ᠯᠠᠵᠤᠤ ᠢᠢᠨ ᠴᠢᠬᠢ ᠲᠠᠷᠢᠵᠤ ᠢᠳᠡᠰᠢᠨ ᠨᠣᠭᠤᠭ᠎ᠠ ᠢᠢᠨ ᠠᠵᠤ ᠦᠢᠯᠡᠰ ᠢ ᠬᠦᠴᠦᠷᠬᠡᠭ᠍ᠵᠢᠭᠦᠯᠦᠨ᠎ᠡ

2026-04-17 08:31:23

ᠬᠠᠪᠤᠷ ᠤᠨ ᠬᠤᠭᠤᠴᠠᠭᠠᠨ ᠎ᠳ᠋ᠤ ᠬᠠᠡᠭᠭᠢᠨ ᠬᠤᠰᠢᠭᠤᠨ ᠤ ᠪᠠᠯᠭᠤᠨ ᠪᠠᠯᠭᠠᠰᠤᠨ ᠤ ᠺᠠᠶ ᠰᠢᠨ ᠲᠠᠷᠢᠶᠠᠯᠠᠩ ᠤᠨ ᠲᠠᠯᠠᠪᠠᠶ ᠢᠢᠨ ᠴᠤᠤ ᠲᠢᠶᠠᠨ ᠵᠢᠶᠤᠤ ᠯᠠᠵᠤᠤ ᠢᠢᠨ ᠴᠢᠬᠢ ᠪᠤᠶᠢᠵᠢᠭᠤᠯᠬᠤ ᠬᠦᠯᠡᠮᠵᠢ ᠳᠤ ᠠᠵᠢᠯᠴᠢᠳ ᠴᠤᠤ ᠲᠢᠶᠠᠨ ᠵᠢᠶᠤᠤ ᠯᠠᠵᠤᠤ ᠢᠢᠨ ᠦᠷ᠎ᠡ ᠢᠢ ᠴᠢᠬᠢ ᠪᠤᠶᠢᠵᠢᠭᠤᠯᠬᠤ ᠲᠠᠪᠠᠭ ᠲᠤ ᠳᠠᠷᠢᠵᠤ ᠶᠠᠭᠠᠷᠠᠯᠳᠤᠨ᠎ᠠ᠃ ᠬᠠᠩᠭᠢᠨ ᠬᠤᠰᠢᠭᠤᠨ ᠤ ᠬᠢᠨ ︽ᠨᠢᠭᠡ ᠪᠠᠯᠭᠠᠰᠤ ᠨᠢᠭᠡ ᠦᠢᠯᠡᠳᠬᠦᠨ︾ ᠤ ᠲᠠᠷᠢᠶᠠᠯᠠᠩ ᠮᠠᠯ ᠠᠵᠤ ᠠᠬᠤᠶ ᠢᠢᠨ ᠬᠥᠭ᠍ᠵᠢᠯᠲᠡ ᠢᠢᠨ ᠪᠠᠶᠢᠷᠢ ᠲᠣᠭᠲᠠᠭᠠᠯᠲᠠ ᠢᠢ ᠭᠦᠨᠵᠡᠭᠡᠶ ᠨᠠᠶᠢᠳᠠᠪᠤᠷᠢᠵᠢᠭᠤᠯᠬᠤ ᠢᠢᠨ ᠲᠥᠯᠥᠭᠡ᠂ ᠪᠠᠯᠭᠤᠨ ᠪᠠᠯᠭᠠᠰᠤ ᠵᠢᠨ ᠣᠨᠴᠠᠯᠢᠭᠲᠤ ᠵᠢᠮᠢᠰ ᠢᠳᠡᠰᠢᠨ ᠨᠣᠭᠤᠭ᠎ᠠ ᠢᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠭᠤᠤᠯ ᠭᠠᠷᠳᠠᠴᠠ ᠪᠣᠯᠭᠠᠵᠤ᠂ ᠴᠤᠤ ᠲᠢᠶᠠᠨ ᠵᠢᠶᠤᠤ ᠯᠠᠵᠤᠤ ᠲᠠᠷᠢᠬᠤ ᠣᠨᠴᠠᠯᠢᠭᠲᠤ ᠠᠵᠤ ᠦᠢᠯᠡᠰ ᠢ ᠬᠦᠭᠵᠢᠭᠦᠯᠪᠡ᠃

2022 ᠣᠨ ᠳᠤ ᠪᠠᠯᠭᠤᠨ ᠪᠠᠯᠭᠠᠰᠤ ᠨᠢ ᠬᠥᠳᠡᠭᠡ ᠲᠣᠰᠬᠤᠨ ᠢ ᠬᠥᠭ᠍ᠵᠢᠭᠦᠯᠦᠨ ᠮᠠᠨᠳᠤᠭᠤᠯᠬᠤ ᠪᠠᠯᠠ ᠮᠥᠩᠭᠦ ᠢᠢ 290 ᠲᠦᠮᠡᠨ ᠲᠥᠭᠦᠷᠢᠭ ᠣᠯᠵᠤ᠂ ᠥᠨᠳᠦᠷ ᠪᠠᠷᠢᠮᠵᠢᠶᠠᠵᠢᠭᠰᠠᠨ ᠴᠢᠬᠢ ᠪᠤᠶᠢᠵᠢᠭᠤᠯᠬᠤ ᠬᠦᠯᠡᠮᠵᠢ ᠢᠢ 5 ᠪᠠᠶᠢᠭᠤᠯᠵᠤ᠂ ᠰᠢᠨᠵᠢᠯᠡᠬᠦ ᠤᠬᠠᠭᠠᠨᠴᠢᠯᠠᠭᠰᠠᠨ ᠴᠢᠬᠢ ᠪᠤᠶᠢᠵᠢᠭᠤᠯᠬᠤ ᠠᠷᠭ᠎ᠠ᠂ ᠪᠠᠷᠢᠮᠵᠢᠶᠠᠵᠢᠭᠰᠠᠨ ᠬᠠᠮᠢᠶᠠᠷᠤᠯᠲᠠ᠂ ᠬᠡᠪᠴᠢᠶᠡᠵᠢᠭ᠍ᠰᠡᠨ ᠦᠢᠯᠡᠳᠪᠦᠷᠢᠯᠡᠯ ᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠴᠢᠬᠢ ᠪᠤᠶᠢᠵᠢᠭᠤᠯᠬᠤ ᠰᠠᠭᠤᠷᠢᠨ ᠢ ᠪᠠᠶᠢᠭᠤᠯᠪᠠ᠃ ᠡᠨᠡ ᠵᠢᠯ 5 ᠬᠦᠯᠡᠮᠵᠢ ᠳᠤ ᠴᠢᠬᠢ ᠪᠤᠶᠢᠵᠢᠭᠤᠯᠬᠤ ᠠᠵᠢᠯ ᠢ ᠵᠡᠷᠭᠡ ᠪᠡᠷ ᠡᠬᠢᠯᠡᠭᠦᠯᠵᠦ᠂ ᠵᠢᠱᠢᠯᠲᠡ ᠪᠠᠷ 640 ᠲᠦᠮᠡᠨ ᠰᠠᠭᠤᠷᠢ ᠯᠠᠵᠤᠤ ᠢᠢᠨ ᠴᠢᠬᠢ ᠢᠢ ᠪᠤᠶᠢᠵᠢᠭᠤᠯᠵᠤ᠂ 2000 ᠮᠥ ᠭᠠᠵᠠᠷ ᠤᠨ ᠲᠠᠷᠢᠮᠠᠯ ᠤᠨ ᠬᠡᠷᠡᠭ᠍ᠴᠡᠭᠡ ᠢᠢ ᠬᠠᠩᠭᠠᠵᠤ᠂ ᠪᠥᠬᠦ ᠵᠢᠯ ᠤᠨ ᠯᠠᠵᠤᠤ ᠢᠢᠨ ᠠᠵᠤ ᠦᠢᠯᠡᠰ ᠤᠨ ᠭᠠᠷᠤᠯᠲᠠ ᠢᠢ ᠲᠣᠭᠲᠠᠪᠤᠷᠢᠵᠢᠭᠤᠯᠤᠨ ᠣᠷᠣᠯᠭ᠎ᠠ ᠢᠢ ᠨᠡᠮᠡᠭ᠍ᠳᠡᠭᠦᠯᠬᠦ ᠳᠤ ᠪᠠᠲᠤ ᠪᠠᠬᠢ ᠰᠠᠭᠤᠷᠢ ᠢᠢ ᠲᠠᠯᠪᠢᠬᠤ ᠪᠣᠯᠣᠨ᠎ᠠ᠃ ᠲᠤᠬᠠᠶ ᠢᠢᠨ ᠭᠠᠵᠠᠷ ᠤᠨ ᠬᠢᠨ ︽ᠲᠣᠰᠬᠤᠨ ᠤ ᠬᠠᠮᠲᠤ ᠢᠢᠨ ᠠᠵᠤ ᠠᠬᠤᠢ + ᠳᠠᠭᠠᠭᠤᠯᠤᠭᠴᠢ ᠠᠵᠤ ᠠᠬᠤᠶᠢᠯᠠᠯ + ᠲᠠᠷᠢᠶᠠᠴᠢᠨ ᠡᠷᠦᠬᠡ︾  ᠢᠢᠨ ᠬᠥᠭ᠍ᠵᠢᠯᠲᠡ ᠢᠢᠨ ᠵᠠᠭᠪᠤᠷ ᠢ ᠬᠡᠷᠡᠭ᠍ᠵᠢᠭᠦᠯᠵᠦ᠂ ᠲᠣᠰᠬᠤᠨ ᠤ ᠬᠠᠮᠲᠤ ᠢᠢᠨ ᠠᠵᠤ ᠠᠬᠤᠢ ᠨᠢ ᠴᠢᠬᠢ ᠪᠤᠶᠢᠵᠢᠭᠤᠯᠬᠤ ᠬᠦᠯᠡᠮᠵᠢ ᠪᠠᠷ ᠬᠤᠪᠢ ᠣᠷᠣᠭᠤᠯᠤᠨ ᠵᠢᠯ ᠤᠨ ᠣᠷᠣᠯᠭ᠎ᠠ ᠢᠢᠨ ᠨᠡᠮᠡᠭ᠍ᠳᠡᠯ ᠢ 5 ᠲᠦᠮᠡᠨ ᠲᠥᠭᠦᠷᠢᠭ ᠪᠡᠶᠡᠯᠡᠭᠦᠯᠵᠦ᠂ ᠲᠡᠷᠡᠴᠢᠯᠡᠨ ᠴᠢᠬᠢ ᠪᠤᠶᠢᠵᠢᠭᠤᠯᠬᠤ ᠠᠵᠢᠯ ᠳᠤ ᠲᠣᠰᠬᠤᠨ ᠤ ᠠᠷᠠᠳ ᠢ ᠬᠥᠯᠥᠰᠦᠯᠡᠨ᠂ ᠲᠠᠷᠢᠶᠠᠴᠢᠳ ᠤᠨ ᠣᠷᠣᠯᠭ᠎ᠠ ᠢᠢ ᠨᠡᠮᠡᠭ᠍ᠳᠡᠭᠦᠯᠵᠡᠢ᠃ ︽ᠪᠢᠳᠡ ᠵᠠᠬᠢᠶᠠᠯᠠᠭ᠎ᠠ ᠪᠠᠷ ᠳᠠᠷᠢᠬᠤ᠂ ᠦᠨ᠎ᠡ ᠢᠢ ᠪᠠᠲᠤᠯᠠᠨ ᠬᠤᠷᠢᠶᠠᠨ ᠠᠪᠬᠤ᠂ ᠪᠥᠬᠦ ᠶᠠᠪᠤᠴᠠ ᠳᠤ ᠮᠡᠷᠭᠡᠵᠢᠯ ᠤᠨ ᠵᠢᠯᠤᠭᠤᠳᠤᠯᠭ᠎ᠠ ᠬᠢᠬᠦ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠢᠢ ᠰᠠᠨᠠᠭ᠎ᠠ ᠠᠮᠤᠷ ᠳᠠᠷᠢᠭᠤᠯᠵᠤ᠂ ᠮᠥ ᠪᠦᠷᠢ ᠢᠢᠨ ᠠᠰᠢᠭ ᠣᠷᠣᠯᠭ᠎ᠠ ᠢᠢ 5000 ᠲᠥᠭᠦᠷᠢᠭ ᠠᠴᠠ ᠳᠤᠤᠷ᠎ᠠ ᠪᠠᠶᠢᠯᠭᠠᠬᠤ ᠥᠬᠡᠶ ᠪᠠᠶᠢᠬᠤ ᠢᠢ ᠦᠨᠡᠨ ᠬᠦ ᠪᠠᠲᠤᠯᠠᠪᠠ︾ ᠭᠡᠵᠦ ᠥᠪᠥᠷ ᠮᠣᠩᠭᠤᠯ ᠤᠨ ᠢᠢᠨ ᠳ᠋ᠠ ᠱᠦᠨ ᠲᠠᠷᠢᠶᠠᠯᠠᠩ ᠮᠠᠯ ᠠᠵᠤ ᠠᠬᠤᠶ ᠢᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠢᠢᠨ ᠬᠠᠷᠢᠭᠤᠴᠠᠯᠭᠠᠲᠠᠨ ᠡᠤ ᠶᠦᠩ ᠹᠸᠢ ᠲᠠᠨᠢᠯᠴᠠᠭᠤᠯᠪᠠ᠃

ᠣᠶᠢᠯᠠᠭᠠᠭᠰᠠᠨ ᠢᠶᠠᠷ᠂ ᠲᠠᠷᠠᠭᠠᠴᠢ ᠢᠢᠨ ᠠᠯᠬᠤᠮ ᠳᠤ᠂ ᠪᠠᠯᠭᠤᠨ ᠪᠠᠯᠭᠠᠰᠤ ᠮᠢᠩᠭᠠᠨ ᠲᠦᠮᠡᠨ ᠲᠥᠭᠦᠷᠢᠭ ᠤᠨ ᠪᠠᠯᠠ ᠣᠷᠣᠭᠤᠯᠵᠤ 18 ᠬᠠᠭᠤᠴᠢᠨ ᠬᠦᠯᠡᠮᠵᠢ ᠢᠢ ᠪᠥᠬᠦ ᠲᠠᠯ᠎ᠠ ᠪᠠᠷ ᠥᠭᠡᠷᠡᠴᠢᠯᠡᠨ ᠲᠠᠰ ᠳᠡᠪᠰᠢᠭᠦᠯᠵᠦ᠂ ︽ᠨᠢᠭᠡ ᠭᠤᠤᠯ ᠣᠯᠠᠨ ᠡᠰᠢᠲᠦ︾ᠠᠵᠤ ᠦᠢᠯᠡᠰ ᠤᠨ ᠪᠠᠶᠢᠷᠢᠰᠢᠭᠤᠯᠤᠯᠲᠠ ᠢᠢ ᠦᠷᠭᠦᠯᠵᠢᠯᠡᠨ ᠬᠦᠴᠦᠷᠬᠡᠭ᠍ᠵᠢᠭᠦᠯᠵᠦ᠂ ᠣᠨᠴᠠᠯᠢᠭᠲᠤ ᠠᠵᠤ ᠦᠢᠯᠡᠰ ᠢ ᠬᠥᠳᠡᠭᠡ ᠲᠣᠰᠬᠤᠨ ᠢ ᠬᠥᠭ᠍ᠵᠢᠭᠦᠯᠦᠨ ᠮᠠᠨᠳᠤᠭᠤᠯᠬᠤ ᠬᠠᠲᠠᠭᠤ ᠲᠤᠯᠭᠠᠭᠤᠷᠢᠯᠠᠯ ᠪᠣᠯᠭᠠᠬᠤ ᠪᠠᠷ ᠪᠤᠢ᠃

X