ᠳᠤᠰᠤᠯᠭᠠᠨ ᠤᠰᠤᠯᠠᠬᠤ ᠬᠤᠭᠤᠯᠠᠢ ᠢᠢᠨ ᠬᠠᠩᠭᠠᠯᠭ᠎ᠠ ᠢᠢ ᠪᠠᠳᠤᠯᠠᠵᠦ ᠬᠠᠪᠤᠷ ᠤᠨ ᠲᠠᠷᠢᠶᠠᠯᠠᠭ᠎ᠠ ᠳ᠋ᠤ ᠬᠦᠴᠦᠯᠡᠨ᠎ᠡ
2026-04-17 08:35:25
ᠵᠢᠯ ᠤᠨ ᠡᠬᠢᠨ ᠬᠠᠪᠤᠷ ᠲᠤ ᠬᠡᠳᠡᠭ ᠢᠶᠠᠷ ᠬᠠᠪᠤᠷ ᠤᠨ ᠲᠠᠷᠢᠶᠠᠯᠠᠭ᠎ᠠ ᠢᠢᠨ ᠬᠤᠭᠤᠴᠠᠭᠠᠨ ᠳ᠋ᠤ ᠰᠦᠮᠡᠲᠦ ᠰᠤᠮᠤᠨ ᠳᠤ ᠪᠠᠶᠢᠭ᠎ᠠ ᠤᠷᠳᠤᠰ ᠬᠤᠳᠠ ᠢᠢᠨ ᠱᠧᠩ ᠴᠢᠤᠸᠠᠨ ᠤᠰᠤ ᠠᠷᠪᠢᠯᠠᠬᠤ ᠤᠰᠤᠯᠠᠯᠲᠠ ᠢᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠪᠤᠷ ᠤᠨ ᠲᠠᠷᠢᠶᠠᠯᠠᠭ᠎ᠠ ᠢᠢᠨ ᠬᠤᠭᠤᠴᠠᠭ᠎ᠠ ᠢᠢ ᠵᠠᠪᠳᠤᠨ ᠳᠤᠰᠤᠯᠭᠠᠨ ᠤᠰᠤᠯᠠᠬᠤ ᠬᠤᠭᠤᠯᠠᠢ ᠢᠢ ᠪᠦᠬᠦ ᠬᠦᠴᠦᠨ ᠢᠶᠠᠷ ᠦᠢᠯᠡᠳᠪᠦᠷᠢᠯᠡᠵᠦ᠂ ᠵᠠᠬᠢᠶᠠᠯᠠᠭ᠎ᠠ ᠢᠢᠨ ᠦᠢᠯᠡᠳᠬᠦᠨ ᠢᠶᠠᠨ ᠴᠠᠭ ᠲᠤᠬᠠᠢ ᠳᠤᠨᠢ ᠪᠡᠶᠡᠯᠡᠬᠦᠯᠵᠦ᠂ ᠲᠤᠬᠠᠢ ᠢᠢᠨ ᠭᠠᠵᠠᠷ ᠣᠷᠣᠨ ᠵᠢᠴᠢ ᠡᠷᠬᠢᠨ ᠲᠣᠭᠤᠷᠢᠨ ᠤ ᠲᠠᠷᠢᠶᠠᠴᠢᠳ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭ᠍ᠴᠡᠭᠡ ᠢᠢ ᠦᠨᠡᠨ ᠬᠦ ᠬᠠᠩᠭᠠᠵᠦ ᠪᠤᠢ᠃
