠡᠳᠡᠭᠡᠨ ᠦ ᠦᠢᠯᠡ ᠶᠠᠪᠤᠳᠠᠯ ᠤᠨ ᠵᠥᠪ ᠣᠨᠣᠪᠴᠢᠲᠠᠶ ᠪᠠᠶᠢᠬᠤ ᠳᠡᠭᠡᠷ᠎ᠡ ᠢᠯᠡᠷᠡᠵᠦ᠂ ᠪᠣᠳᠠᠲᠤ ᠶᠠᠪᠤᠳᠠᠯ ᠢ ᠪᠦᠬᠦ ᠲᠠᠯ᠎ᠠ ᠪᠠᠷ᠂ ᠪᠤᠰᠤᠳᠴᠢ᠂ ᠲᠥᠪ ᠭᠣᠣᠯᠴᠢ ᠪᠠᠷ ᠢᠯᠡᠷᠡᠭᠦᠯᠬᠦ ᠵᠢ ᠱᠠᠭᠠᠷᠳᠠᠵᠤ ᠪᠠᠶᠢᠳᠠᠭ᠃ ᠦᠢᠯᠡ ᠶᠠᠪᠤᠳᠠᠯ ᠢ ᠴᠢᠩᠭ᠎ᠠ ᠨᠢᠮᠪᠠᠶ ᠬᠢᠨᠠᠨ ᠬᠠᠷᠭᠤᠭᠤᠯᠬᠤ ᠬᠡᠷᠡᠭ᠍ᠲᠡᠶ᠃ ᠰᠣᠨᠢᠨ ᠮᠡᠳᠡᠭᠡ ᠨᠢ ᠡᠷᠬᠡᠪᠰᠢ ᠪᠣᠳᠠᠲᠤ ᠬᠡᠷᠡᠭ ᠶᠠᠪᠤᠳᠠᠯ ᠵᠢᠡᠷ ᠰᠠᠭᠤᠷᠢ ᠪᠤᠯᠭᠠᠨ᠎ᠠ᠂ ᠪᠣᠳᠠᠲᠤ ᠬᠡᠷᠡᠭ ᠶᠠᠪᠤᠳᠠᠯ ᠪᠣᠯ ᠰᠣᠨᠢᠨ ᠮᠡᠳᠡᠭᠡᠨ ᠦ ᠡᠬᠢ ᠰᠤᠷᠪᠤᠯᠵᠢ ᠪᠤᠯᠳᠠᠭ᠃ ᠵᠣᠬᠢᠶᠠᠨ ᠪᠢᠴᠢᠬᠦ ᠶᠠᠪᠤᠴᠠ ᠳᠤ ᠰᠣᠨᠢᠨ ᠮᠡᠳᠡᠭᠡᠨ ᠦ ᠠᠵᠢᠯᠲᠠᠳ ᠬᠡᠷᠡᠭ ᠤᠴᠢᠷ ᠤᠨ ᠵᠦᠪ ᠪᠤᠷᠤᠭᠤ ᠵᠢ ᠬᠢᠨᠠᠨ ᠮᠠᠭᠠᠳᠯᠠᠬᠤ ᠢᠢ ᠴᠢᠬᠤᠯᠠᠴᠢᠯᠠᠵᠤ᠂ ᠦᠨᠡᠨ ᠪᠣᠳᠠᠲᠤ ᠴᠢᠨᠠᠷ ᠢ ᠦᠨᠡᠨ ᠬᠦ ᠪᠠᠲᠤᠯᠠᠬᠤ ᠬᠡᠷᠡᠭ᠍ᠲᠡᠶ᠃ ᠵᠢᠱᠢᠶᠡᠯᠡᠪᠡᠯ ᠨᠢᠭᠡᠨ ᠤᠳᠠᠭᠠᠨ ᠤ ᠭᠡᠨᠡᠳᠲᠡ ᠢᠢᠨ ᠬᠡᠷᠡᠭ ᠢ ᠮᠡᠳᠡᠭᠡᠯᠡᠬᠦ ᠦᠶ᠎ᠡ ᠳᠦ᠂ ᠰᠣᠨᠢᠨ ᠮᠡᠳᠡᠭᠡᠨ ᠦ ᠠᠵᠢᠯᠲᠠᠳ ᠤᠯᠠᠨ ᠵᠦᠢᠯ ᠦᠨ ᠠᠷᠭ᠎ᠠ ᠵᠠᠮ ᠢᠶᠠᠷ ᠬᠡᠷᠡᠭ ᠶᠠᠪᠤᠳᠠᠯ ᠤᠨ ᠴᠠᠭ᠂ ᠭᠠᠵᠠᠷ᠂ ᠬᠥᠮᠦᠨ᠂ ᠰᠢᠯᠲᠠᠭᠠᠨ ᠵᠡᠷᠭᠡ ᠦᠨᠳᠦᠰᠦᠨ ᠪᠣᠳᠠᠲᠤ ᠬᠡᠷᠡᠭ ᠢ ᠬᠢᠨᠠᠨ ᠮᠠᠭᠠᠳᠯᠠᠵᠤ᠂ ᠮᠡᠳᠡᠭᠡᠯᠡᠯ ᠦᠨ ᠵᠥᠪ ᠣᠨᠣᠪᠴᠢᠲᠠᠶ ᠪᠠᠶᠢᠬᠤ ᠢᠢ ᠦᠨᠡᠨ ᠬᠦ ᠪᠠᠲᠤᠯᠠᠬᠤ ᠬᠡᠷᠡᠭ᠍ᠲᠡᠶ᠃ ᠦᠢᠯᠡ ᠶᠠᠪᠤᠳᠠᠯ ᠢ ᠪᠥᠬᠥ ᠲᠠᠯ᠎ᠠ ᠪᠠᠷ ᠢᠯᠡᠷᠡᠭᠦᠯᠬᠦ ᠪᠠᠷ ᠴᠢᠷᠮᠠᠶᠢᠨ᠎ᠠ᠃ ᠰᠣᠨᠢᠨ ᠮᠡᠳᠡᠭᠡᠨ  ᠳᠡᠭᠡᠨ ᠬᠡᠷᠡᠭ ᠤᠴᠢᠷ ᠢ ᠪᠦᠬᠦ ᠲᠠᠯ᠎ᠠ ᠪᠠᠷ ᠢᠯᠡᠷᠡᠭᠦᠯᠵᠦ᠂ ᠥᠷᠥᠭᠡᠰᠦᠭᠡᠯ ᠢᠶᠡᠷ ᠶᠠᠷᠢᠵᠤ᠂ ᠦᠭᠡ ᠥᠭᠦᠯᠡᠪᠦᠷᠢ ᠢᠢ ᠲᠠᠰᠤᠳᠠᠨ ᠤᠳᠭ᠎ᠠ ᠰᠠᠨᠠᠭ᠎ᠠ ᠢᠢ ᠭᠠᠵᠢᠭᠤᠳᠠᠭᠤᠯᠵᠤ ᠪᠣᠯᠬᠤ ᠦᠭᠡᠢ᠃ ᠮᠡᠳᠡᠭᠡᠯᠡᠬᠦ ᠶᠠᠪᠤᠴᠠ ᠳᠤ ᠰᠣᠨᠢᠨ ᠮᠡᠳᠡᠭᠡᠨ ᠦ ᠠᠵᠢᠯᠲᠠᠳ ᠠᠯᠢ ᠴᠢᠳᠠᠬᠤ ᠪᠠᠷ ᠣᠯᠠᠨ ᠲᠠᠯ᠎ᠠ ᠠᠴᠠ ᠰᠤᠷᠪᠤᠯᠵᠢᠯᠠᠵᠤ᠂ ᠡᠯ᠎ᠡ ᠲᠠᠯ᠎ᠠ ᠢᠢᠨ ᠦᠵᠡᠯᠲᠡ ᠵᠤᠭᠰᠤᠯᠲᠠ ᠢᠢ ᠣᠯᠵᠤ᠂ ᠬᠦᠯᠢᠶᠡᠨ ᠠᠪᠤᠭᠴᠢᠳ ᠤᠨ ᠬᠡᠷᠡᠭ ᠶᠠᠪᠤᠳᠠᠯ ᠤᠨ ᠪᠦᠬᠦ ᠪᠠᠶᠢᠳᠠᠯ ᠢ ᠤᠶᠢᠯᠭᠠᠬᠤ ᠳᠦ ᠳᠥᠭᠥᠮ ᠦᠵᠡᠭᠦᠯᠦᠨ᠎ᠡ᠃ ᠵᠢᠱᠢᠶᠡᠯᠡᠪᠡᠯ ᠨᠢᠭᠡᠨ ᠮᠠᠷᠭᠤᠯᠳᠤᠭᠠᠨ ᠤ ᠴᠢᠨᠠᠷᠲᠠᠶ ᠬᠡᠷᠡᠭ ᠶᠠᠪᠤᠳᠠᠯ ᠢ ᠮᠡᠳᠡᠭᠡᠯᠡᠬᠦ ᠳᠡᠭᠡᠨ ᠰᠣᠨᠢᠨ ᠮᠡᠳᠡᠭᠡᠨ ᠦ ᠠᠵᠢᠯᠲᠠᠳ ᠲᠤᠰ ᠬᠡᠷᠡᠭ ᠶᠠᠪᠤᠳᠠᠯ ᠲᠠᠢ ᠬᠤᠯᠪᠤᠭᠳᠠᠵᠤ ᠮᠡᠳᠡᠬᠦ ᠡᠯ᠎ᠡ ᠲᠠᠯ᠎ᠠ ᠢᠢᠨ ᠬᠥᠮᠦᠨ ᠢ ᠰᠤᠷᠪᠤᠯᠵᠢᠯᠠᠵᠤ᠂ ᠠᠯᠢ ᠴᠢᠳᠠᠬᠤ ᠪᠠᠷ ᠪᠣᠳᠠᠲᠤ ᠬᠡᠷᠡᠭ ᠦᠨ ᠣᠯᠠᠨ ᠲᠠᠯᠠᠲᠤ ᠴᠢᠨᠠᠷ ᠢ ᠢᠯᠡᠷᠡᠭᠦᠯᠵᠦ᠂ ᠬᠦᠯᠢᠶᠡᠨ ᠠᠪᠤᠭᠴᠢᠳ ᠲᠤ ᠲᠤᠰ ᠬᠡᠷᠡᠭ ᠤᠴᠢᠷ ᠤᠨ ᠪᠦᠬᠦ ᠲᠠᠯ᠎ᠠ ᠵᠢᠨ ᠮᠡᠳᠡᠭᠡᠯᠡᠯ ᠢ ᠳᠠᠮᠵᠢᠭᠤᠯᠬᠤ ᠪᠠᠷ ᠴᠢᠷᠮᠠᠶᠢᠨ᠎ᠠ᠃ ᠪᠤᠰᠤᠳᠴᠢ ᠪᠥᠭᠡᠳ ᠭᠣᠣᠯᠴᠢ ᠪᠠᠷ ᠪᠢᠴᠢᠵᠦ ᠮᠡᠳᠡᠭᠡᠯᠡᠨ᠎ᠡ᠃ ᠰᠣᠨᠢᠨ ᠮᠡᠳᠡᠭᠡ ᠪᠢᠴᠢᠬᠦ ᠳ᠋ᠡᠭᠡᠨ ᠪᠤᠰᠤᠳᠴᠢ ᠪᠥᠭᠡᠳ ᠭᠣᠣᠯᠴᠢ ᠪᠠᠶᠢᠬᠤ ᠤᠪᠤᠷ ᠢ ᠠᠪᠴᠤ᠂ ᠬᠡᠷᠡᠭ ᠤᠴᠢᠷ ᠤᠨ ᠦᠨᠡᠨ ᠪᠠᠶᠢᠳᠠᠯ ᠢ ᠦᠭᠡᠶᠢᠰᠬᠡᠬᠦ ᠤᠳᠬ᠎ᠠ ᠰᠠᠨᠠᠭ᠎ᠠ ᠵᠢ ᠳᠠᠮᠵᠢᠭᠤᠯᠵᠤ ᠪᠣᠯᠬᠤ ᠤᠢᠭᠡᠢ᠃ ᠰᠣᠨᠢᠨ ᠮᠡᠳᠡᠭᠡᠨ ᠦ ᠠᠵᠢᠯᠲᠠᠳ ᠬᠦᠮᠦᠨ ᠬᠡᠷᠡᠭ ᠤᠴᠢᠷ ᠢ ᠰᠤᠷᠪᠤᠯᠵᠢᠯᠠᠨ ᠪᠢᠴᠢᠬᠦ ᠶᠠᠪᠤᠴᠠ ᠳᠤ ᠪᠤᠰᠤᠳᠴᠢ ᠲᠥᠪ ᠭᠣᠸᠯᠴᠢ ᠪᠠᠶᠢᠬᠤ ᠵᠠᠷᠴᠢᠮ ᠢ ᠢᠮᠠᠭᠲᠠ ᠵᠢᠷᠤᠮᠯᠠᠵᠤ᠂ ᠬᠤᠪᠢ ᠬᠥᠮᠦᠨ ᠦ ᠰᠡᠳᠭᠢᠯᠭᠡ᠂ ᠪᠡᠶᠡᠴᠢ ᠦᠵᠡᠯᠲᠡ ᠵᠡᠷᠭᠡ ᠬᠦᠴᠦᠨ ᠵᠦᠢᠯ ᠡᠴᠡ ᠪᠣᠯᠵᠣ ᠮᠡᠳᠡᠭᠡᠯᠡᠯ ᠦᠨ ᠲᠥᠪ ᠭᠣᠸᠯᠴᠢ ᠴᠢᠨᠠᠷ ᠢ ᠨᠥᠯᠥᠭᠡᠯᠡᠬᠦ ᠡᠴᠡ ᠵᠠᠶᠢᠯᠠᠰᠭᠢᠬᠤ ᠬᠡᠷᠡᠭ᠍ᠲᠡᠶ᠃ ᠵᠢᠱᠢᠶᠡᠯᠡᠪᠡᠯ ᠶᠠᠮᠠᠷ ᠨᠢᠭᠡᠨ ᠰᠣᠩᠭᠣᠭᠤᠯᠢ ᠵᠢᠨ ᠲᠤᠬᠠᠢ ᠮᠡᠳᠡᠭᠡᠯᠡᠬᠦ ᠳᠡᠭᠡᠨ ᠰᠣᠨᠢᠨ ᠮᠡᠳᠡᠭᠡᠨ ᠤ ᠠᠵᠢᠯᠲᠠᠳ ᠡᠯ᠎ᠡ ᠵᠢᠱᠢᠭ᠍ᠳᠡᠭ᠍ᠰᠡᠳ ᠦᠨ ᠦᠵᠡᠯᠲᠡ᠂ ᠢᠯᠡᠷᠡᠯ ᠢ ᠲᠥᠪ ᠭᠣᠣᠯᠴᠢ ᠪᠠᠷ ᠮᠡᠳᠡᠭᠡᠯᠡᠵᠦ᠂ ᠲᠡᠳᠡᠭᠡᠷ  ᠤᠨ ᠦᠨᠳᠤᠰᠤᠨ ᠪᠠᠶᠢᠳᠠᠯ  ᠢ ᠦᠨᠡᠨ ᠮᠦᠨ ᠵᠢᠡᠷ ᠳᠠᠮᠵᠢᠭᠤᠯᠤᠨ᠎ᠠ᠃ ᠦᠪᠡᠷ ᠤᠨ ᠲᠠᠨᠢᠯ ᠪᠤᠶᠤ ᠤᠶᠢᠷ᠎ᠠ ᠳᠤᠲᠤᠨᠤ ᠵᠢᠨ ᠬᠦᠮᠦᠨ ᠪᠠᠶᠢᠬᠤ ᠳᠤ ᠬᠦᠷᠪᠡᠯ ᠲᠡᠳᠡᠨ ᠢ ᠪᠡᠨ ᠥᠮᠥᠭᠡᠷᠡᠵᠦ ᠮᠠᠭᠲᠠᠨ ᠰᠠᠶᠢᠰᠢᠶᠠᠬᠤ ᠦᠩᠭᠡ ᠪᠤᠳᠤᠭ ᠲᠠᠢ ᠠᠭᠤᠯᠭ᠎ᠠ ᠵᠢ ᠤᠷᠤᠭᠤᠯᠬᠤ ᠡᠴᠡ ᠬᠢᠴᠢᠶᠡᠨ᠎ᠡ᠃ ᠬᠤᠶᠡᠷ᠂ᠰᠣᠨᠢᠨ ᠮᠡᠳᠡᠭᠡᠨ ᠦ ᠠᠩᠬᠠᠨ ᠤ ᠡᠭᠦᠳᠦᠯᠲᠡ ᠢᠢᠨ ᠴᠢᠨᠠᠷ ᠢ ᠪᠠᠷᠢᠮᠲᠠᠯᠠᠵᠤ᠂ ᠲᠤᠰᠬᠠᠢ ᠮᠡᠷᠭᠡᠵᠢᠯ ᠦᠨ ᠭᠦᠨᠴᠡ ᠲᠡᠶ ᠮᠡᠳᠡᠭᠡᠯᠡᠯ ᠬᠢᠬᠦ ᠬᠡᠷᠡᠭ᠍ᠲᠡᠢ᠃ ᠠᠩᠬᠠᠨ ᠤ ᠡᠭᠦᠳᠦᠯᠲᠡ ᠢᠢᠨ ᠴᠢᠨᠠᠷ ᠪᠣᠯ ᠰᠣᠨᠢᠨ ᠮᠡᠳᠡᠭᠡᠨ ᠦ ᠵᠣᠬᠢᠶᠠᠨ ᠪᠢᠴᠢᠯᠭᠡ ᠢᠢᠨ ᠴᠢᠬᠤᠯᠠ ᠣᠨᠴᠠᠯᠢᠭ ᠪᠥᠭᠡᠳ ᠵᠠᠭᠤᠴᠢᠯᠠᠭᠤᠷ ᠤᠨ ᠥᠷᠢᠰᠥᠯᠳᠦᠭᠡᠨ ᠦ ᠳᠤᠮᠳᠠ ᠬᠦᠮᠦᠨ ᠤ ᠠᠩᠬᠠᠷᠤᠯ ᠢ ᠢᠯᠡᠭᠦᠦ ᠲᠠᠳᠠᠵᠤ ᠴᠢᠳᠠᠬᠤ ᠭᠣᠣᠯᠳᠠᠯᠭ᠎ᠠ ᠲᠠᠢ ᠨᠢᠭᠡ ᠬᠦᠴᠦᠨ ᠵᠦᠢᠯ ᠪᠤᠯᠳᠠᠭ ᠶᠤᠮ᠃ ᠬᠠᠮ ᠵᠠᠭᠤᠴᠢᠯᠠᠭᠤᠷ ᠤᠨ ᠴᠠᠭ ᠦᠶ᠎ᠡ ᠳᠦ ᠰᠣᠨᠢᠨ ᠮᠡᠳᠡᠭᠡᠨ ᠦ ᠠᠵᠢᠯᠲᠠᠳ ᠢ ᠠᠩᠬᠠᠨ ᠤ ᠡᠭᠦᠳᠦᠯᠲᠡ ᠵᠢ ᠭᠠᠷᠭᠠᠬᠤ  ᠵᠢ ᠵᠤᠷᠢᠬᠵᠢᠭᠤᠯᠵᠤ᠂ ᠲᠤᠰᠬᠠᠢ ᠮᠡᠷᠭᠡᠵᠢᠯ ᠦᠨ ᠭᠦᠨᠴᠡ ᠲᠡᠶ ᠮᠡᠳᠡᠭᠡᠯᠡᠯ ᠬᠢᠬᠦ ᠢᠢ ᠱᠠᠭᠠᠷᠳᠠᠳᠠᠭ᠃ ᠠᠩᠬᠠᠨ ᠤ ᠡᠭᠦᠳᠦᠯᠲᠡ ᠨᠢ ᠰᠣᠨᠢᠨ ᠮᠡᠳᠡᠭᠡᠨ ᠦ ᠬᠡᠷᠡᠭ ᠶᠠᠪᠤᠳᠠᠯ ᠤᠨ ᠲᠤᠬᠠᠶ ᠥᠪᠡᠷᠮᠢᠴᠡ ᠦᠵᠡᠯᠲᠡ ᠵᠠᠳᠠᠯᠤᠯᠲᠠ ᠪᠠ ᠭᠦᠨᠵᠡᠭᠡᠶ ᠠᠭᠤᠳᠠᠯᠤᠯᠲᠠ ᠳᠡᠭᠡᠷ᠎ᠡ ᠢᠯᠡᠷᠡᠵᠦ ᠪᠠᠶᠢᠳᠠᠭ᠃ ᠰᠣᠨᠢᠨ ᠮᠡᠳᠡᠭᠡᠨ ᠳᠤ ᠥᠪᠡᠷᠮᠢᠴᠡ ᠦᠵᠡᠯᠲᠡ ᠲᠡᠶ ᠪᠠᠶᠢᠬᠤ ᠬᠡᠷᠡᠭ᠍ᠲᠡᠶ᠂ ᠬᠥᠮᠦᠨ ᠶᠠᠭᠤ ᠭᠡᠪᠡᠯ ᠶᠠᠭᠤ ᠭᠡᠵᠦ ᠪᠣᠯᠬᠤ ᠦᠭᠡᠢ᠃ ᠰᠣᠨᠢᠨ ᠮᠡᠳᠡᠭᠡᠨ ᠦ ᠠᠵᠢᠯᠲᠠᠳ ᠥᠪᠡᠷ ᠦᠨ ᠲᠤᠰᠬᠠᠶ ᠮᠡᠷᠭᠡᠵᠢᠯ ᠦᠨ ᠪᠣᠯᠪᠠᠰᠤᠷᠠᠯ ᠢᠶᠠᠨ ᠭᠦᠢᠴᠡᠳ ᠪᠠᠳᠠᠷᠠᠭᠤᠯᠵᠤ᠂ ᠰᠣᠨᠢᠨ ᠮᠡᠳᠡᠭᠡᠨ ᠦ ᠬᠡᠷᠡᠭ ᠶᠠᠪᠤᠳᠠᠯ ᠤᠨ ᠲᠤᠬᠠᠶ ᠥᠪᠡᠷᠮᠢᠴᠡ ᠦᠵᠡᠯᠲᠡ ᠪᠡᠨ ᠳᠤᠷᠠᠳᠬᠤ ᠬᠡᠷᠡᠭ᠍ᠲᠡᠶ᠃ ᠮᠦᠨ ᠬᠦ ᠬᠡᠷᠡᠭ ᠤᠴᠢᠷ ᠢ ᠵᠠᠳᠠᠯᠤᠨ ᠰᠢᠨᠵᠢᠯᠡᠵᠦ᠂ ᠤᠢᠩᠭᠡᠠ ᠲᠠᠯ᠎ᠠ ᠳᠤ ᠵᠣᠭᠰᠣᠩᠭᠢᠷᠠᠭᠠᠳ ᠪᠠᠶᠢᠵᠤ ᠪᠣᠯᠬᠤ ᠤᠢᠭᠡᠢ᠃ ᠵᠣᠬᠢᠶᠠᠨ ᠪᠢᠴᠢᠬᠦ ᠶᠠᠪᠤᠴᠠ ᠳᠠᠭᠠᠨ ᠰᠣᠨᠢᠨ ᠮᠡᠳᠡᠭᠡᠨ ᠦ ᠠᠵᠢᠯᠲᠠᠳ ᠥᠪᠡᠷ ᠦᠨ ᠲᠤᠰᠬᠠᠶ ᠮᠡᠷᠭᠡᠵᠢᠯ ᠦᠨ ᠮᠡᠳᠡᠯᠭᠡ᠂ ᠲᠤᠷᠰᠢᠯᠭ᠎ᠠ ᠪᠠᠷ ᠢᠶᠠᠨ ᠬᠡᠷᠡᠭ ᠶᠠᠪᠤᠳᠠᠯ ᠳᠤ ᠭᠦᠨᠵᠡᠭᠡᠶ ᠵᠠᠳᠠᠯᠤᠯᠲᠠ ᠬᠢᠵᠦ᠂ ᠵᠦᠪ ᠲᠤᠳᠤᠷᠬᠠᠢ ᠵᠦᠢᠯ ᠢ ᠬᠠᠩᠭᠠᠬᠤ ᠬᠡᠷᠡᠭᠲᠡᠢ᠃ ᠵᠢᠱᠢᠶᠡᠯᠡᠪᠡᠯ ᠵᠠᠭᠤᠴᠢᠯᠠᠭᠤᠷ ᠤᠨ ᠭᠦᠭᠵᠢᠯᠳᠠ ᠵᠢᠨ ᠲᠤᠬᠠᠢ ᠬᠡᠷᠡᠭ ᠶᠠᠪᠤᠳᠠᠯ ᠢ ᠮᠡᠳᠡᠭᠡᠯᠡᠬᠦ ᠳᠡᠭᠡᠨ ᠰᠣᠨᠢᠨ ᠮᠡᠳᠡᠭᠡᠨ ᠤ ᠠᠵᠢᠯᠲᠠᠳ ᠥᠪᠡᠷ ᠦᠨ ᠲᠤᠰᠬᠠᠶ ᠮᠡᠷᠭᠡᠵᠢᠯ ᠦᠨ ᠮᠡᠳᠡᠯᠭᠡ ᠲᠡᠶ ᠪᠡᠨ ᠤᠶᠠᠯᠳᠤᠭᠤᠯᠤᠨ᠂ ᠤᠯᠠᠨ ᠲᠠᠯ᠎ᠠ ᠡᠴᠡ ᠵᠠᠳᠠᠯᠵᠤ᠂ ᠬᠡᠷᠡᠭ ᠶᠠᠪᠤᠳᠠᠯ ᠤᠨ ᠨᠥᠯᠥᠭᠡ᠂ ᠬᠠᠨᠳᠤᠰᠢ ᠵᠡᠷᠭᠡ ᠲᠠᠯ᠎ᠠ ᠳᠤ ᠵᠠᠳᠠᠯᠤᠯᠲᠠ ᠬᠢᠵᠦ᠂ ᠬᠦᠯᠢᠶᠡᠨ ᠠᠪᠤᠭᠴᠢᠳ ᠲᠤ ᠦᠨ᠎ᠡ ᠴᠠᠨ᠎ᠠ ᠲᠠᠶ ᠦᠷ᠎ᠡ ᠳ᠋ᠦᠩ ᠢ ᠦᠭᠬᠦ ᠬᠡᠷᠡᠭ᠍ᠲᠡᠶ᠃ ᠰᠣᠨᠢᠨ ᠮᠡᠳᠡᠭᠡᠯᠡᠯ ᠨᠢ ᠬᠡᠷᠡᠭ ᠶᠠᠪᠤᠳᠠᠯ ᠤᠨ ᠠᠷᠤ ᠳᠠᠬᠢ ᠰᠢᠯᠲᠠᠭᠠᠨ᠂ ᠮᠥᠨ ᠴᠢᠨᠠᠷ ᠢ ᠭᠦᠨᠵᠡᠭᠡᠶ ᠠᠭᠤᠳᠠᠯᠵᠤ᠂ ᠢᠯᠡᠷᠡᠭᠦᠯᠬᠦ ᠬᠡᠷᠡᠭ᠍ᠲᠡᠶ᠃ ᠵᠣᠬᠢᠶᠠᠨ ᠪᠢᠴᠢᠬᠦ ᠶᠠᠪᠤᠴᠠ ᠳᠤ ᠰᠣᠨᠢᠨ ᠮᠡᠳᠡᠭᠡᠨ ᠦ ᠠᠵᠢᠯᠲᠠᠳ ᠬᠡᠷᠡᠭ ᠶᠠᠪᠤᠳᠠᠯ ᠤᠨ ᠠᠬᠤᠶ ᠪᠠᠶᠢᠳᠠᠯ᠂ ᠲᠡᠸᠬᠡ᠂ ᠬᠠᠮᠢᠶ᠎ᠠ ᠪᠥᠬᠥᠶ ᠬᠥᠮᠦᠰ ᠢ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠢᠢ ᠴᠢᠬᠤᠯᠠᠴᠢᠯᠠᠵᠤ᠂ ᠬᠡᠷᠡᠭ ᠶᠠᠪᠤᠳᠠᠯ ᠤᠨ ᠠᠷᠤ ᠳᠠᠬᠢ ᠭᠦᠨ ᠳᠠᠪᠬᠤᠷᠭ᠎ᠠ ᠢᠢᠨ ᠰᠢᠯᠲᠠᠭᠠᠨ ᠢ ᠢᠯᠡᠷᠡᠭᠦᠯᠬᠦ ᠬᠡᠷᠡᠭ᠍ᠲᠡᠶ᠃ ᠵᠢᠱᠢᠶᠡᠯᠡᠪᠡᠯ ᠨᠢᠭᠡ ᠤᠳᠠᠭᠠᠨ ᠤ ᠨᠡᠶᠢᠭᠡᠮ ᠦᠨ ᠬᠡᠷᠡᠭ ᠶᠠᠪᠤᠳᠠᠯ ᠢ ᠮᠡᠳᠡᠭᠡᠯᠡᠬᠦ ᠳᠡᠭᠡᠨ ᠰᠣᠨᠢᠨ ᠮᠡᠳᠡᠭᠡᠨ ᠦ ᠠᠵᠢᠯᠲᠠᠳ ᠬᠡᠷᠡᠭ ᠶᠠᠪᠤᠳᠠᠯ ᠤᠨ ᠠᠷᠤ ᠳᠤ ᠲᠤᠰᠬᠠᠭᠳᠠᠭᠰᠠᠨ ᠨᠡᠶᠢᠭᠡᠮ ᠦᠨ ᠠᠰᠠᠭᠤᠳᠠᠯ ᠢ ᠨᠡᠩ ᠢᠯᠡᠭᠦᠦ ᠠᠩᠬᠠᠷᠴᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠢᠢ ᠳᠤᠷᠠᠳᠤᠨ ᠭᠠᠷᠭᠠᠬᠤ ᠬᠡᠷᠡᠭ᠍ᠲᠡᠶ᠃ ᠭᠤᠷᠪᠠ᠂ᠰᠢᠨ᠎ᠡ ᠢᠢ ᠡᠭᠦᠳᠬᠦ ᠴᠢᠨᠠᠷ ᠪᠣᠯ ᠰᠣᠨᠢᠨ ᠮᠡᠳᠡᠭᠡᠨ ᠦ ᠵᠣᠬᠢᠶᠠᠨ ᠪᠢᠴᠢᠯᠭᠡ ᠢᠢᠨ ᠠᠮᠢᠵᠢᠷᠠᠯ ᠤᠨ ᠬᠦᠴᠦᠨ ᠮᠥᠨ᠂ ᠪᠠᠰᠠ ᠴᠤ ᠬᠦᠯᠢᠶᠡᠨ ᠠᠪᠤᠭᠴᠢᠳ ᠤᠨ ᠠᠩᠬᠠᠷᠤᠯ ᠢ ᠳᠠᠲᠠᠬᠤ ᠢᠢᠨ ᠵᠠᠩᠭᠢᠯᠠᠭ᠎ᠠ ᠮᠥᠨ᠃ ᠬᠠᠮ ᠵᠠᠭᠤᠴᠢᠯᠠᠭᠤᠷ ᠤᠨ ᠴᠠᠭ ᠦᠶ᠎ᠡ ᠳᠦ ᠮᠡᠳᠡᠭᠡ ᠵᠠᠩᠭᠢ ᠢᠢᠨ ᠳᠠᠮᠵᠢᠭᠤᠯᠭ᠎ᠠ ᠢᠢᠨ ᠠᠷᠭ᠎ᠠ ᠵᠠᠮ ᠤᠯᠠᠨ ᠶᠠᠩᠵᠤ ᠪᠤᠯᠵᠤ᠂ ᠰᠣᠨᠢᠨ ᠮᠡᠳᠡᠭᠡᠨ ᠦ ᠠᠵᠢᠯᠲᠠᠳ ᠤᠨ ᠰᠣᠨᠢᠨ ᠮᠡᠳᠡᠭᠡᠨ ᠦ ᠰᠢᠨ᠎ᠡ ᠢᠢ ᠡᠭᠦᠳᠬᠦ ᠴᠢᠨᠠᠷ ᠢ ᠪᠠᠷᠢᠮᠲᠠᠯᠠᠵᠤ᠂ ᠤᠯᠠᠨ ᠤ ᠬᠦᠷᠢᠶᠡᠯᠡᠯ ᠢ ᠤᠯᠵᠤ ᠴᠢᠳᠠᠬᠤ ᠬᠡᠮᠵᠢᠶᠡᠨ  ᠤ ᠮᠡᠳᠡᠭᠡ  ᠵᠢ ᠪᠢᠴᠢᠵᠦ ᠭᠠᠷᠭᠠᠬᠤ  ᠵᠢ ᠤᠯᠠᠮ ᠢᠯᠡᠭᠦᠦ ᠱᠠᠭᠠᠷᠳᠠᠬᠤ ᠪᠤᠯᠵᠠᠢ᠃ ᠰᠢᠨ᠎ᠡ ᠢᠢ ᠡᠭᠦᠳᠬᠦ ᠴᠢᠨᠠᠷ ᠨᠢ ᠮᠡᠳᠡᠭᠡᠯᠡᠬᠦ ᠬᠡᠯᠪᠡᠷᠢ᠂ ᠦᠭᠡ ᠬᠡᠯᠡᠨ ᠦ ᠬᠡᠪ ᠨᠠᠮᠪᠠ᠂ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠵᠡᠷᠭᠡ ᠲᠠᠯ᠎ᠠ ᠳᠤ ᠢᠯᠡᠷᠡᠵᠦ ᠪᠠᠶᠢᠳᠠᠭ᠃ ᠮᠡᠳᠡᠭᠡᠯᠡᠬᠦ ᠬᠡᠯᠪᠡᠷᠢ ᠢᠢᠨ ᠲᠠᠯ᠎ᠠ ᠪᠠᠷ ᠰᠢᠨ᠎ᠡ ᠬᠡᠯᠪᠡᠷᠢ ᠢᠢ ᠵᠣᠷᠢᠭᠲᠠᠶ ᠪᠠᠷ ᠲᠤᠷᠰᠢᠵᠤ᠂ ᠬᠦᠯᠢᠶᠡᠨ ᠠᠪᠤᠭᠴᠢᠳ ᠤᠨ ᠤᠯᠠᠨ ᠶᠠᠩᠵᠤ ᠢᠢᠨ ᠬᠡᠷᠡᠭ᠍ᠴᠡᠭᠡ ᠢᠢ ᠬᠠᠩᠭᠠᠬᠤ ᠬᠡᠷᠡᠭ᠍ᠲᠡᠶ᠃ ᠰᠣᠨᠢᠨ ᠮᠡᠳᠡᠭᠡᠨ ᠦ ᠠᠵᠢᠯᠲᠠᠳ ᠭᠡᠷᠡᠯ ᠵᠢᠷᠤᠭ ᠦᠰᠦᠭ ᠪᠢᠴᠢᠭ᠂ ᠸᠢᠳᠢᠣ᠋᠂ ᠰᠢᠭᠤᠳ ᠨᠡᠪᠲᠡᠷᠡᠭᠦᠯᠭᠡ ᠵᠡᠷᠭᠡ ᠤᠯᠠᠨ ᠵᠦᠢᠯ ᠦᠨ ᠬᠡᠯᠪᠡᠷᠢ ᠢᠢ ᠲᠤᠷᠰᠢᠵᠤ᠂ ᠮᠡᠳᠡᠭᠡᠯᠡᠯ ᠢ ᠨᠡᠩ ᠢᠯᠡᠭᠦᠦ ᠲᠠᠲᠠᠬᠤ ᠬᠦᠴᠦᠨ ᠲᠡᠶ ᠪᠣᠯᠭᠠᠵᠤ ᠪᠣᠯᠤᠨ᠎ᠠ᠃ ᠵᠢᠱᠢᠶᠡᠯᠡᠪᠡᠯ ᠨᠢᠭᠡ ᠤᠳᠠᠭᠠᠨ ᠤ ᠴᠢᠬᠤᠯᠠ ᠬᠤᠷᠠᠯ ᠢ ᠮᠡᠳᠡᠭᠡᠯᠡᠬᠦ ᠳᠡᠭᠡᠨ ᠰᠣᠨᠢᠨ ᠮᠡᠳᠡᠭᠡᠨ ᠦ ᠠᠵᠢᠯᠲᠠᠳ ᠣᠬᠣᠷ ᠸᠢᠳᠢᠣ᠋᠂ ᠰᠢᠭᠤᠳ ᠨᠡᠪᠲᠡᠷᠡᠭᠦᠯᠭᠡ ᠵᠡᠷᠭᠡ ᠬᠡᠯᠪᠡᠷᠢ ᠪᠡᠷ ᠬᠤᠷᠠᠯ ᠤᠨ ᠠᠭᠤᠯᠭ᠎ᠠ ᠢᠢ ᠬᠦᠯᠢᠶᠡᠨ ᠠᠪᠤᠭᠴᠢᠳ ᠲᠤ ᠰᠢᠭᠤᠳ ᠣᠶᠢᠯᠠᠭᠠᠭᠤᠯᠵᠤ ᠪᠣᠯᠤᠨ᠎ᠠ᠃ ᠦᠭᠡ ᠬᠡᠯᠡᠨ ᠦ ᠬᠡᠪ ᠨᠠᠮᠪᠠ ᠢᠢᠨ ᠲᠠᠯ᠎ᠠ ᠪᠠᠷ ᠰᠢᠨ᠎ᠡ ᠢᠢ ᠡᠭᠦᠳᠬᠦ ᠢᠢ ᠴᠢᠬᠤᠯᠠᠴᠢᠯᠠᠵᠤ᠂ ᠣᠶᠢᠯᠠᠭᠠᠯᠲᠠ ᠵᠢᠨ ᠬᠡᠮᠵᠢᠶ᠎ᠡ ᠵᠢ ᠳᠡᠭᠡᠭ᠍ᠰᠢᠯᠡᠭᠦᠯᠬᠦ ᠬᠡᠷᠡᠭ᠍ᠲᠡᠶ᠃ ᠵᠣᠬᠢᠶᠠᠨ ᠪᠢᠴᠢᠬᠦ ᠶᠠᠪᠤᠴᠠ ᠳᠤ ᠰᠣᠨᠢᠨ ᠮᠡᠳᠡᠭᠡᠨ ᠦ ᠠᠵᠢᠯᠲᠠᠳ ᠠᠮᠢᠳᠤᠯᠢᠭ᠂ ᠳᠦᠷᠰᠦᠯᠢᠭ᠂ ᠶᠦᠮᠦᠷᠯᠢᠭ ᠦᠭᠡ ᠬᠡᠯᠡ ᠢᠢ ᠴᠢᠳᠠᠮᠠᠭᠠᠶ ᠬᠡᠷᠡᠭ᠍ᠯᠡᠵᠦ᠂ ᠮᠡᠳᠡᠭᠡᠯᠡᠯ ᠢ ᠨᠠᠩ ᠰᠣᠨᠢᠷᠬᠠᠯᠲᠠᠶ ᠪᠤᠯᠭᠠᠵᠤ ᠪᠤᠯᠤᠨ᠎ᠠ᠃ ᠵᠢᠱᠢᠶᠡᠯᠡᠪᠡᠯ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠨᠢᠨ ᠮᠡᠳᠡᠭᠡ ᠢᠢ ᠮᠡᠳᠡᠭᠡᠯᠡᠬᠦ ᠳᠡᠭᠡᠨ ᠰᠣᠨᠢᠨ ᠮᠡᠳᠡᠭᠡᠨ ᠦ ᠠᠵᠢᠯᠲᠠᠳ ᠵᠦᠢᠷᠯᠡᠬᠦ᠂ ᠵᠢᠱᠢᠶ᠎ᠡ ᠲᠠᠲᠠᠬᠤ ᠵᠡᠷᠭᠡ ᠠᠷᠭ᠎ᠠ ᠢᠢ ᠬᠡᠷᠡᠭ᠍ᠯᠡᠵᠦ᠂ ᠰᠢᠨᠵᠢᠯᠡᠬᠦ ᠤᠬᠠᠭᠠᠨ ᠲᠠᠢ ᠬᠠᠮᠢᠶᠠᠳᠠᠬᠤ ᠵᠠᠷᠢᠮ ᠬᠡᠶᠢᠰᠪᠦᠷᠢ ᠮᠡᠳᠡᠯᠭᠡ ᠢᠢ ᠬᠢᠯᠪᠠᠷ ᠣᠶᠢᠯᠠᠭᠠᠮᠵᠢᠲᠠᠶ ᠪᠣᠯᠭᠠᠵᠤ ᠪᠣᠯᠤᠨ᠎ᠠ᠃ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠢᠢ ᠡᠭᠦᠳᠬᠦ ᠵᠢ ᠴᠢᠳᠠᠮᠠᠭᠠᠶ ᠪᠠᠷ ᠬᠡᠷᠡᠭ᠍ᠯᠡᠵᠦ᠂ ᠬᠦᠯᠢᠶᠡᠨ ᠠᠪᠤᠭᠴᠢᠳ ᠤᠨ ᠴᠤᠭᠯᠠᠷᠠᠯ ᠵᠢᠡᠨ ᠥᠷᠭᠡᠳᠭᠡᠬᠦ ᠬᠡᠷᠡᠭ᠍ᠲᠡᠶ᠃ ᠬᠠᠮ ᠵᠠᠭᠤᠴᠢᠯᠠᠭᠤᠷ ᠤᠨ ᠴᠠᠭ ᠦᠶ᠎ᠡ ᠳᠦ ᠰᠣᠨᠢᠨ ᠮᠡᠳᠡᠭᠡᠨ ᠦ ᠠᠵᠢᠯᠲᠠᠳ ᠨᠡᠶᠢᠭᠡᠮ ᠦᠨ ᠬᠠᠷᠢᠯᠴᠠᠭᠠᠨ ᠤ ᠵᠠᠭᠤᠴᠢᠯᠠᠭᠤᠷ᠂ ᠰᠦᠯᠵᠢᠶᠡᠨ ᠦ ᠲᠠᠪᠴᠠᠩ ᠵᠡᠷᠭᠡ ᠵᠢ ᠭᠦᠢᠴᠡᠳ ᠠᠰᠢᠭᠯᠠᠵᠤ᠂ ᠮᠡᠳᠡᠭᠡᠯᠡᠯ ᠦᠨ ᠳᠠᠮᠵᠢᠭᠤᠯᠬᠤ ᠬᠦᠴᠦᠨ ᠢ ᠳᠡᠭᠡᠭ᠍ᠰᠢᠯᠡᠭᠦᠯᠬᠦ ᠬᠡᠷᠡᠭ᠍ᠲᠡᠢ᠃ ᠵᠢᠱᠢᠶᠡᠯᠡᠪᠡᠯ ᠨᠢᠭᠡᠨ ᠬᠠᠯᠠᠮᠰᠢᠯ ᠪᠤᠯᠤᠭᠰᠠᠨ ᠰᠣᠨᠢᠨ ᠮᠡᠳᠡᠭᠡ ᠢᠢ ᠮᠡᠳᠡᠭᠡᠯᠡᠬᠦ ᠦᠶ᠎ᠡ ᠳᠦ᠂ ᠰᠣᠨᠢᠨ ᠮᠡᠳᠡᠭᠡᠨ ᠦ ᠠᠵᠢᠯᠲᠠᠳ ᠰᠤᠨᠢᠨ᠂ ᠴᠤᠤᠷᠢᠶ᠎ᠠ᠂ ᠵᠢᠷᠭᠢᠶ᠎ᠡ ᠵᠢᠨ ᠤᠯᠠᠨ ᠨᠡᠶᠢᠲᠡ ᠵᠢᠨ ᠳᠠᠪᠴᠠᠩ᠂ ᠸᠢᠳᠢᠤ᠋ ᠳ᠋ᠤᠭᠠᠷ᠂ ᠪᠢᠴᠢᠯ ᠪᠯᠤᠭ ᠵᠡᠷᠭᠡ ᠲᠠᠪᠴᠠᠩ ᠳᠤ ᠵᠤᠬᠢᠴᠠᠭᠤᠯᠤᠨ᠂ ᠴᠠᠭᠴᠢ ᠴᠢᠨᠠᠷ ᠢ ᠪᠠᠷᠢᠮᠲᠠᠯᠠᠨ ᠮᠠᠰᠢ ᠬᠤᠷᠳᠤᠨ ᠵᠢᠡᠷ ᠮᠡᠳᠡᠭᠡᠯᠡᠨ ᠲᠠᠷᠬᠠᠭᠠᠵᠤ᠂ ᠨᠡᠩ ᠣᠯᠠᠨ ᠬᠦᠮᠦᠨ ᠤ ᠠᠩᠬᠠᠷᠤᠯ ᠢ ᠲᠠᠲᠠᠵᠤ ᠪᠣᠯᠤᠨ᠎ᠠ᠃ ᠬᠠᠮ ᠵᠠᠭᠤᠴᠢᠯᠠᠭᠤᠷ ᠤᠨ ᠴᠠᠭ ᠦᠶ᠎ᠡ ᠳᠦ ᠰᠣᠨᠢᠨ ᠮᠡᠳᠡᠭᠡᠨ ᠦ ᠵᠣᠬᠢᠶᠠᠨ ᠪᠢᠴᠢᠯᠭᠡ ᠮᠠᠰᠢ ᠤᠯᠠᠨ ᠥᠷᠢᠰᠥᠯᠳᠦᠭᠡᠨ ᠳᠦ ᠲᠤᠯᠭᠠᠷᠠᠵᠤ ᠪᠠᠶᠢᠬᠤ ᠪᠣᠯᠪᠠᠴᠤ ᠡᠭᠦᠨ ᠤ ᠲᠠᠭᠠᠤ  ᠳᠤ ᠪᠠᠰᠠ ᠮᠠᠰᠢ ᠥᠷᠭᠡᠨ ᠬᠥᠭ᠍ᠵᠢᠯᠲᠡ ᠢᠢᠨ ᠣᠷᠣᠨ ᠵᠠᠢ ᠲᠠᠶ ᠪᠠᠶᠢᠬᠤ ᠶᠤᠮ᠃ ᠰᠣᠨᠢᠨ ᠮᠡᠳᠡᠭᠡᠨ ᠦ ᠠᠵᠢᠯᠲᠠᠳ ᠬᠡᠷᠡᠭ ᠤᠴᠢᠷ ᠤᠨ ᠦᠨᠡᠨ ᠪᠣᠳᠠᠲᠤ ᠴᠢᠨᠠᠷ ᠢ ᠪᠠᠷᠢᠮᠲᠠᠯᠠᠵᠤ᠂ ᠠᠩᠬᠠᠨ ᠤ ᠡᠭᠦᠳᠦᠯᠲᠡ ᠪᠠ ᠰᠢᠨ᠎ᠡ ᠢᠢ ᠡᠭᠦᠳᠬᠦ ᠵᠢ ᠳᠠᠰᠤᠷᠠᠯᠲᠠ ᠦᠭᠡᠢ ᠡᠷᠢᠯᠬᠢᠯᠡᠵᠦ᠂ ᠥᠪᠡᠷ ᠦᠨ ᠲᠤᠰᠬᠠᠶ ᠮᠡᠷᠭᠡᠵᠢᠯ ᠦᠨ ᠪᠣᠯᠪᠠᠰᠤᠷᠠᠯ ᠪᠠ ᠵᠣᠬᠢᠶᠠᠨ ᠪᠢᠴᠢᠬᠦ ᠴᠢᠳᠠᠪᠤᠷᠢ ᠪᠡᠨ ᠲᠠᠰᠤᠷᠠᠯᠳᠠ ᠦᠭᠡᠢ ᠳᠡᠭᠡᠭ᠍ᠰᠢᠯᠡᠭᠦᠯᠵᠦ᠂ ᠴᠢᠨᠠᠷ ᠰᠠᠶᠢᠲᠠᠶ ᠰᠣᠨᠢᠨ ᠮᠡᠳᠡᠭᠡᠨ ᠦ ᠡᠬᠡ ᠪᠢᠴᠢᠭ ᠢ ᠪᠢᠴᠢᠵᠦ᠂ ᠠᠳᠠᠯᠢ ᠪᠤᠰᠤ ᠳᠠᠪᠴᠠᠩ ᠳᠡᠭᠡᠷ᠎ᠡ ᠠᠳᠠᠯᠢ ᠪᠤᠰᠤ ᠮᠡᠳᠡᠭᠡᠯᠡᠬᠦ ᠬᠡᠯᠪᠡᠷᠢ ᠪᠠᠷ ᠳᠠᠮᠵᠢᠭᠤᠯᠤᠨ ᠳᠠᠷᠬᠠᠭᠠᠪᠠᠯ ᠵᠤᠬᠢᠯᠲᠠᠢ᠃ ᠡᠨᠡ ᠮᠡᠲᠦ ᠪᠡᠷ ᠰᠤᠨᠢᠨ ᠮᠡᠳᠡᠭᠡᠨ ᠤ ᠠᠵᠢᠯ ᠵᠢᠡᠨ ᠬᠢᠨᠠᠮᠠᠭᠠᠢ ᠪᠦᠭᠡᠳ ᠰᠡᠳᠬᠢᠯ ᠭᠠᠷᠭᠠᠵᠤ ᠬᠢᠭᠡᠳ ᠪᠠᠶᠢᠪᠠᠯ ᠬᠠᠮ ᠵᠠᠭᠤᠴᠢᠯᠠᠭᠤᠷ ᠤᠨ ᠴᠠᠭ ᠦᠶ᠎ᠡ ᠳᠦ ᠳᠠᠪᠠᠭᠤᠯᠢᠭ ᠰᠠᠶᠢᠨ ᠪᠠᠶᠢᠷᠢ ᠵᠢ ᠡᠵᠡᠯᠡᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭ᠍ᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭ᠍ᠴᠡᠭᠡ ᠢᠢ ᠬᠠᠩᠭᠠᠵᠤ᠂ ᠵᠠᠭᠤᠴᠢᠯᠠᠭᠤᠷ ᠤᠨ ᠬᠥᠭ᠍ᠵᠢᠯᠲᠡ ᠪᠠ ᠪᠤᠵᠠᠭᠠᠶᠢᠷᠠᠯ ᠳᠤ ᠬᠤᠪᠢ ᠨᠡᠮᠡᠷᠢ ᠪᠡᠨ ᠦᠵᠡᠭᠦᠯᠵᠦ ᠴᠢᠳᠠᠨ᠎ᠠ᠃

X