ᠲᠦᠮᠡᠨ ᠤᠯᠠᠨ ᠢ ᠪᠠᠶᠠᠰᠬᠠᠬᠰᠠᠨ ᠲᠡᠭᠷᠢ ᠳ᠋ᠤ ᠲᠡᠭᠦᠯᠢᠬᠦ ᠴᠠᠭᠠᠰᠤᠨ ᠰᠢᠪᠠᠭᠤ
2025-04-18 11:50:33
ᠤᠯᠠᠭᠠᠨᠮᠦ᠋ᠷᠡᠨ ᠨᠠᠭᠤᠷ ᠢ ᠬᠦᠪᠡᠭᠡᠳᠡᠵᠤ ᠰᠡᠯᠡᠭᠦᠴᠡᠬᠦ ᠳ᠋ᠤ ᠬᠡᠤᠬᠡᠳ᠂ ᠵᠠᠯᠠᠭᠤᠰ᠂ ᠦᠳᠡᠭᠦᠰ ᠤᠨ ᠬᠦᠬᠡ ᠤᠬᠳᠠᠷᠭᠤᠢ ᠳ᠋ᠤ ᠴᠠᠭᠠᠰᠤᠨ ᠰᠢᠪᠠᠭᠤ ᠨᠢᠰᠬᠡᠬᠦ ᠨᠢ ᠦᠡᠭᠭᠡᠷᠡᠭᠴᠢ ᠬᠠᠪᠤᠷ ᠤᠳ ᠡᠴᠡ ᠬᠠᠪᠢ ᠦᠭᠡᠢ ᠤᠯᠠᠳᠠᠬᠰᠠᠨ ᠨᠢ ᠠᠵᠢᠬᠯᠠᠬᠳᠠᠨᠠ᠃ ᠦᠡᠭᠭᠡ ᠦᠡᠭᠭᠡ ᠵᠢᠨ ᠤᠯᠠᠨ ᠶᠠᠡᠭᠵᠤ ᠵᠢᠨ ᠴᠠᠭᠠᠰᠤᠨ ᠰᠢᠪᠠᠭᠤ ᠬᠦᠪᠦᠡᠭ ᠴᠠᠭᠠᠨ ᠡᠭᠦᠯᠡ ᠲᠠᠢ ᠮᠦᠴᠡᠭᠡᠷᠬᠡᠨ ᠲᠡᠭᠦᠯᠢᠬᠦ ᠵᠢ ᠨᠢ ᠬᠠᠷᠠᠭᠠᠳ ᠵᠤᠡᠭᠭᠢᠬᠦ ᠬᠦᠮᠦᠰ ᠲᠸ᠋ ᠬᠡᠤᠬᠡᠳ ᠠᠬᠤᠢ ᠨᠠᠰᠤ ᠨᠢ ᠠᠶᠠᠨᠳᠠᠭᠠᠨ ᠲᠤᠷᠠᠰᠤᠬᠳᠠᠬᠤ ᠨᠢ ᠶᠠᠭᠠᠬᠢᠬᠤᠪ᠃
ᠴᠠᠭᠠᠰᠤᠨ ᠰᠢᠪᠠᠭᠤ ᠨᠢᠰᠬᠡᠬᠦ ᠨᠢ ᠰᠡᠳᠬᠢᠯ ᠢ ᠰᠡᠷᠭᠦᠭᠡᠵᠤ ᠰᠠᠨᠠᠭ᠎ᠠ ᠵᠢ ᠪᠠᠶᠠᠰᠬᠠᠬᠤ ᠤᠷᠮᠠᠳᠠᠢ ᠲᠤᠬᠯᠠᠭᠠᠮ ᠲᠡᠳᠦᠢ ᠦᠭᠡᠢ᠂ ᠨᠢᠳᠤᠨ ᠴᠢᠯᠡᠬᠡ ᠵᠢ ᠲᠠᠶᠢᠯᠵᠤ᠂ ᠬᠦᠵᠦᠭᠦᠦ ᠰᠡᠭᠡᠷ ᠢ ᠵᠢᠬᠢᠯᠬᠡᠳᠡᠭ ᠵᠢᠡᠷ ᠵᠢᠡᠨ ᠠᠵᠢᠯ ᠤᠨ ᠪᠠᠶᠢᠷᠢᠨ ᠲᠡᠭᠡᠷ᠎ᠡ ᠡᠰᠡᠭᠦᠯ᠎ᠡ ᠺᠤᠮᠫᠢᠤᠲᠸᠷ ᠭᠠᠷ ᠤᠳᠠᠰᠤ ᠬᠡᠳᠦᠷᠡᠯᠡ ᠱᠠᠭᠠᠶᠢᠵᠤ ᠬᠦᠳᠡᠯᠦᠯ ᠦᠭᠡᠢ ᠬᠦᠰᠢᠳᠡᠯ᠎ᠡ ᠰᠠᠭᠤᠵᠤ ᠲᠠᠳᠤᠬᠰᠠᠨ ᠦᠨᠦ ᠵᠢᠨ ᠬᠦᠮᠦᠰ ᠲᠸ᠋ ᠠᠪᠴᠤ ᠬᠡᠯᠡᠪᠡᠯ ᠪᠠᠰᠠ ᠨᠢᠬᠡᠨ ᠬᠠᠪᠤᠳᠠᠢ ᠲᠠᠮᠢᠷ ᠪᠠᠶᠢᠵᠤ ᠲᠠᠭᠠᠷᠠᠨ᠎ᠠ᠃ ᠡᠶᠢᠨᠬᠦ ᠮᠠᠨ ᠤ ᠬᠤᠳᠠ 2023 ᠤᠨ ᠡᠴᠡ ᠡᠬᠢᠯᠡᠨ ᠵᠢᠯ ᠪᠤᠯᠭᠠᠨ ᠤ 4 ᠳ᠋ᠤᠭᠡᠷ ᠰᠠᠷ᠎ᠠ ᠳ᠋ᠤ ᠴᠠᠭᠠᠰᠤᠨ ᠰᠢᠪᠠᠭᠤ ᠨᠢᠰᠬᠡᠬᠦ ᠠᠵᠢᠯᠯᠠᠭ᠎ᠠ ᠦᠷᠨᠢᠭᠦᠯᠵᠤ᠂ ᠴᠠᠭᠠᠰᠤᠨ ᠰᠢᠪᠠᠭᠤ ᠵᠢ ᠦᠢᠯᠡᠳᠬᠦ᠂ ᠤᠷᠠᠯᠠᠬᠤ᠂ ᠨᠢᠰᠬᠡᠬᠦ ᠪᠠ ᠦᠵᠡᠭᠦᠯᠭᠡ ᠵᠢᠨ ᠲᠤᠭᠤᠷᠢᠭ ᠵᠢᠴᠢ ᠬᠤᠳᠠᠯᠳᠤᠭᠠᠨ ᠤ ᠲᠤᠭᠤᠷᠢᠭ᠂ ᠢᠳᠡᠭᠡᠨ ᠤᠮᠳᠠᠭᠠᠨ ᠤ ᠲᠤᠭᠤᠷᠢᠭ᠂ ᠤᠷᠠᠨ ᠰᠠᠶᠢᠬᠠᠨ ᠲᠤᠬᠯᠠᠯᠳᠠ ᠵᠢᠨ ᠲᠤᠭᠤᠷᠢᠭ ᠵᠡᠷᠭᠡ ᠤᠯᠠᠨ ᠴᠢᠳᠠᠮᠵᠢᠳᠤ ᠲᠤᠭᠤᠷᠢᠭ ᠭᠠᠷᠭᠠᠵᠤ᠂ ᠪᠤᠳᠠᠰ ᠤᠨ ᠪᠤᠰᠤ ᠰᠤᠶᠤᠯ ᠤᠨ ᠦᠪ ᠪᠠ ᠬᠠᠪᠤ ᠴᠡᠡᠭᠭᠡᠯ ᠪᠡᠶ᠎ᠡ ᠲᠠᠮᠢᠷ ᠢ ᠤᠶᠠᠯᠳᠤᠭᠤᠯᠤᠬᠰᠠᠨ᠂ ᠬᠠᠷᠠᠭᠠᠨ ᠰᠡᠷᠡᠯ ᠪᠠ ᠤᠶᠤᠨ ᠤ ᠬᠦᠷᠲᠡᠭᠡᠯ ᠢ ᠨᠡᠶᠢᠳᠬᠡᠭᠰᠡᠨ ᠤᠳᠬ᠎ᠠ ᠲᠡᠭᠦᠯᠳᠡᠷ ᠠᠵᠢᠯᠯᠠᠭ᠎ᠠ ᠪᠤᠯᠵᠤ ᠪᠠᠶᠢᠳᠠᠭ᠃
ᠠᠵᠢᠯᠯᠠᠭᠠᠨ ᠤ ᠬᠤᠭᠤᠴᠠᠭᠠᠨ ᠳ᠋ᠤ᠂ ᠠᠬᠤᠢ ᠲᠠᠯᠠᠪᠠᠢ ᠵᠢᠨ ᠲᠤᠭᠤᠷᠢᠭ ᠨᠢ ᠰᠦᠢᠳᠬᠡᠯ ᠬᠤᠷᠢᠶᠠᠬᠤ ᠦᠭᠡᠢ ᠪᠠᠷ ᠨᠡᠬᠡᠬᠡᠯᠳᠡ ᠬᠢᠵᠤ᠂ ᠮᠠᠰᠢ ᠤᠯᠠᠨ ᠬᠤᠳᠠ ᠵᠢᠨ ᠠᠷᠠᠳ ᠪᠠ ᠵᠤᠭᠠᠴᠠᠬᠰᠠᠳ ᠬᠡᠷ ᠪᠦᠯᠢ ᠪᠠᠷ ᠵᠢᠡᠨ ᠪᠤᠶᠤ ᠨᠠᠶᠢᠵᠠ ᠨᠦᠬᠦᠳ ᠲᠠᠢ ᠪᠠᠨ ᠬᠠᠮᠳᠤ ᠢᠳᠡᠪᠬᠢᠲᠡᠢ ᠠᠵᠢᠯᠯᠠᠭ᠎ᠠ ᠳ᠋ᠤ ᠤᠷᠤᠯᠴᠠᠨ᠂ ᠡᠳᠡᠭᠡᠳ ᠭᠤᠶᠤ ᠦᠡᠭᠭᠡ ᠢᠯᠭᠠᠷᠠᠮ᠎ᠠ᠂ ᠪᠦᠲᠦᠭᠡᠯᠴᠢ ᠴᠢᠨᠠᠷᠳᠠᠢ ᠴᠠᠭᠠᠰᠤᠨ ᠰᠢᠪᠠᠭᠤ ᠵᠢ ᠨᠢᠰᠬᠡᠨ᠂ ᠪᠢᠴᠢᠬᠠᠨ ᠬᠡᠤᠬᠡᠳ ᠨᠠᠷ ᠬᠠᠮᠳᠤ ᠪᠠᠷ ᠭᠠᠷ ᠬᠦᠳᠡᠯᠦᠯᠴᠡᠨ᠂ ᠰᠡᠳᠬᠢᠨ ᠪᠤᠳᠤᠬᠤ ᠴᠢᠳᠠᠪᠤᠷᠢ ᠪᠠᠨ ᠬᠦᠢᠴᠡᠳ ᠪᠠᠳᠠᠷᠠᠭᠤᠯᠵᠤ᠂ ᠬᠠᠪᠤᠷ ᠤᠨ ᠤᠯᠠᠷᠢᠯ ᠤᠨ ᠰᠠᠶᠢᠬᠠᠨ ᠦᠵᠡᠮᠵᠢ ᠪᠤᠶᠤ ᠦᠪᠡᠷ ᠦᠪᠡᠷ ᠤᠨ ᠬᠡᠢ ᠬᠦᠰᠡᠯ ᠵᠢᠡᠨ ᠵᠢᠷᠤᠬᠯᠠᠨ ᠤᠷᠠᠯᠠᠬᠰᠠᠨ ᠠᠮᠢᠳᠤ ᠲᠦᠷᠰᠦᠯᠢᠭ᠂ ᠦᠡᠭᠭᠡ ᠢᠯᠭᠠᠷᠠᠮ᠎ᠠ ᠴᠠᠭᠠᠰᠤᠨ ᠰᠢᠪᠠᠭᠤ ᠪᠠ ᠰᠠᠯᠬᠢᠨ ᠬᠦᠷᠳᠤ ᠦᠢᠯᠡᠳᠦᠳᠡᠭ ᠮᠦᠷᠲᠡᠭᠡᠨ ᠲᠤᠰᠬᠠᠢ ᠮᠡᠷᠭᠡᠵᠢᠯᠳᠡᠨ ᠡᠴᠡ ᠴᠠᠭᠠᠰᠤᠨ ᠰᠢᠪᠠᠭᠤ ᠵᠢᠨ ᠶᠡᠷᠦ ᠵᠢᠨ ᠮᠡᠳᠡᠯᠭᠡ ᠵᠢ ᠯᠠᠪᠯᠠᠨ ᠤᠶᠢᠯᠠᠭᠠᠵᠤ ᠬᠦᠷ ᠨᠠᠷᠬᠢᠶᠠᠨ ᠲᠠᠢ ᠰᠠᠶᠢᠬᠠᠨ ᠦᠡᠭᠭᠡᠷᠡᠭᠦᠯᠳᠡᠭ᠃ ᠢᠯᠠᠡᠭᠭᠤᠶᠠ ᠡᠨᠡ ᠵᠢᠯ ᠤᠳᠤᠭ ᠤᠨ ᠡᠮᠦᠨᠡᠲᠦ ᠬᠣᠰᠢᠭᠤᠨ ᠤ ᠶᠡᠬᠡ ᠲᠤᠯᠤᠡᠭ ᠠᠮᠢ ᠠᠬᠤᠢ ᠵᠢᠨ ᠰᠤᠶᠤᠯ ᠵᠤᠭᠠᠴᠠᠯ ᠤᠨ ᠤᠷᠤᠨ ᠳ᠋ᠤ ᠶᠠᠪᠤᠬᠳᠠᠬᠰᠠᠨ ᠴᠠᠭᠠᠰᠤᠨ ᠰᠢᠪᠠᠭᠤ ᠨᠢᠰᠬᠡᠬᠦ ᠠᠵᠢᠯᠯᠠᠭ᠎ᠠ ᠵᠢᠨ ᠠᠬᠤᠢ ᠲᠠᠯᠠᠪᠠᠢ ᠳ᠋ᠡᠬᠢ ᠡᠯᠡᠰᠦᠨ ᠳ᠋ᠤ ᠪᠤᠰᠬᠠᠬᠰᠠᠨ ᠶᠠᠡᠭᠵᠤ ᠪᠦᠷᠢ ᠵᠢᠨ ᠲᠦᠷᠰᠤ ᠪᠦᠬᠦᠢ ᠦᠡᠭᠭᠡ ᠢᠯᠭᠠᠷᠠᠬᠰᠠᠨ ᠰᠠᠯᠬᠢᠨ ᠬᠦᠷᠳᠤᠨ ᠤ︽ᠬᠤᠳᠠ ᠴᠠᠶᠢᠵᠠ︾ᠨᠢ ᠬᠦᠮᠦᠰ ᠤᠨ ᠰᠤᠨᠢᠷᠬᠠᠯ ᠢ ᠲᠠᠲᠠᠨ ᠰᠡᠳᠬᠢᠯ ᠢ ᠬᠦᠭᠰᠡᠭᠡᠵᠤ᠂ ᠬᠦᠮᠦᠰ ᠲᠡᠭᠦᠨ ᠤ ᠲᠤᠮᠳᠠ ᠰᠡᠯᠡᠭᠦᠴᠡᠨ ᠠᠯᠬᠤᠬᠤ ᠳ᠋ᠤ ᠶᠠᠭ ᠯᠠ ᠦᠯᠢᠬᠡᠷ ᠤᠨ ᠶ᠋ᠢᠷᠲᠢᠨᠴᠤ ᠳ᠋ᠤ ᠤᠷᠤᠴᠢᠬᠠᠬᠰᠠᠨ ᠰᠢᠬ ᠡᠳᠡᠭᠡᠳ ᠰᠤᠨᠢᠬᠠᠨ ᠪᠠᠶᠢᠯ᠎ᠠ᠃
ᠴᠠᠭᠠᠰᠤᠨ ᠰᠢᠪᠠᠭᠤᠨ ᠤ ᠲᠡᠯᠭᠡᠨ ᠦᠵᠡᠭᠦᠯᠭᠡ ᠳ᠋ᠤ ᠤᠳᠤ ᠦᠶ᠎ᠡ ᠵᠢᠨ ᠨᠠᠯᠠᠺᠤᠸᠠᠷᠠ ᠵᠢᠨ ᠵᠢᠷᠤᠭ ᠲᠠᠢ ᠴᠠᠭᠠᠰᠤᠨ ᠰᠢᠪᠠᠭᠤ ᠨᠢ ᠬᠢᠯᠠᠰ ᠴᠡᠭ ᠪᠤᠯᠵᠤ᠂ ᠬᠦᠮᠦᠰ ᠤᠨ ᠲᠤᠷ᠎ᠠ ᠵᠢ ᠪᠤᠯᠢᠶᠠᠨ᠂ ᠤᠯᠠᠮᠵᠢᠯᠠᠯᠳᠤ ᠴᠠᠭᠠᠰᠤᠨ ᠰᠢᠪᠠᠭᠤᠨ ᠤ ᠰᠤᠶᠤᠯ ᠪᠤᠯᠤᠨ ᠤᠳᠤ ᠦᠶ᠎ᠡ ᠵᠢᠨ ᠪᠦᠲᠦᠭᠡᠯᠴᠢ ᠰᠡᠳᠬᠢᠮᠵᠢ ᠵᠢ ᠬᠠᠷᠢᠯᠴᠠᠨ ᠠᠭᠤᠰᠤᠯᠴᠠᠭᠤᠯᠵᠤ᠂ ᠦᠨᠦ ᠵᠢᠯ ᠤᠨ ᠤᠷᠳᠤᠰ ᠤᠨ ᠴᠠᠭᠠᠰᠤᠨ ᠰᠢᠪᠠᠭᠤᠨ ᠤ ᠬᠠᠮᠢᠶ᠎ᠠ ᠪᠦᠬᠦᠢ ᠠᠵᠢᠯᠯᠠᠭᠠᠨ ᠳ᠋ᠤ ᠰᠢᠨ᠎ᠡ ᠤᠳᠬ᠎ᠠ ᠠᠭᠤᠯᠭ᠎ᠠ ᠨᠡᠮᠡᠷᠢᠯᠡᠭᠰᠡᠨ ᠪᠠᠶᠢᠨ᠎ᠠ᠃ ᠤᠳᠤᠬᠠᠨ ᠳ᠋ᠤ᠂ ᠬᠢᠶ᠎ᠠ ᠪᠠᠬᠰᠢ ᠲᠤᠭᠤᠷᠢᠭ᠂ ᠤᠳᠤᠭ ᠤᠨ ᠡᠮᠦᠨᠡᠳᠤ ᠬᠤᠰᠢᠭᠤ ᠡᠴᠡ ᠭᠠᠳᠠᠨ᠎ᠠ ᠳ᠋ᠦᠡᠭᠱᠸᠡᠭ ᠲᠤᠭᠤᠷᠢᠭ᠂ ᠤᠳᠤᠭ ᠬᠤᠰᠢᠭᠤ᠂ ᠡᠵᠡᠨ ᠬᠣᠷᠣᠭ᠎ᠠ ᠬᠣᠰᠢᠭᠤ ᠵᠡᠷᠭᠡ ᠭᠠᠵᠠᠷ ᠲᠤ ᠪᠠᠰᠠ ᠲᠣᠰ ᠲᠣᠰ ᠴᠠᠭᠠᠰᠤᠨ ᠰᠢᠪᠠᠭᠤ ᠲᠠᠶ ᠬᠣᠯᠪᠣᠭᠳᠠᠬᠤ ᠠᠵᠢᠯᠯᠠᠭ᠎ᠠ ᠥᠷᠨᠢᠭᠦᠯᠵᠦ ᠵᠦᠭ ᠵᠦᠭ ᠤᠨ ᠵᠤᠭᠠᠴᠠᠭᠰᠠᠳ ᠤᠨ ᠠᠩᠬᠠᠷᠤᠯ ᠢ ᠲᠠᠳᠠᠵᠤ ᠪᠤᠢ᠃
ᠴᠠᠭᠠᠰᠤᠨ ᠰᠢᠪᠠᠭᠤ ᠨᠢᠰᠬᠡᠬᠦ ᠠᠵᠢᠯᠯᠠᠭ᠎ᠠ ᠨᠢ ᠤᠷᠳᠤᠰ ᠤᠨ ᠰᠤᠶᠤᠯ ᠵᠤᠭᠠᠴᠠᠯ ᠤᠨ ᠬᠡᠷᠡᠭ᠍ᠯᠡᠭᠡ ᠢᠢ ᠳᠠᠶᠢᠴᠢᠯᠠᠬᠤ᠂ ᠵᠤᠭᠠᠴᠠᠯ ᠤᠨ ᠪᠦᠲᠦᠭᠡᠭ᠍ᠳᠡᠬᠦᠨ ᠢ ᠪᠠᠶᠠᠯᠢᠭᠵᠢᠭᠤᠯᠬᠤ᠂ ᠰᠣᠶᠣᠯ ᠢ ᠤᠯᠠᠮᠵᠢᠯᠠᠬᠤ ᠵᠢᠴᠢ ᠠᠵᠤ ᠦᠢᠯᠡᠰ ᠦᠨ ᠥᠷᠢᠰᠦᠯᠳᠦᠬᠦ ᠬᠦᠴᠦᠨ ᠢ ᠳᠡᠭᠡᠭ᠍ᠰᠢᠯᠡᠭᠦᠯᠬᠦ ᠵᠡᠷᠭᠡ ᠣᠯᠠᠨ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠵᠤ᠂ ᠲᠤᠬᠠᠶ ᠢᠢᠨ ᠭᠠᠵᠠᠷ ᠤᠨ ᠵᠤᠭᠠᠴᠠᠯ ᠤᠨ ᠦᠢᠯᠡᠰ ᠦᠨ ᠬᠥᠭ᠍ᠵᠢᠯᠲᠡ ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠨ᠂ ᠣᠷᠳᠣᠰ ᠤᠨ ᠰᠣᠶᠣᠯ ᠵᠤᠭᠠᠴᠠᠯ ᠤᠨ ᠠᠵᠤ ᠦᠢᠯᠡᠰ ᠦᠨ ᠴᠢᠨᠠᠷ ᠰᠠᠶᠢᠲᠠᠶ ᠬᠥᠭ᠍ᠵᠢᠯᠲᠡ ᠢᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠪᠥᠭᠡᠳ ᠪᠤᠰᠤᠳ ᠭᠠᠵᠠᠷ ᠣᠷᠣᠨ ᠤ ᠵᠤᠭᠠᠴᠠᠯ ᠤᠨ ᠦᠢᠯᠡᠰ ᠦᠨ ᠬᠥᠭ᠍ᠵᠢᠯᠲᠡ ᠳᠤ ᠠᠮᠵᠢᠯᠲᠠ ᠲᠠᠶ ᠥᠯᠢᠭᠡᠷ ᠵᠢᠱᠢᠶ᠎ᠡ ᠪᠠ ᠠᠰᠢᠭᠲᠠᠶ ᠯᠠᠪᠯᠠᠯᠲᠠ ᠬᠠᠩᠭᠠᠭᠰᠠᠨ ᠪᠠᠶᠢᠨ᠎ᠠ᠃