ᠴᠠᠭᠠᠰᠤᠨ ᠰᠢᠪᠠᠭᠤ ᠨᠢᠰᠬᠡᠬᠦ ᠳ᠋ᠡᠬᠡᠨ ᠠᠡᠭᠬᠠᠷᠤᠭᠠᠷᠠᠢ

2025-04-18 11:57:16

ᠴᠠᠭᠠᠰᠤᠨ ᠰᠢᠪᠠᠭᠤ ᠨᠢᠰᠭᠡᠬᠦ ᠳᠡᠭᠡᠨ ᠠᠮᠤᠷ ᠲᠦᠪᠰᠢᠨ ᠢ ᠪᠠᠲᠤᠯᠠᠬᠤ ᠢᠢᠨ ᠲᠥᠯᠥᠭᠡ ᠳᠣᠸᠷᠠᠬᠢ ᠬᠡᠳᠦᠨ ᠲᠠᠯ᠎ᠠ ᠢᠢ ᠠᠩᠬᠠᠷᠬᠤ ᠬᠡᠷᠡᠭ᠍ᠲᠡᠶ᠃ ᠨᠢᠬᠡ ᠳ᠋ᠤ᠂ ᠲᠣᠬᠢᠷᠠᠮᠵᠢᠲᠠᠶ ᠲᠠᠯᠠᠪᠤᠷ ᠰᠣᠩᠭᠣᠨ᠎ᠠ᠃ ᠵᠢᠱᠢᠶᠡᠯᠡᠪᠡᠯ ᠴᠡᠴᠡᠷᠯᠢᠭ᠂ ᠠᠭᠤᠳᠠᠮ ᠲᠠᠯᠠᠪᠠᠶ᠂ ᠬᠣᠲᠠ ᠢᠢᠨ ᠲᠡᠭᠦᠷᠭᠡ ᠢᠢᠨ ᠲᠡᠭᠰᠢ ᠲᠠᠯ᠎ᠠ ᠵᠡᠷᠭᠡ ᠥᠷᠭᠡᠨ ᠠᠭᠤᠳᠠᠮ᠂ ᠲᠡᠭ᠍ᠰᠢᠬᠡᠨ ᠲᠠᠯᠠᠪᠤᠷ ᠢ ᠰᠣᠩᠭᠣᠵᠤ᠂ ᠬᠠᠮᠢᠶ᠎ᠠ ᠪᠦᠬᠦᠢ ᠠᠶᠤᠯ ᠲᠦᠭ᠍ᠰᠢᠭᠦᠷᠢ ᠡᠭᠦᠰᠭᠦ ᠡᠴᠡ ᠵᠠᠶᠢᠯᠠᠰᠭᠢᠬᠦ ᠬᠡᠷᠡᠭ᠍ᠲᠡᠶ᠃ ᠤᠨᠴᠠᠭᠠᠶᠢᠯᠠᠨ ᠲᠡᠮᠦᠷ ᠵᠠᠮ ᠳᠠᠭᠠᠸ᠂ ᠨᠢᠰᠭᠡᠯ ᠦᠨ ᠪᠠᠭᠤᠳᠠᠯ ᠪᠠ ᠥᠨᠳᠥᠷ ᠬᠦᠴᠦᠳᠡᠯᠲᠦ ᠴᠠᠬᠢᠯᠭᠠᠨ ᠤᠲᠠᠰᠤᠨ ᠤ ᠣᠶᠢᠷ᠎ᠠ ᠬᠠᠪᠢ ᠳᠤ ᠴᠠᠭᠠᠰᠤᠨ ᠰᠢᠪᠠᠭᠤ ᠨᠢᠰᠭᠡᠵᠦ ᠪᠣᠯᠬᠤ ᠥᠬᠡᠶ ᠂ ᠡᠲᠡᠭᠡᠷ ᠭᠠᠵᠠᠷ ᠲᠤ ᠴᠠᠭᠠᠰᠤᠨ ᠰᠢᠪᠠᠭᠤ ᠨᠢᠰᠭᠡᠪᠡᠯ ᠲᠡᠮᠦᠷ ᠵᠠᠮ ᠤᠨ ᠳᠣᠬᠢᠶ᠎ᠠ ᠢᠢ ᠬᠠᠷᠰᠢᠯᠠᠵᠤ᠂ ᠨᠢᠰᠭᠡᠯ ᠦᠨ ᠨᠢᠰᠴᠦ ᠪᠠᠭᠤᠬᠤ ᠢᠢ ᠨᠥᠯᠥᠭᠡᠯᠡᠵᠦ ᠮᠡᠳᠡᠬᠦ ᠪᠥᠭᠡᠳ ᠴᠠᠬᠢᠯᠭᠠᠨ ᠳᠤ ᠴᠣᠬᠢᠭᠳᠠᠬᠤ ᠡᠨᠳᠡᠯ ᠠᠮᠠᠷᠬᠠᠨ ᠭᠠᠷᠴᠤ ᠮᠡᠳᠡᠨ᠎ᠡ᠃ ᠬᠤᠶᠠᠷ ᠲᠸ᠋᠂ ᠴᠠᠭ ᠠᠭᠤᠷ ᠤᠨ ᠪᠠᠶᠢᠳᠠᠯ ᠢ ᠠᠡᠭᠬᠠᠷᠤᠨ᠎ᠠ᠃ ᠡᠩ ᠦᠨ ᠪᠠᠶᠢᠳᠠᠯ ᠳᠤ 2-5 ᠳᠡᠰ ᠤᠨ ᠰᠠᠯᠬᠢᠨ ᠳᠤ ᠴᠠᠭᠠᠰᠤᠨ ᠰᠢᠪᠠᠭᠤ ᠨᠢᠰᠭᠡᠪᠡᠯ ᠬᠠᠮᠤᠭ ᠤᠨ ᠲᠣᠬᠢᠷᠠᠮᠵᠢᠲᠠᠶ ᠪᠠᠶᠢᠵᠤ᠂ ᠰᠠᠯᠬᠢᠨ ᠤ ᠬᠦᠴᠦ ᠶᠡᠬᠡᠳᠪᠡᠯ ᠴᠠᠭᠠᠰᠤᠨ ᠰᠢᠪᠠᠭᠤ ᠢᠢ ᠡᠷᠬᠡᠰᠢᠶᠡᠵᠦ ᠳᠡᠶᠢᠯᠬᠦ ᠥᠬᠡᠶ ᠪᠣᠯᠵᠣ᠂ ᠴᠠᠭᠠᠰᠤᠨ ᠰᠢᠪᠠᠭᠤᠨ ᠤ ᠤᠲᠠᠰᠤ ᠲᠠᠰᠤᠷᠠᠬᠤ ᠪᠤᠶᠤ ᠬᠥᠮᠦᠨ ᠢ ᠰᠢᠷᠬᠠᠲᠤᠭᠤᠯᠵᠤ ᠮᠡᠳᠡᠨ᠎ᠡ︔ ᠡᠰᠡᠷᠭᠦ ᠪᠠᠷ᠂ ᠰᠠᠯᠬᠢᠨ ᠤ ᠬᠦᠴᠦ ᠬᠦᠷᠬᠦ ᠦᠭᠡᠢ ᠦᠶᠡᠰ ᠴᠠᠭᠠᠰᠤᠨ ᠰᠢᠪᠠᠭᠤ ᠠᠮᠠᠷᠬᠠᠨ ᠨᠢᠰᠴᠦ ᠴᠢᠳᠠᠬᠤ ᠥᠬᠡᠶ᠃ ᠲᠠᠬᠢᠪᠠᠯ᠂ ᠠᠶᠤᠩᠭᠠᠲᠤ ᠪᠣᠷᠣᠭᠠᠨ ᠲᠠᠶ ᠡᠳᠦᠷ ᠴᠠᠭᠠᠰᠤᠨ ᠰᠢᠪᠠᠭᠤ ᠨᠢᠰᠭᠡᠬᠦ ᠡᠴᠡ ᠵᠠᠶᠢᠯᠠᠰᠭᠢᠨ᠎ᠡ᠂ ᠡᠨᠡ ᠦᠶ᠎ᠡ ᠳᠦ ᠣᠭᠲᠠᠷᠭᠤᠶ ᠳᠤ ᠴᠠᠬᠢᠯᠭᠠᠨ ᠲᠠᠶ ᠪᠠᠶᠢᠬᠤ ᠪᠤᠯᠤᠯᠴᠠᠭ᠎ᠠ ᠲᠠᠢ ᠪᠦᠭᠡᠳ ᠴᠠᠭᠠᠰᠤᠨ ᠰᠢᠪᠠᠭᠤᠨ ᠤ ᠤᠲᠠᠰᠤ ᠠᠮᠠᠷᠬᠠᠨ ᠴᠠᠬᠢᠯᠭᠠᠨ ᠳᠠᠮᠵᠢᠭᠤᠯᠵᠤ᠂ ᠴᠠᠭᠠᠰᠤᠨ ᠰᠢᠪᠠᠭᠤ ᠨᠢᠰᠭᠡᠭ᠍ᠴᠢ ᠠᠶᠤᠩᠭ᠎ᠠ ᠳᠤ ᠳᠠᠭᠠᠷᠢᠭᠳᠠᠬᠤ ᠠᠶᠤᠯ ᠲᠠᠢ᠃ ᠭᠤᠷᠪᠠ ᠳ᠋ᠤ᠂ ᠬᠤᠪᠢ ᠪᠡᠶ᠎ᠡ ᠵᠢᠨ ᠬᠠᠮᠠᠭᠠᠯᠠᠯᠲᠠ ᠢᠢ ᠰᠠᠶᠢᠲᠤᠷ ᠬᠢᠨ᠎ᠡ᠃ ᠴᠠᠭᠠᠰᠤᠨ ᠰᠢᠪᠠᠭᠤ ᠨᠢᠰᠭᠡᠬᠦ ᠦᠶ᠎ᠡ ᠳᠦ ᠪᠡᠭᠡᠯᠡᠶ ᠵᠡᠭᠦᠵᠦ᠂ ᠴᠠᠭᠠᠰᠤᠨ ᠰᠢᠪᠠᠭᠤᠨ ᠤ ᠤᠳᠠᠰᠤ ᠭᠠᠷ ᠤᠨ ᠬᠤᠷᠤᠭᠤ ᠵᠢ ᠰᠢᠷᠬᠠᠳᠠᠭᠤᠯᠬᠤ ᠡᠴᠡ ᠰᠡᠷᠭᠡᠶᠢᠯᠡᠨ᠎ᠡ᠃ ᠬᠡᠷᠪᠡ ᠴᠠᠭᠠᠰᠤᠨ ᠰᠢᠪᠠᠭᠤᠨ ᠤ ᠤᠳᠠᠰᠤ ᠨᠢ ᠨᠠᠷᠢᠨ᠂ ᠬᠦᠴᠦᠯᠡᠴᠡ ᠨᠢ ᠴᠢᠩᠭ᠎ᠠ ᠪᠣᠯ ᠲᠦᠷᠭᠡᠨ ᠤᠲᠠᠰᠤ ᠲᠠᠯᠪᠢᠬᠤ ᠪᠤᠶᠤ ᠤᠲᠠᠰᠤ ᠬᠤᠷᠢᠶᠠᠬᠤ ᠦᠶ᠎ᠡ ᠳᠦ ᠠᠮᠠᠷᠬᠠᠨ ᠭᠠᠷ ᠭᠡᠮᠲᠦᠭᠡᠳᠡᠭ᠃ ᠴᠠᠭᠠᠰᠤᠨ ᠰᠢᠪᠠᠭᠤ ᠨᠢᠰᠭᠡᠬᠦ ᠳ᠋ᠡᠬᠡᠨ ᠬᠦᠶᠦᠬᠦ ᠳ᠋ᠤ ᠲᠠᠭᠠᠯᠠᠮᠵᠢᠲᠠᠶ᠂ ᠬᠥᠳᠡᠯᠭᠡᠭᠡᠨ ᠬᠢᠬᠦ ᠳᠦ ᠲᠥᠬᠥᠮ ᠬᠤᠪᠴᠠᠰᠤ ᠪᠠ ᠲᠠᠮᠢᠷ ᠤᠨ ᠱᠠᠬᠠᠶ ᠡᠮᠦᠰᠴᠦ᠂ ᠤᠨᠠᠵᠤ ᠰᠢᠷᠬᠠᠳᠤᠬᠤ ᠡᠴᠡ ᠵᠠᠶᠢᠯᠠᠰᠬᠢᠬᠤ ᠬᠡᠷᠡᠭᠳᠡᠢ᠃ ᠲᠦᠷᠪᠡ ᠳ᠋ᠤ᠂ ᠡᠷᠭᠢᠨ ᠲᠣᠭᠣᠷᠢᠨ ᠤ ᠬᠥᠮᠦᠰ ᠲᠸ᠋ ᠠᠶᠤᠯ ᠲᠦᠭᠰᠢᠭᠦᠷᠢ ᠠᠪᠴᠢᠷᠠᠬᠤ ᠡᠴᠡ ᠪᠤᠯᠭᠤᠮᠵᠢᠯᠠᠨ᠎ᠠ᠃ ᠴᠠᠭᠠᠰᠤᠨ ᠰᠢᠪᠠᠭᠤ ᠨᠢᠰᠭᠡᠬᠦ ᠡᠴᠡ ᠪᠡᠨ ᠡᠮᠦᠨ᠎ᠡ ᠬᠠᠵᠠᠭᠤ ᠳ᠋ᠤ ᠪᠤᠰᠤᠳ ᠬᠥᠮᠦᠨ ᠪᠠᠶᠢᠬᠤ ᠡᠰᠡᠬᠦ ᠵᠢ ᠠᠡᠭᠬᠠᠷᠬᠤ ᠬᠡᠷᠡᠭᠳᠡᠢ᠃ ᠴᠠᠭᠠᠰᠤᠨ ᠰᠢᠪᠠᠭᠤᠨ ᠨᠢᠰᠬᠡᠬᠦ ᠲᠤᠮᠳᠠ ᠪᠠᠨ ᠣᠷᠴᠢᠨ ᠲᠣᠭᠣᠷᠢᠨ ᠤ ᠬᠥᠮᠦᠰ ᠦᠨ ᠬᠥᠳᠡᠯᠦᠯ ᠪᠠᠶᠢᠳᠠᠯ ᠢ ᠴᠠᠭ ᠢᠮᠠᠭᠲᠠ ᠠᠩᠬᠠᠷᠴᠤ᠂ ᠴᠠᠭᠠᠰᠤᠨ ᠰᠢᠪᠠᠭᠤ ᠪᠤᠶᠤ ᠴᠠᠭᠠᠰᠤᠨ ᠰᠢᠪᠠᠭᠤᠨ ᠤ ᠤᠳᠠᠰᠤ ᠵᠢ ᠪᠤᠰᠤᠳ ᠬᠥᠮᠦᠨ ᠲᠡᠶ ᠤᠴᠠᠷᠠᠭᠤᠯᠬᠤ  ᠠᠴᠠ ᠰᠡᠷᠬᠡᠶᠢᠯᠡᠬᠦ ᠬᠡᠷᠡᠭ᠍ᠲᠡᠶ᠃ ᠣᠯᠠᠨ ᠬᠥᠮᠦᠨ ᠬᠠᠮᠲᠤ ᠳᠠᠭᠠᠨ ᠴᠠᠭᠠᠰᠤᠨ ᠰᠢᠪᠠᠭᠤ ᠨᠢᠰᠭᠡᠬᠦ ᠳᠡᠭᠡᠨ ᠵᠣᠬᠢᠬᠤ ᠤᠷᠤᠨ ᠵᠠᠶ ᠵᠢ ᠪᠠᠳᠤᠯᠠᠵᠤ᠂ ᠴᠠᠭᠠᠰᠤᠨ ᠰᠢᠪᠠᠭᠤᠨ ᠤ ᠤᠳᠠᠰᠤ ᠬᠠᠷᠢᠯᠴᠠᠨ ᠣᠷᠢᠶᠠᠯᠳᠤᠵᠤ᠂ ᠠᠶᠤᠯ ᠲᠦᠭ᠍ᠰᠢᠭᠦᠷᠢ ᠡᠭᠦᠰᠭᠡᠬᠦ ᠡᠴᠡ ᠵᠠᠶᠢᠯᠠᠰᠭᠢᠬᠦ ᠬᠡᠷᠡᠭ᠍ᠲᠡᠶ᠃ ᠲᠠᠪᠤ ᠳ᠋ᠤ᠂ ᠴᠠᠭᠠᠰᠤᠨ ᠰᠢᠪᠠᠭᠤ ᠢᠢ ᠵᠥᠪ ᠨᠢᠰᠬᠡᠬᠦ ᠬᠡᠷᠡᠭᠳᠡᠢ᠃ ᠴᠠᠭᠠᠰᠤᠨ ᠰᠢᠪᠠᠭᠤ ᠵᠢ ᠨᠢᠰᠭᠡᠬᠦ ᠡᠴᠡ ᠪᠡᠨ ᠡᠮᠦᠨ᠎ᠡ ᠪᠦᠲᠦᠴᠡ ᠨᠢ ᠪᠠᠲᠤ ᠪᠡᠬᠢ ᠪᠠᠶᠢᠬᠤ ᠡᠰᠡᠬᠦ ᠂ ᠴᠠᠭᠠᠰᠤᠨ ᠰᠢᠪᠠᠭᠤᠨ ᠤ ᠤᠳᠠᠰᠤ ᠨᠢ ᠡᠯᠡᠭ᠍ᠳᠡᠵᠦ ᠬᠠᠭᠠᠷᠠᠭᠰᠠᠨ ᠡᠰᠡᠬᠦ ᠵᠡᠷᠭᠡ ᠪᠠᠶᠢᠳᠠᠯ ᠢ ᠪᠠᠶᠢᠴᠠᠭᠠᠵᠤ᠂ ᠬᠡᠷᠪᠡ ᠠᠰᠠᠭᠤᠳᠠᠯ ᠲᠠᠶ ᠪᠣᠯ ᠴᠠᠭ ᠲᠤᠬᠠᠶ ᠳᠤᠨᠢ ᠵᠠᠰᠠᠵᠤ ᠰᠡᠯᠪᠢᠬᠦ ᠪᠤᠶᠤ ᠰᠣᠯᠢᠬᠤ ᠬᠡᠷᠡᠭ᠍ᠲᠡᠶ᠃ ᠴᠠᠭᠠᠰᠤᠨ ᠰᠢᠪᠠᠭᠤ ᠨᠢᠰᠭᠡᠬᠦ ᠳᠡᠭᠡᠨ ᠵᠥᠪ ᠣᠨᠣᠪᠴᠢᠲᠠᠶ ᠤᠲᠠᠰᠤ ᠲᠠᠯᠪᠢᠬᠤ ᠪᠠ ᠤᠲᠠᠰᠤ ᠬᠤᠷᠢᠶᠠᠬᠤ ᠠᠷᠭ᠎ᠠ ᠵᠢ ᠡᠵᠡᠮᠰᠢᠬᠦ ᠬᠡᠷᠡᠭ᠍ᠲᠡᠶ᠂ ᠴᠠᠭᠠᠰᠤᠨ ᠰᠢᠪᠠᠭᠤᠨ ᠤ ᠤᠲᠠᠰᠤ ᠵᠢ ᠭᠡᠨᠡᠳᠲᠡ ᠪᠡᠷ ᠬᠦᠴᠦᠲᠡᠶ ᠲᠠᠲᠠᠵᠤ ᠪᠣᠯᠬᠤ ᠥᠬᠡᠶ᠂ ᠴᠠᠭᠠᠰᠤᠨ ᠰᠢᠪᠠᠭᠤ ᠡᠵᠡᠮᠳᠡᠯ ᠢᠶᠡᠨ ᠠᠯᠳᠠᠬᠤ ᠪᠤᠶᠤ ᠤᠲᠠᠰᠤ ᠲᠠᠰᠤᠷᠠᠵᠤ ᠬᠥᠮᠦᠨ ᠢ ᠰᠢᠷᠬᠠᠲᠤᠭᠤᠯᠬᠤ  ᠠᠴᠠ ᠬᠢᠴᠢᠶᠡᠨ᠎ᠡ᠃ ᠴᠠᠭᠠᠰᠤᠨ ᠰᠢᠪᠠᠭᠤ ᠡᠪᠳᠡᠷᠡᠬᠦ ᠪᠤᠶᠤ ᠤᠨᠠᠵᠤ ᠢᠷᠡᠬᠦ ᠦᠶ᠎ᠡ ᠳᠦ ᠠᠯᠢ ᠲᠦᠷᠭᠡᠨ ᠢᠶᠡᠷ ᠤᠲᠠᠰᠤ ᠪᠠᠨ ᠬᠤᠷᠢᠶᠠᠵᠤ᠂ ᠴᠠᠭᠠᠰᠤᠨ ᠰᠢᠪᠠᠭᠤ ᠤᠨᠠᠵᠤ ᠪᠤᠰᠤᠳ ᠬᠥᠮᠦᠨ ᠢ ᠰᠢᠷᠬᠠᠲᠤᠭᠤᠯᠬᠤ ᠪᠤᠶᠤ ᠡᠳ᠋ ᠪᠣᠳᠠᠰ ᠢ ᠡᠪᠳᠡᠬᠦ ᠡᠴᠡ ᠵᠠᠶᠢᠯᠠᠰᠬᠢᠨ᠎ᠠ᠃ ᠵᠢᠷᠭᠤᠭ᠎ᠠ ᠳ᠋ᠤ᠂ ᠬᠡᠦᠬᠡᠳ ᠪᠠᠭᠠᠴᠤᠳ ᠢ ᠰᠠᠶᠢᠬᠠᠨ ᠬᠠᠷᠠᠭᠠᠯᠵᠠᠨ᠎ᠠ᠃ ᠬᠡᠦᠬᠡᠳ ᠴᠠᠭᠠᠰᠤᠨ ᠰᠢᠪᠠᠭᠤ ᠨᠢᠰᠭᠡᠬᠦ ᠳᠦ ᠬᠦᠷᠪᠡᠯ ᠵᠠᠪᠠᠯ ᠬᠡᠷ ᠤᠨ ᠠᠬᠠᠮᠠᠳ ᠪᠠᠷ᠎ᠠ ᠪᠣᠯᠬᠤ ᠬᠡᠷᠡᠭ᠍ᠲᠡᠶ᠃ ᠠᠬᠠᠮᠠᠳ ᠡᠴᠡ ᠬᠡᠦᠬᠡᠳ ᠦᠨ ᠴᠠᠭᠠᠰᠤᠨ ᠰᠢᠪᠠᠭᠤ ᠨᠢᠰᠭᠡᠬᠦ ᠢᠢ ᠵᠢᠭᠠᠨ ᠵᠢᠯᠣᠭᠣᠳᠴᠤ᠂ ᠠᠮᠤᠷ ᠲᠦᠪᠰᠢᠨ ᠢ ᠠᠡᠭᠬᠠᠷᠬᠤ ᠵᠤᠶᠢᠯᠡᠰ ᠢ ᠰᠠᠨᠠᠭᠤᠯᠵᠤ᠂ ᠬᠡᠦᠬᠡᠳ ᠢ ᠭᠠᠭᠴᠠᠭᠠᠷ ᠢ ᠨᠢ ᠠᠶᠤᠯ ᠲᠠᠶ ᠭᠠᠵᠠᠷ ᠲᠤ ᠣᠴᠢᠭᠤᠯᠵᠤ ᠴᠠᠭᠠᠰᠤᠨ ᠰᠢᠪᠠᠭᠤ ᠨᠢᠰᠭᠡᠵᠦ ᠪᠣᠯᠬᠤ ᠦᠭᠡᠢ᠃ ᠲᠤᠯᠤᠭ᠎ᠠ ᠳ᠋ᠤ᠂ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠨ ᠰᠠᠬᠢᠨ᠎ᠠ᠃ ᠴᠠᠭᠠᠰᠤᠨ ᠰᠢᠪᠠᠭᠤ ᠨᠢᠰᠭᠡᠬᠦ ᠲᠤᠬᠠᠶ ᠣᠨᠴᠠᠭᠠᠶ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠬᠠᠸᠯᠢ ᠴᠠᠭᠠᠵᠠ ᠬᠠᠸᠯᠢ ᠲᠣᠭᠲᠠᠭᠠᠯ ᠠᠴᠠ ᠵᠥᠷᠢᠴᠡᠵᠦ ᠬᠡᠷᠡᠭ ᠥᠬᠡᠶ ᠶᠠᠷᠰᠢᠭ ᠲᠠᠲᠠᠬᠤ ᠠᠴᠠ ᠵᠠᠶᠢᠯᠠᠰᠭᠢᠬᠦ ᠬᠡᠷᠡᠭ᠍ᠲᠡᠶ᠃

X