ᠠᠵᠤ ᠠᠬᠤᠶᠢᠯᠠᠯ ᠤᠨ ᠤᠶᠢᠯᠡᠳᠪᠤᠷᠢᠯᠠᠯ ᠤᠨ ᠲᠤᠭᠤᠷᠢᠭ ᠲᠤ᠂ ᠮᠠᠰᠢᠨ ᠮᠧᠬᠠᠨᠢᠭ ᠬᠦᠩᠭᠢᠨᠡᠨ ᠲᠤᠰᠤᠯᠭᠠᠨ ᠤᠰᠤᠯᠠᠬᠤ ᠬᠤᠭᠤᠯᠠᠢ ᠢᠢᠨ ᠠᠦ᠋ᠲ᠋ᠤᠴᠢᠯᠠᠭᠰᠡᠨ ᠤᠶᠢᠯᠡᠳᠪᠤᠷᠢᠯᠠᠯ ᠦᠨᠳᠦᠷ ᠪᠦᠳᠦᠮᠵᠢᠳᠡᠢ ᠶᠠᠪᠤᠭᠳᠠᠵᠦ᠂ ᠤᠷᠢᠶᠠᠯᠳᠠ ᠲᠠᠢ ᠴᠤ ᠰᠢᠨ᠎ᠡ ᠲᠤᠰᠤᠯᠭᠠᠨ ᠤᠰᠤᠯᠠᠬᠤ ᠬᠤᠭᠤᠯᠠᠢ ᠲᠠᠰᠤᠷᠠᠯᠳᠠ ᠦᠬᠡᠢ ᠦᠢᠯᠡᠳᠪᠤᠷᠢᠯᠡᠭ᠍ᠳᠡᠨ᠂ ᠲᠤᠬᠠᠶ ᠢᠢᠨ ᠲᠠᠯᠠᠪᠤᠷ ᠲᠤ ᠠᠵᠢᠯᠴᠢᠳ ᠲᠥᠬᠦᠭᠡᠷᠦᠮᠵᠢ ᠢᠢᠨ ᠠᠵᠢᠯᠯᠠᠭᠠᠨ ᠤ ᠪᠠᠶᠢᠳᠠᠯ ᠢ ᠴᠢᠩᠭ᠎ᠠ ᠠᠩᠬᠠᠷᠴᠤ᠂ ᠦᠢᠯᠡᠳᠪᠤᠷᠢᠯᠡᠯ ᠤᠨ ᠱᠤᠭᠤᠮ᠂ ᠦᠢᠯᠡᠳᠬᠦᠨ ᠤ ᠶᠠᠰᠤ ᠴᠢᠨᠠᠷ ᠤᠨ ᠪᠠᠶᠢᠴᠠᠭᠠᠯᠲᠠ᠂ ᠢᠯᠭᠠᠬᠤ᠂ ᠪᠣᠭᠤᠳᠠᠯᠯᠠᠬᠤ ᠵᠡᠷᠭᠡ ᠠᠵᠢᠯ ᠢ ᠦᠨᠳᠦᠷ ᠪᠦᠳᠦᠮᠵᠢᠳᠡᠢ ᠬᠦᠢᠴᠡᠳᠭᠡᠨ᠂ ᠳᠤᠰᠤᠯᠭᠠᠨ ᠤᠰᠤᠯᠠᠬᠤ ᠬᠤᠭᠤᠯᠠᠢ ᠨᠢᠭᠡᠪᠦᠷᠢ ᠢᠢ ᠲᠠᠷᠢᠶᠠᠴᠢᠳ ᠲᠤ ᠬᠦᠷᠭᠡᠬᠦ ᠪᠠᠷ ᠶᠠᠭᠠᠷᠠᠯᠳᠤᠵᠦ ᠪᠠᠶᠢᠯ᠎ᠠ᠃ ᠭᠡᠷ ᠤᠨ ᠡᠭᠦᠳᠡᠨ ᠳ᠋ᠡᠬᠡᠨ ᠴᠢᠨᠠᠷ ᠰᠠᠶᠢᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭ᠍ᠰᠡᠯ ᠢ ᠬᠤᠳᠠᠯᠳᠤᠨ ᠠᠪᠬᠤ ᠪᠤᠯᠤᠭᠰᠠᠨ ᠪᠦᠬᠡᠳ ᠬᠠᠭᠤᠴᠢᠷᠠᠭᠰᠠᠨ ᠲᠤᠰᠤᠯᠭᠠᠨ ᠤᠰᠤᠯᠠᠬᠤ ᠬᠤᠭᠤᠯᠠᠢ ᠪᠠᠨ ᠺᠤᠮᠫᠠᠨᠢ ᠳᠤ ᠬᠤᠳᠠᠯᠳᠤᠨ ᠨᠢᠬᠡ ᠬᠡᠰᠡᠭ ᠵᠠᠷᠤᠳᠠᠯ ᠢᠶᠠᠨ ᠤᠷᠤᠯᠠᠭᠰᠠᠨ ᠨᠢ ᠮᠠᠯᠴᠢᠨ ᠯᠢ ᠵᠢᠩ ᠵᠢᠢ ᠢᠢᠨ ᠢᠲᠡᠭᠡᠯ ᠢ ᠬᠦᠪᠴᠢᠯᠠᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭ᠍ᠰᠡᠯ ᠬᠤᠳᠠᠯᠳᠤᠨ ᠠᠪᠬᠤ ᠳᠤ ᠬᠤᠳᠠ ᠤᠷᠤᠬᠤ ᠴᠢᠬᠤᠯᠠ ᠦᠬᠡᠢ ᠪᠤᠯᠵᠦ᠂ ᠴᠠᠭ ᠪᠠ ᠵᠤᠭᠤᠰ ᠢᠶᠠᠨ ᠶᠡᠬᠡᠳᠡ ᠠᠷᠪᠢᠯᠠᠭᠰᠠᠨ ᠪᠠᠶᠢᠨ᠎ᠠ᠃
ᠮᠠᠯᠴᠢᠨ ᠯᠢ ᠵᠢᠩ ᠵᠢᠢ᠄︽ ᠳᠤᠰᠤᠯᠭᠠᠨ ᠤᠰᠤᠯᠠᠬᠤ ᠬᠤᠭᠤᠯᠠᠢ ᠠᠪᠬᠤ ᠳᠤ ᠦᠨᠡᠬᠡᠷ ᠳᠥᠭᠦᠮ ᠪᠤᠯᠵᠠᠢ᠂ ᠨᠢᠳᠤᠨᠤᠨ ᠤ ᠵᠠᠷᠤᠭᠠᠳ ᠬᠠᠭᠤᠴᠢᠷᠠᠭᠰᠠᠨ ᠬᠤᠭᠤᠯᠠᠢ ᠪᠠᠨ ᠲᠠᠳᠠᠵᠦ ᠠᠪᠤᠭᠠᠳ ᠺᠤᠮᠫᠠᠨᠢ ᠳᠤ ᠦᠭ᠍ᠴᠦ ᠬᠠᠭᠤᠴᠢᠨ ᠢᠶᠠᠷ ᠰᠢᠨ᠎ᠡ ᠢᠢ ᠰᠤᠯᠢᠴᠢᠬᠠᠨ᠎ᠠ᠂ ᠨᠢᠬᠡ ᠬᠡᠰᠡᠭ ᠢ ᠨᠢ ᠰᠤᠯᠢᠵᠦ᠂ ᠪᠠᠰᠠ ᠨᠢᠬᠡ ᠬᠡᠰᠡᠭ ᠬᠤᠳᠠᠯᠳᠤᠨ ᠠᠪᠤᠪᠠᠯ ᠡᠨᠡ ᠵᠢᠯ ᠬᠡᠷᠡᠭ᠍ᠴᠡᠭᠡ ᠳᠤ ᠬᠦᠷᠴᠢᠬᠡᠨ᠎ᠡ︾ ᠬᠡᠵᠤ ᠬᠡᠯᠡᠪᠡ᠃
ᠣᠷᠳᠣᠰ ᠬᠤᠲᠠ ᠢᠢᠨ ᠱᠧᠩ ᠴᠢᠤᠸᠠᠨ ᠤᠰᠤ ᠠᠷᠪᠢᠯᠠᠬᠤ ᠤᠰᠤᠯᠠᠯᠲᠠ ᠢᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠢᠢᠨ ᠬᠠᠷᠢᠭᠤᠴᠠᠯᠭᠠᠲᠠᠨ ᠭᠤᠤ ᠵᠢᠶᠦ᠋ᠨ᠄︽ ᠮᠠᠨ ᠤ ᠺᠤᠮᠫᠠᠨᠢ ᠢᠢᠨ ᠵᠢᠯ ᠤᠨ ᠶᠡᠷᠦᠩᠬᠡᠶ ᠭᠠᠷᠤᠯᠲᠠ ᠠᠷᠪᠠᠨ ᠲᠦᠮᠡᠨ ᠤᠷᠢᠶᠠᠯᠳᠠ ᠣᠷᠴᠢᠮ ᠪᠠᠶᠢᠵᠤ᠂ ᠭᠤᠤᠯᠳᠠᠭᠤ ᠭᠤᠤᠯ ᠬᠤᠭᠤᠯᠠᠢ᠂ ᠨᠠᠭᠠᠮᠠᠯ ᠮᠠᠶ᠋ᠢᠭ ᠤᠨ ᠳᠤᠰᠤᠯᠭᠠᠨ ᠤᠰᠤᠯᠠᠬᠤ ᠬᠤᠭᠤᠯᠠᠢ ᠪᠠ ᠲᠥᠭᠡᠷᠢᠯ ᠣᠷᠳᠣᠨ ᠮᠠᠶ᠋ᠢᠭ ᠤᠨ ᠳᠤᠰᠤᠯᠭᠠᠨ ᠤᠰᠤᠯᠠᠬᠤ ᠬᠤᠭᠤᠯᠠᠢ ᠦᠢᠯᠡᠳᠪᠦᠷᠢᠯᠡᠵᠦ᠂ ᠲᠤᠬᠠᠶ ᠢᠢᠨ ᠭᠠᠵᠠᠷ ᠤᠨ ᠲᠠᠷᠢᠶᠠᠴᠢᠳ ᠤᠨ ᠬᠡᠷᠡᠭ᠍ᠴᠡᠭᠡ ᠢᠢ ᠬᠠᠩᠭᠠᠵᠦ ᠴᠢᠳᠠᠬᠤ ᠮᠦᠷᠳᠡᠭᠡᠨ ᠪᠠᠰᠠ ᠲᠡᠮᠡᠭᠡᠳᠦ᠂ ᠪᠠᠶᠠᠨᠨᠠᠭᠤᠷ᠂ ᠳᠠᠯᠠᠳ᠂ ᠡᠵᠡᠨ ᠬᠤᠷᠤᠭ᠎ᠠ ᠵᠡᠷᠭᠡ ᠭᠠᠵᠠᠷ ᠲᠤ ᠪᠣᠷᠣᠯᠠᠭᠤᠯᠵᠤ ᠪᠠᠶᠢᠨ᠎ᠠ᠃ ᠦᠢᠯᠡᠳᠬᠦᠨ ᠢᠶᠠᠨ ᠵᠢᠯ ᠪᠦᠷᠢ ᠭᠤᠷᠪᠠᠳᠤᠭᠠᠷ ᠡᠳᠡᠬᠡᠳ ᠤᠨ ᠺᠣᠮᠫᠠᠨᠢ ᠪᠠᠷ ᠰᠢᠯᠭᠠᠨ ᠪᠠᠶᠢᠴᠠᠭᠠᠯᠭᠠᠵᠦ᠂ ᠦᠢᠯᠡᠳᠬᠦᠨ ᠤ ᠶᠠᠰᠤ ᠴᠢᠨᠠᠷ ᠪᠠᠳᠤᠯᠠᠭ᠎ᠠ ᠲᠠᠢ᠃ ᠦᠢᠯᠡᠳᠪᠦᠷᠢ ᠢᠢᠨ ᠲᠠᠰᠤᠭ ᠤᠨ ᠦᠢᠯᠡᠳᠪᠤᠷᠢᠯᠡᠯ ᠠᠴᠠ ᠬᠠᠭᠤᠴᠢᠨ ᠢᠶᠠᠷ ᠰᠢᠨ᠎ᠡ ᠢᠢ ᠰᠤᠯᠢᠬᠤ ᠬᠦᠷᠲᠡᠯ᠎ᠡ᠂ ᠵᠢᠵᠢᠭ ᠤᠷᠢᠶᠠᠯᠳᠠ ᠲᠠᠢ ᠳᠤᠰᠤᠯᠭᠠᠨ ᠤᠰᠤᠯᠠᠬᠤ ᠬᠤᠭᠤᠯᠠᠢ ᠨᠢ ᠬᠠᠪᠤᠷ ᠤᠨ ᠲᠠᠷᠢᠶᠠᠯᠠᠭ᠎ᠠ ᠢᠢᠨ ᠪᠦᠬᠦ ᠬᠡᠯᠬᠢᠶ᠎ᠡ ᠢᠢ ᠬᠤᠯᠪᠣᠵᠤ᠂ ᠬᠠᠪᠤᠷ ᠤᠨ ᠲᠠᠷᠢᠶᠠᠯᠠᠭ᠎ᠠ ᠳᠤ ᠪᠠᠳᠤᠯᠠᠭ᠎ᠠ ᠬᠠᠩᠭᠠᠵᠦ ᠪᠠᠶᠢᠨ᠎ᠠ》ᠬᠡᠯᠡ᠃