ᠰᠤᠯᠪᠢᠴᠠᠨ ᠪᠠᠶᠢᠴᠠᠭᠠᠵᠤ ᠴᠡᠭᠴᠡᠯᠡᠨ ᠦᠭᠡᠷᠡᠴᠢᠯᠡᠬᠦ ᠵᠢ ᠱᠠᠯᠠᠪᠳᠠᠭᠤᠯᠪᠠ
2026-04-19 10:51:38
ᠣᠶᠢᠷ᠎ᠠ ᠳᠤ ᠲᠣᠭᠲᠠᠭᠠᠯ ᠠᠴᠠ ᠵᠥᠷᠢᠴᠡᠭ᠍ᠰᠡᠨ 13 ᠲᠦᠮᠡᠨ ᠲᠥᠭᠥᠷᠢᠭ ᠦᠨ ᠪᠠᠯᠠ ᠮᠥᠩᠭᠥ ᠢᠢ ᠮᠤᠵᠢ ᠢᠢᠨ ᠱᠠᠲᠤᠨ ᠤ ᠲᠠᠩᠰᠠᠨ ᠡᠷᠦᠬᠡ ᠳᠦ ᠪᠤᠴᠠᠭᠠᠭᠰᠠᠨ ᠵᠢᠡᠷ ᠬᠠᠶᠢᠨᠠᠨ ᠮᠤᠵᠢ ᠢᠢᠨ ᠴᠢᠶᠦ᠋ᠩ ᠵᠥᠩ ᠰᠢᠶᠠᠨ ᠤ ᠯᠢ ᠮᠥ ᠱᠠᠨ ᠪᠠᠯᠭᠠᠰᠤᠨ ᠤ ᠭᠣᠸᠯᠳᠠᠯᠭᠠᠲᠤ ᠡᠷᠡᠭᠦᠯ ᠬᠠᠮᠠᠭᠠᠯᠠᠯ ᠤᠨ ᠬᠣᠷᠢᠶ᠎ᠠ ᠢᠢᠨ ᠡᠮ ᠡᠮᠨᠡᠯᠭᠡ ᠢᠢᠨ ᠳᠠᠭᠠᠳᠬᠠᠯ ᠤᠨ ᠲᠣᠭᠲᠠᠭᠠᠯ ᠠᠴᠠ ᠵᠥᠷᠢᠴᠡᠭ᠍ᠰᠡᠨ ᠠᠰᠠᠭᠤᠳᠠᠯ ᠢ ᠴᠡᠭ᠍ᠴᠡᠯᠡᠨ ᠦᠭᠡᠷᠡᠴᠢᠯᠡᠵᠤ ᠳᠠᠭᠤᠰᠬᠠᠪᠠ᠃ ᠡᠭᠦᠨ ᠡᠴᠡ ᠡᠮᠦᠨ᠎ᠡ᠂ 2025 ᠣᠨ ᠤ ᠡᠮ ᠡᠮᠨᠡᠯᠭᠡ ᠢᠢᠨ ᠳᠠᠭᠠᠳᠬᠠᠯ ᠤᠨ ᠰᠠᠭᠤᠷᠢ ᠮᠥᠩᠭᠥ ᠢᠢᠨ ᠬᠡᠷᠡᠭ᠍ᠯᠡᠯᠲᠡ ᠵᠢ ᠬᠢᠨᠠᠨ ᠬᠠᠮᠢᠶᠠᠷᠴᠤ ᠬᠣᠲᠠ ᠰᠢᠶᠠᠨ ᠰᠣᠯᠪᠢᠴᠠᠨ ᠪᠠᠶᠢᠴᠠᠭᠠᠬᠤ ᠶᠠᠪᠤᠴᠠ ᠳᠤ᠂ ᠲᠣᠰ ᠡᠷᠡᠭᠦᠯ ᠬᠠᠮᠠᠭᠠᠯᠠᠯ ᠤᠨ ᠬᠣᠷᠢᠶ᠎ᠠ ᠢᠢᠨ 2023 ᠣᠨ ᠤ 1 ᠰᠠᠷ᠎ᠠ ᠢᠢᠨ 1 ᠦ ᠡᠳᠦᠷ ᠡᠴᠡ 2025 ᠣᠨ ᠤ 6 ᠰᠠᠷ᠎ᠠ ᠢᠢᠨ 30 ᠤ ᠡᠳᠦᠷ ᠪᠣᠯᠲᠠᠯᠠᠬᠢ ᠬᠤᠭᠤᠴᠠᠭᠠᠨ ᠳᠤ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠭᠡᠯ ᠬᠤᠷᠢᠶᠠᠭᠰᠠᠨ᠂ ᠲᠥᠷᠥᠯ ᠵᠦᠢᠯ ᠢ ᠰᠣᠯᠢᠭᠰᠠᠨ᠂ ᠬᠡᠲᠦ ᠪᠠᠶᠢᠴᠠᠭᠠᠭᠰᠠᠨ᠂ ᠳᠠᠪᠬᠤᠷᠳᠠᠭᠤᠯᠤᠨ ᠰᠦᠢᠳᠭᠡᠯ ᠬᠤᠷᠢᠶᠠᠭᠰᠠᠨ ᠪᠠ ᠡᠮ ᠡᠮᠨᠡᠯᠭᠡ ᠢᠢᠨ ᠳᠠᠭᠠᠳᠬᠠᠯ ᠤᠨ ᠳᠥᠯᠥᠬᠦ ᠬᠡᠪᠴᠢᠶᠡᠨ ᠳᠦ ᠪᠠᠭᠲᠠᠬᠤ ᠥᠬᠡᠶ ᠡᠮ ᠡᠮᠨᠡᠯᠭᠡ ᠢᠢᠨ ᠵᠠᠷᠤᠳᠠᠯ ᠢ ᠳ᠋ᠦᠩᠨᠡᠨ ᠪᠤᠳᠤᠭᠰᠠᠨ ᠵᠡᠷᠭᠡ ᠲᠣᠭᠲᠠᠭᠠᠯ ᠠᠴᠠ ᠵᠥᠷᠢᠴᠡᠭ᠍ᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠢᠢ ᠪᠠᠶᠢᠴᠠᠭᠠᠬᠤ ᠳᠤᠭᠤᠶᠢᠯᠠᠩ ᠤᠨ ᠬᠢᠨ ᠣᠯᠵᠤ ᠮᠡᠳᠡᠵᠡᠶ᠃ ︽ᠰᠣᠯᠪᠢᠴᠠᠨ ᠪᠠᠶᠢᠴᠠᠭᠠᠬᠤ ᠳᠤ ᠠᠰᠠᠭᠤᠳᠠᠯ ᠢ ᠣᠯᠵᠤ ᠮᠡᠳᠡᠭ᠍ᠰᠡᠨ ᠪᠣᠯᠪᠠᠴᠤ ᠴᠡᠭ᠍ᠴᠡᠯᠡᠨ ᠥᠭᠡᠷᠡᠴᠢᠯᠡᠬᠦ ᠠᠵᠢᠯ ᠢ ᠲᠡᠷᠡ ᠶᠣᠰᠣᠭᠠᠷ ᠨᠢ ᠬᠢᠬᠦ ᠦᠭᠡᠶ ᠪᠣᠯ ᠬᠢᠨᠠᠯᠲᠠ ᠲᠠᠯᠪᠢᠬᠤ ᠠᠵᠢᠯ ᠮᠦᠨ ᠯᠠ ᠳᠤᠲᠠᠭᠤ ᠳᠣᠷᠭᠣᠨ ᠪᠤᠯᠤᠨ᠎ᠠ︾ᠭᠡᠵᠦ ᠴᠢᠶᠦ᠋ᠩ ᠵᠦᠩ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠢᠯᠡᠳᠭᠡᠪᠡ᠃ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭ᠍ᠴᠢ ᠳᠦ ᠴᠢᠭ᠍ᠯᠡᠭᠦᠯᠦᠨ᠂ ᠴᠢᠶᠦ᠋ᠩ ᠵᠥᠩ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠳᠲᠡᠷ ᠲᠦᠷᠭᠡᠨ ᠣᠷᠣᠯᠴᠠᠵᠤ᠂ ︽ᠬᠢᠨᠠᠯᠲᠠ ᠲᠠᠯᠪᠢᠭᠰᠠᠨ ᠳᠤ ᠳᠠᠬᠢᠨ ᠬᠢᠨᠠᠯᠲᠠ ᠲᠠᠯᠪᠢᠬᠤ︾ᠳᠤᠰᠢᠶᠠᠯ ᠬᠠᠷᠢᠭᠤᠴᠠᠯᠭ᠎ᠠ ᠳᠤ ᠰᠠᠭᠤᠷᠢᠯᠠᠨ᠂ ᠬᠢᠨᠠᠯᠲᠠ ᠲᠠᠯᠪᠢᠬᠤ ᠢᠢ ᠴᠡᠭ᠍ᠴᠡᠯᠡᠨ ᠦᠭᠡᠷᠡᠴᠢᠯᠡᠬᠦ ᠪᠥᠬᠥ ᠶᠠᠪᠤᠴᠠ ᠳᠤ ᠦᠷᠭᠦᠯᠵᠢᠯᠡᠭᠦᠯᠪᠡ᠃ ᠰᠢᠶᠠᠨ ᠤ ᠡᠮ ᠡᠮᠨᠡᠯᠭᠡ ᠢᠢᠨ ᠳᠠᠭᠠᠳᠬᠠᠯ ᠤᠨ ᠲᠣᠪᠴᠢᠶ᠎ᠠ ᠢᠢ ᠱᠠᠯᠠᠪᠳᠠᠭᠤᠯᠤᠨ ᠬᠢᠨᠠᠯᠲᠠ ᠬᠠᠮᠢᠶᠠᠷᠤᠯᠲᠠ ᠢᠢᠨ ᠪᠡᠶᠡᠴᠢ ᠴᠣᠭᠴᠠ ᠢᠢᠨ ᠬᠠᠷᠢᠭᠤᠴᠠᠯᠭ᠎ᠠ ᠢᠢ ᠪᠠᠲᠤ ᠡᠭᠦᠷᠭᠡᠯᠡᠭᠦᠯᠵᠦ᠂ ᠲᠣᠭᠲᠠᠭᠠᠯ ᠠᠴᠠ ᠵᠥᠷᠢᠴᠡᠭ᠍ᠰᠡᠨ ᠬᠡᠷᠡᠭ ᠢ ᠳᠠᠬᠢᠨ ᠬᠢᠨᠠᠵᠤ᠂ ᠡᠮᠨᠡᠯᠭᠡ ᠢᠢᠨ ᠬᠣᠷᠢᠶᠠᠨ ᠤ ᠭᠣᠸᠯ ᠬᠠᠷᠢᠭᠤᠴᠠᠯᠭᠠᠲᠠᠨ ᠲᠠᠶ ᠪᠣᠯᠵᠣᠨ ᠶᠠᠷᠢᠯᠴᠠᠵᠤ᠂ ᠴᠡᠭ᠍ᠴᠡᠯᠡᠨ ᠦᠭᠡᠷᠡᠴᠢᠯᠡᠬᠦ ᠰᠠᠨᠠᠭᠤᠯᠭ᠎ᠠ ᠪᠠᠭᠤᠯᠭᠠᠪᠠ᠃ ᠡᠭᠦᠨ ᠦ ᠵᠡᠷᠭᠡ ᠳᠦ᠂ ᠴᠡᠭ᠍ᠴᠡᠯᠡᠨ ᠥᠭᠡᠷᠡᠴᠢᠯᠡᠬᠦ ᠠᠬᠢᠴᠠ ᠢᠢ ᠬᠥᠳᠡᠯᠦᠩᠭᠦᠶ ᠪᠡᠷ ᠮᠥᠷᠳᠡᠨ ᠳᠠᠭᠠᠵᠤ᠂ ᠳᠠᠩᠰᠠᠨ ᠳᠤᠭᠠᠷ ᠢ ᠨᠢ ᠬᠠᠰᠤᠬᠤ ᠬᠠᠮᠢᠶᠠᠷᠤᠯᠲᠠ ᠢᠢ ᠬᠡᠷᠡᠭ᠍ᠵᠢᠭᠦᠯᠦᠨ᠂ ᠲᠣᠭᠲᠠᠭᠠᠯ ᠠᠴᠠ ᠵᠥᠷᠢᠴᠡᠭ᠍ᠰᠡᠨ ᠠᠵᠢᠯᠯᠠᠭ᠎ᠠ ᠨᠢᠭᠡ ᠪᠦᠷᠢ ᠢᠢ ᠴᠥᠮ ᠴᠡᠭ᠍ᠴᠡᠯᠡᠨ ᠦᠭᠡᠷᠡᠴᠢᠯᠡᠬᠦ ᠵᠢ ᠪᠠᠲᠤᠯᠠᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠢᠢᠨ ᠱᠠᠯᠠᠪᠳᠠᠭᠤᠯᠭᠠ ᠳᠣᠣᠷ᠎ᠠ᠂ ᠲᠤᠰ ᠬᠣᠷᠢᠶ᠎ᠠ ᠲᠣᠭᠲᠠᠭᠠᠯ ᠠᠴᠠ ᠵᠥᠷᠢᠴᠡᠭ᠍ᠰᠡᠨ ᠪᠡᠯᠡ ᠮᠥᠩᠭᠥ ᠢᠢ ᠦᠳᠲᠡᠷ ᠲᠦᠷᠭᠡᠨ ᠪᠤᠴᠠᠭᠠᠭᠰᠠᠨ ᠪᠥᠭᠡᠳ ᠬᠠᠮᠢᠶᠠᠷᠤᠯᠲᠠ ᠢᠢᠨ ᠲᠠᠯ᠎ᠠ ᠪᠠᠷ ᠬᠢ ᠳᠤᠲᠠᠭᠤᠳᠠᠯ ᠢ ᠪᠦᠬᠦ ᠲᠠᠯ᠎ᠠ ᠪᠠᠷ ᠡᠮᠬᠢᠯᠡᠨ ᠳᠢᠭ᠍ᠯᠡᠵᠦ᠂ ᠳᠣᠲᠣᠭᠠᠳᠤ ᠢᠢᠨ ᠵᠠᠷᠤᠳᠠᠯ ᠢ ᠬᠢᠵᠠᠭᠠᠷᠯᠠᠬᠤ ᠳᠦᠷᠢᠮ ᠢ ᠲᠡᠭᠦᠯᠳᠡᠷᠵᠢᠭᠦᠯᠵᠡᠶ᠃ ᠡᠶᠢᠮᠦᠷᠬᠦᠦ ︽ᠠᠰᠠᠭᠤᠳᠠᠯ ᠢ ᠢᠯᠡᠷᠡᠭᠦᠯᠬᠦ ︱ ᠰᠠᠬᠢᠯᠭ᠎ᠠ ᠪᠠᠲᠤ ᠢᠢ ᠬᠡᠷᠡᠭ᠍ᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ︱ ᠴᠡᠭ᠍ᠴᠡᠯᠡᠨ ᠦᠭᠡᠷᠡᠴᠢᠯᠡᠬᠦ ᠢᠢ ᠠᠬᠢᠭᠤᠯᠬᠤ︾ᠬᠢᠨᠠᠯᠲᠠ ᠢᠢᠨ ᠪᠢᠲᠡᠭᠦᠦ ᠭᠣᠭᠴᠣᠭ᠎ᠠ ᠨᠢ ᠠᠰᠠᠭᠤᠳᠠᠯ ᠤᠨ ᠰᠦᠪᠡᠭ᠍ᠴᠢ ᠢᠢ︽ᠲᠤᠰᠢᠶᠠᠴᠢᠬᠠᠪᠠᠯ ᠪᠤᠯᠴᠢᠬᠠᠬᠤ︾ᠪᠠ ᠴᠡᠭ᠍ᠴᠡᠯᠡᠨ ᠦᠭᠡᠷᠡᠴᠢᠯᠬᠦ ᠢᠢ ᠨᠠᠶᠢᠳᠠᠪᠤᠷᠢᠵᠢᠭᠤᠯᠬᠤ ᠳᠤ︽ᠴᠠᠭᠠᠰᠤᠨ ᠳᠡᠭᠡᠷ᠎ᠡ ᠴᠡᠷᠢᠭ ᠬᠥᠳᠡᠯᠭᠡᠬᠦ ︾ᠡᠴᠡ ᠪᠦᠲᠦᠮᠵᠢᠲᠡᠢ ᠪᠡᠷ ᠵᠠᠶᠢᠯᠠᠰᠭᠢᠵᠦ ᠴᠢᠳᠠᠵᠠᠢ᠃ ᠴᠢᠶᠦ᠋ᠩ ᠵᠦᠩ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠤᠰ ᠤᠳᠠᠭ᠎ᠠ ᠢᠢᠨ ᠰᠣᠯᠪᠢᠴᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭ᠍ᠴᠡᠯᠡᠨ ᠦᠭᠡᠷᠡᠴᠢᠯᠡᠬᠦ ᠪᠠᠷ ᠠᠵᠠ ᠲᠣᠬᠢᠶᠠᠯ ᠪᠣᠯᠭᠠᠵᠤ᠂ ᠡᠭᠦᠷᠭᠡ ᠴᠢᠳᠠᠪᠬᠢᠳᠦ ᠰᠠᠯᠠᠭ᠎ᠠ ᠮᠥᠴᠢᠷ ᠦᠨ ᠨᠢᠭᠡ ᠡᠴᠡ ᠨᠦᠬᠦᠭᠡ ᠢᠢ ᠵᠦᠢᠴᠢᠯᠡᠨ ᠮᠡᠳᠡᠬᠦ ᠢᠢ ᠠᠬᠢᠭᠤᠯᠵᠤ᠂︽ᠡᠮ ᠡᠮᠨᠡᠯᠭᠡ ᠢᠢᠨ ᠳᠠᠭᠠᠳᠬᠠᠯ ᠤᠨ ᠳᠤᠪᠴᠢᠶ᠎ᠠ ᠲᠦᠷᠦᠭᠦᠯᠡᠭᠦ᠂ ᠰᠠᠬᠢᠯᠭ᠎ᠠ ᠪᠠᠲᠤ ᠪᠠᠶᠢᠴᠠᠭᠠᠬᠤ ᠬᠣᠷᠶᠢᠠ ᠬᠢᠨᠠᠨ ᠪᠠᠶᠢᠴᠠᠭᠠᠬᠤ ᠵᠥᠪᠯᠡᠯ ᠳᠠᠭᠠᠬᠤ᠂ ᠰᠠᠯᠠᠭ᠎ᠠ ᠮᠥᠴᠢᠷ ᠤᠳ ᠬᠣᠯᠪᠣᠭᠠᠯᠠᠨ ᠬᠥᠳᠡᠯᠦᠯᠴᠡᠬᠦ᠂ ᠨᠡᠶᠢᠭᠡᠮ ᠨᠡᠶᠢᠲᠡ ᠬᠢᠨᠠᠯᠲᠠ ᠲᠠᠯᠪᠢᠬᠤ︾ᠬᠢᠨᠠᠨ ᠬᠠᠮᠢᠶᠠᠷᠬᠤ ᠪᠠᠶᠢᠷᠢᠰᠢᠯ ᠢ ᠪᠠᠶᠢᠭᠤᠯᠵᠠᠢ᠃ ᠨᠢᠭᠡ ᠲᠠᠯ᠎ᠠ ᠪᠠᠷ ᠡᠮ ᠡᠮᠨᠡᠯᠭᠡ ᠢᠢᠨ ᠳᠠᠭᠠᠳᠬᠠᠯ᠂ ᠳᠣᠲᠣᠭᠠᠳᠤ ᠢᠢ ᠬᠠᠮᠠᠭᠠᠯᠠᠬᠤ᠂ ᠡᠷᠡᠭᠦᠯ ᠮᠡᠨᠳᠦ ᠡᠷᠡᠭᠦᠯ ᠬᠠᠮᠠᠭᠠᠯᠠᠯ᠂ ᠬᠢᠨᠠᠨ ᠪᠤᠳᠤᠬᠤ ᠵᠡᠷᠭᠡ ᠣᠯᠠᠨ ᠰᠠᠯᠠᠭ᠎ᠠ ᠮᠥᠴᠢᠷ ᠲᠡᠶ ᠬᠠᠮᠲᠤᠷᠠᠨ ᠡᠮ ᠡᠮᠨᠡᠯᠭᠡ ᠢᠢᠨ ᠳᠠᠭᠠᠳᠬᠠᠯ ᠤᠨ ᠰᠠᠭᠤᠷᠢ ᠮᠥᠩᠭᠥ ᠢᠢᠨ ᠬᠠᠮᠢᠶᠠᠷᠤᠯᠲᠠ ᠢᠢᠨ ᠲᠣᠪᠣᠶᠢᠮ᠎ᠠ ᠠᠰᠠᠭᠤᠳᠠᠯ ᠢ ᠴᠡᠭ᠍ᠴᠡᠯᠡᠨ ᠵᠠᠰᠠᠬᠤ ᠠᠵᠢᠯ ᠢ ᠥᠷᠨᠢᠭᠦᠯᠵᠦ᠂ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ ᠨᠢᠭᠲᠠ ᠬᠠᠮᠵᠢᠯᠴᠠᠵᠤ᠂︽ᠵᠢᠭᠰᠠᠭᠠᠨ ᠪᠠᠶᠢᠴᠠᠭᠠᠬᠤ ︱ ᠴᠡᠭ᠍ᠴᠡᠯᠡᠨ ᠦᠭᠡᠷᠡᠴᠢᠯᠡᠬᠦ ︱ ᠪᠡᠬᠢᠵᠢᠭᠦᠯᠬᠦ ︱ ᠳᠡᠭᠡᠭ᠍ᠰᠢᠯᠡᠭᠦᠯᠬᠦ︾ᠭᠡᠭᠦ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠪᠠ᠃ ᠨᠦᠭᠦᠭᠡ ᠲᠠᠯ᠎ᠠ ᠪᠠᠷ ᠰᠢᠶᠠᠨ ᠤ ᠡᠮ ᠡᠮᠨᠡᠯᠭᠡ ᠢᠢᠨ ᠳᠠᠭᠠᠳᠬᠠᠯ ᠤᠨ ᠲᠣᠪᠴᠢᠶ᠎ᠠ ᠢᠢᠨ ᠬᠠᠶᠢᠨᠠᠨ ᠤ ᠡᠮ ᠡᠮᠨᠡᠯᠭᠡ ᠢᠢᠨ ᠳᠠᠭᠠᠳᠬᠠᠯ ᠤᠨ ᠮᠡᠳᠡᠭᠡ ᠵᠠᠩᠭᠢ ᠢᠢᠨ ᠲᠠᠪᠴᠠᠩ ᠳᠤ ᠲᠦᠰᠢᠭ᠍ᠯᠡᠬᠦ ᠢᠢ ᠠᠬᠢᠭᠤᠯᠵᠤ᠂ ᠪᠦᠬᠦ ᠶᠠᠪᠤᠴᠠ ᠢᠢᠨ ᠣᠶᠤᠨᠴᠢ ᠬᠢᠨᠠᠯᠲᠠ ᠵᠢᠨ ᠰᠢᠰᠲᠸᠮ ᠢ ᠪᠠᠶᠢᠭᠤᠯᠪᠠ᠃ ᠡᠨᠡ ᠵᠢᠯ ᠡᠴᠡ ᠪᠥᠬᠥ ᠰᠢᠶᠠᠨ ᠤ ᠮᠥᠷᠳᠡᠨ ᠨᠡᠬᠡᠮᠵᠢᠯᠡᠬᠦ ᠺᠣᠳ᠋ ᠤᠨ ᠳᠡᠭᠡᠭᠰᠢ ᠳᠠᠮᠵᠢᠭᠤᠯᠤᠭᠰᠠᠨ ᠨᠣᠷᠮ᠎ᠠ 96.29% ᠳ᠋ᠤ ᠬᠦᠷᠴᠦ᠂ ᠣᠶᠤᠨᠴᠢ ᠬᠢᠨᠠᠨ ᠬᠠᠷᠭᠤᠭᠤᠯᠬᠤ ᠰᠢᠰᠲ᠋ᠧᠮ ᠦᠨ ᠠᠦ᠋ᠲ᠋ᠤ᠋ ᠰᠡᠷᠡᠮᠵᠢᠯᠡᠭᠦᠯᠦᠨ ᠬᠣᠷᠢᠭᠯᠠᠭᠰᠠᠨ ᠵᠣᠭᠣᠰ ᠤᠨ ᠲᠣᠭ᠎ᠠ 195.3 ᠲᠦᠮᠡᠨ ᠲᠥᠭᠥᠷᠢᠭ ᠲᠦ ᠬᠦᠷᠴᠦ᠂ 14.9 ᠲᠦᠮᠡᠨ ᠲᠥᠭᠥᠷᠢᠭ ᠳᠤᠰᠢᠶᠠᠬᠤ ᠢᠢ ᠲᠡᠪᠴᠢᠭ᠍ᠰᠡᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠦᠨ ᠠᠷᠭ᠎ᠠ ᠪᠠᠷᠢᠯ ᠨᠢ ᠬᠢᠨᠠᠯᠲᠠ ᠬᠠᠮᠢᠶᠠᠷᠤᠯᠲᠠ ᠢᠢ︽ᠬᠡᠷᠡᠭ ᠦᠨ ᠳᠠᠷᠠᠭ᠎ᠠ ᠰᠢᠢᠳᠭᠡᠵᠦ︾ᠪᠠᠶᠢᠭᠰᠠᠨ ᠠᠴᠠ︽ᠬᠡᠷᠡᠭ ᠦᠨ ᠡᠮᠦᠨ᠎ᠡ ᠰᠠᠨᠠᠭᠤᠯᠵᠤ᠂ ᠬᠡᠷᠡᠭ ᠦᠨ ᠳᠤᠮᠳᠠ ᠬᠣᠷᠢᠭᠯᠠᠬᠤ︾ᠪᠣᠯᠭᠠᠨ ᠬᠤᠪᠢᠷᠠᠭᠤᠯᠵᠤ᠂ ᠡᠮ ᠡᠮᠨᠡᠯᠭᠡ ᠢᠢᠨ ᠳᠠᠭᠠᠳᠬᠠᠯ ᠤᠨ ᠰᠠᠭᠤᠷᠢ ᠮᠥᠩᠭᠥ ᠢᠢᠨ︽ᠭᠣᠭᠣᠵᠢᠵᠤ ᠭᠡᠭᠡᠭᠳᠡᠬᠦ︾ᠢᠢ ᠪᠦᠲᠦᠮᠵᠢᠲᠡᠶ ᠰᠡᠷᠭᠡᠶᠢᠯᠡᠪᠡ᠃ ᠡᠭᠦᠨ ᠡᠴᠡ ᠭᠠᠳᠠᠨ᠎ᠠ᠂ ᠲᠣᠰ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠡᠭᠦᠷᠭᠡ ᠴᠢᠳᠠᠪᠬᠢᠲᠤ ᠰᠠᠯᠠᠭ᠎ᠠ ᠮᠥᠴᠢᠷ ᠢ ᠱᠠᠯᠠᠪᠳᠠᠭᠤᠯᠵᠤ ᠪᠠᠶᠢᠭᠠᠳ ᠴᠢᠶᠦ᠋ᠩ ᠵᠥᠩ ᠰᠢᠶᠠᠨ ᠤ ᠳᠤᠭᠲᠠᠭᠰᠠᠨ ᠴᠡᠭ ᠤᠨ ᠡᠮᠴᠢᠯᠡᠭᠡᠨ ᠦ ᠪᠠᠶᠢᠭᠤᠯᠤᠮᠵᠢ ᠢᠢᠨ ᠡᠮ ᠡᠮᠨᠡᠯᠭᠡ ᠢᠢᠨ ᠳᠠᠭᠠᠳᠬᠠᠯ ᠤᠨ ᠰᠠᠭᠤᠷᠢ ᠮᠥᠩᠭᠥ ᠢᠢᠨ ᠬᠡᠷᠡᠭ᠍ᠯᠡᠯᠲᠡ ᠵᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠤᠨ ᠲᠦᠷᠢᠮ ᠢ ᠨᠡᠶᠢᠲᠡᠯᠡᠨ ᠬᠡᠷᠡᠭ᠍ᠵᠢᠭᠦᠯᠵᠦ᠂ ᠬᠢᠨᠠᠨ ᠬᠠᠮᠢᠶᠠᠷᠬᠤ ᠪᠣᠭᠣᠮᠲᠠ ᠢᠢ ᠤᠷᠤᠭᠰᠢ ᠰᠢᠯᠵᠢᠭᠦᠯᠬᠦ ᠢᠢ ᠠᠬᠢᠭᠤᠯᠪᠠ᠃ 2026 ᠣᠨ ᠠᠴᠠ ᠨᠠᠭᠠᠰᠢ᠂ ᠪᠥᠬᠥ ᠰᠢᠶᠠᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ 98.28% ᠳ᠋ᠤ ᠲᠣᠭᠲᠠᠪᠤᠷᠢᠵᠢᠵᠤ᠂ ᠡᠮ ᠡᠮᠨᠡᠯᠭᠡ ᠢᠢᠨ ᠠᠪᠤᠷᠠᠨ ᠲᠤᠰᠠᠯᠠᠯᠲᠠ ᠢᠢᠨ ᠨᠥᠬᠥᠪᠥᠷᠢ ᠤᠯᠭᠤᠵᠤ᠂ 4629 ᠬᠥᠮᠦᠨ ᠤᠳᠠᠭ᠎ᠠ ᠠᠰᠢᠭ ᠬᠦᠷᠲᠡᠭᠡᠵᠦ᠂ ᠦᠨᠡᠨ ᠪᠣᠳᠠᠲᠠᠶ ᠬᠢᠨᠠᠨ ᠬᠠᠮᠢᠶᠠᠷᠤᠯᠲᠠ ᠢᠢᠨ ᠦᠷ᠎ᠡ ᠪᠦᠲᠦᠮᠵᠢ ᠪᠡᠷ ᠣᠯᠠᠨ ᠲᠦᠮᠡᠨ ᠦ︽ᠡᠪᠡᠳᠴᠢᠨ ᠦᠵᠡᠭᠦᠯᠬᠦ ᠵᠣᠭᠣᠰ ︾ ᠢ ᠬᠠᠮᠠᠭᠠᠯᠠᠭᠰᠠᠨ ᠪᠠᠶᠢᠨ᠎ᠠ ᠃