ᠦᠨᠡᠨᠴᠢ ᠢᠳᠡᠪᠬᠢᠲᠡᠢ ᠤᠪᠤᠷ ᠢ ᠪᠠᠷᠢᠮᠲᠠᠯᠠᠬᠤ ᠬᠡᠷᠡᠭᠲᠡᠢ
2026-04-19 10:56:11
ᠠᠵᠢᠯ ᠠᠮᠢᠳᠤᠷᠠᠯ ᠤᠨ ᠳᠤᠮᠳᠠ ᠵᠠᠷᠢᠮ ᠺᠠᠳ᠋ᠷ ᠰᠢᠨ᠎ᠡ ᠪᠠᠶᠢᠳᠠᠯ᠂ ᠰᠢᠨ᠎ᠡ ᠥᠷᠢᠰᠥᠯᠳᠦᠭᠡᠨ ᠳᠦ ᠲᠤᠯᠭᠠᠷᠠᠬᠤ ᠳᠤ ᠢᠲᠡᠭᠡᠯ ᠵᠣᠷᠢᠭ ᠢᠶᠠᠷ ᠳᠤᠲᠠᠵᠤ᠂ ᠠᠵᠢᠯ ᠬᠢᠬᠦ ᠢᠳᠡᠪᠬᠢᠵᠢᠯ ᠨᠢ ᠴᠦ ᠪᠠᠭᠤᠷᠠᠳᠠᠭ᠃ ᠬᠡᠷᠪᠡ ᠢᠳᠡᠪᠬᠢᠲᠡᠢ ᠪᠠᠶᠢᠳᠠᠯ ᠢᠶᠠᠨ ᠠᠯᠳᠠᠵᠤ᠂ ᠶᠠᠮᠠᠷ ᠴᠤ ᠶᠠᠪᠤᠳᠠᠯ ᠳᠤ ᠴᠥᠮ ᠵᠠᠷᠯᠢᠭ ᠵᠢᠭᠠᠪᠤᠷᠢ ᠢᠢ ᠬᠦᠯᠢᠶᠡᠬᠦ ᠳᠠᠳᠬᠠᠯ ᠲᠠᠶ ᠪᠣᠯᠬᠤ ᠳᠤ ᠬᠦᠷᠪᠡᠯ ᠠᠮᠠᠷᠬᠠᠨ ︽ᠲᠦᠯᠬᠢᠵᠦ ᠪᠠᠶᠢᠪᠠᠯ ᠬᠥᠳᠡᠯᠬᠦ︾ᠪᠠᠶᠢᠳᠠᠯ ᠳᠤ ᠣᠷᠣᠵᠤ᠂ ᠠᠵᠢᠯ ᠬᠢᠬᠦ ᠲᠣᠬᠢᠶᠠᠯ ᠪᠠ ᠬᠥᠭ᠍ᠵᠢᠯᠲᠡ ᠢᠢᠨ ᠲᠣᠬᠢᠶᠠᠯ ᠢ ᠠᠯᠳᠠᠬᠤ ᠪᠣᠯᠤᠨ᠎ᠠ᠃ ᠦᠵᠡᠯ ᠰᠠᠨᠠᠭᠠᠨ ᠤ ᠲᠠᠯ᠎ᠠ ᠪᠠᠷ ᠬᠢ ᠵᠠᠩᠭᠢᠶᠠᠰᠤ ᠢᠢ ᠲᠠᠶᠢᠯᠬᠤ ᠳᠤ ᠡᠷᠬᠡᠪᠰᠢ ᠲᠠᠷᠢᠬᠢ ᠪᠠᠨ ᠬᠥᠳᠡᠯᠭᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠬᠡᠷᠡᠭ᠍ᠲᠡᠶ᠃ ᠲᠠᠷᠤᠬ᠋ᠠ ᠰᠠᠭᠤᠭᠠᠳ ᠬᠡᠷᠡᠭ ᠡᠴᠡ ᠵᠠᠶᠢᠯᠠᠬᠤ ᠨᠢ ᠨᠢᠭᠡ ᠨᠠᠰᠤᠨ ᠤ ᠢᠴᠢᠭᠦᠷᠢ ᠲᠡᠶ ᠶᠠᠪᠤᠳᠠᠯ᠃ ᠬᠠᠷᠢᠭᠤᠴᠠᠯᠭ᠎ᠠ ᠡᠭᠦᠷᠭᠡᠯᠡᠬᠦ ᠳᠤ ᠡ᠊ᠩ ᠲᠡᠷᠢᠭᠦᠨ ᠳᠦ ᠦᠨᠡᠨᠴᠢ ᠬᠢᠴᠢᠶᠡᠩᠭᠦᠢ ᠪᠠᠶᠢᠬᠤ ᠬᠡᠷᠡᠭᠲᠡᠢ᠃ ᠦᠵᠡᠯ ᠰᠠᠨᠠᠭ᠎ᠠ ᠨᠢ ᠤᠷᠢᠳ ᠵᠢᠡᠷ ᠢᠳᠡᠪᠬᠢᠲᠡᠢ ᠪᠤᠯᠪᠠᠯ ᠠᠵᠢᠯ ᠶᠠᠪᠤᠳᠠᠯ ᠢ ᠤᠯᠠᠮ ᠰᠠᠨᠠᠭᠠᠴᠢᠯᠠᠭ᠎ᠠ ᠲᠠᠢ ᠬᠢᠬᠦ ᠪᠤᠯᠤᠨ᠎ᠠ᠃ ᠦᠵᠡᠯ ᠰᠠᠨᠠᠭᠠᠨ ᠤ ᠲᠠᠯ᠎ᠠ ᠪᠠᠷ ᠢᠳᠡᠪᠬᠢᠲᠡᠢ ᠪᠠᠶᠢᠬᠤ ᠢᠢ ᠪᠡᠶᠡᠯᠡᠭᠦᠯᠬᠦ ᠳᠦ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠬᠥᠮᠦᠵᠢᠭᠦᠯᠵᠦ᠂ ᠠᠵᠢᠯᠯᠠᠬᠤ ᠳᠤᠮᠳᠠ ᠪᠠᠨ ᠢᠲᠡᠭᠡᠯ ᠵᠣᠷᠢᠭ ᠢ ᠬᠥᠮᠦᠵᠢᠭᠦᠯᠵᠦ᠂ ᠤᠶᠠᠨ ᠬᠠᠳᠠᠨ ᠴᠢᠨᠠᠷ ᠢ ᠴᠢᠩᠭᠠᠳᠬᠠᠬᠤ ᠬᠡᠷᠡᠭ᠍ᠲᠡᠢ᠃ ᠬᠠᠷᠢᠭᠤᠴᠠᠯᠭ᠎ᠠ ᠡᠭᠦᠷᠭᠡᠯᠡᠬᠦ ᠳᠦ ᠬᠦᠴᠢᠷ ᠪᠡᠷᠬᠡᠰᠢᠶᠡᠯ ᠢ ᠰᠦᠷᠦᠨ ᠤᠷᠤᠭᠰᠢᠯᠠᠬᠤ ᠰᠥᠰᠥ ᠵᠣᠷᠢᠭ ᠲᠠᠶ ᠪᠠᠶᠢᠵᠤ᠂ ᠵᠣᠷᠢᠭᠲᠠᠶ ᠪᠠᠷ ᠲᠦᠷᠦᠭᠦᠯᠡᠬᠦ ᠡᠷᠡᠰ ᠵᠣᠷᠢᠭ ᠲᠠᠶ ᠪᠠᠶᠢᠬᠤ ᠬᠡᠷᠡᠭ᠍ᠲᠡᠶ᠃︽ᠶᠠᠭᠤ ᠢᠢ ᠠᠰᠠᠭᠤᠪᠠᠯ ᠶᠠᠭᠤ ᠢᠢ ᠬᠠᠷᠢᠭᠤᠯᠬᠤ︾ᠡᠴᠡ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠡᠷᠢᠬᠦ ᠬᠦᠷᠲᠡᠯ᠎ᠡ᠂ ︽ᠲᠦᠯᠬᠢᠬᠦ ᠦᠭᠡᠢ ᠪᠣᠯ ᠬᠥᠳᠡᠯᠬᠦ ᠦᠭᠡᠢ︾ᠡᠴᠡ ᠰᠠᠨᠠᠭᠠᠴᠢᠯᠠᠭ᠎ᠠ ᠲᠠᠶ ᠪᠠᠷ ᠤᠷᠤᠭᠰᠢᠯᠠᠬᠤ ᠬᠦᠷᠲᠡᠯ᠎ᠡ᠂ ᠤᠪᠤᠷ ᠰᠤᠷᠲᠠᠯ ᠴᠢᠨᠢ ᠰᠠᠨᠠᠭᠠᠴᠢᠯᠠᠭ᠎ᠠ ᠲᠠᠶ ᠪᠣᠯᠪᠠᠯ ᠰᠠᠶ᠋ᠢ ᠤᠴᠢᠷ ᠶᠠᠪᠤᠳᠠᠯ ᠢ ᠪᠦᠲᠦᠭᠡᠬᠦ ᠠᠵᠠ ᠲᠣᠬᠢᠶᠠᠯ ᠲᠠᠶ ᠪᠣᠯᠤᠨ᠎ᠠ᠃ ᠡᠷᠳᠡᠮ ᠴᠢᠳᠠᠪᠤᠷᠢ ᠵᠢ ᠪᠦᠷᠢᠯᠳᠦᠭᠦᠯᠵᠦ᠂ ᠠᠵᠢᠯ ᠳᠠᠭᠠᠨ ᠴᠠᠭᠠᠷᠠᠬᠤ ᠬᠡᠷᠡᠭ᠍ᠲᠡᠶ᠃ ᠡ᠊ᠩ ᠦᠨ ᠦᠶ᠎ᠡ ᠳᠦ ᠠᠰᠠᠭᠤᠳᠠᠯ ᠳᠤ ᠴᠢᠭ᠍ᠯᠡᠭᠦᠯᠦᠨ ᠬᠦᠴᠦ ᠣᠷᠣᠭᠤᠯᠵᠤ ᠪᠠᠶᠢᠴᠠᠭᠠᠨ ᠰᠤᠳᠤᠯᠤᠯᠲᠠ ᠬᠢᠪᠡᠯ᠂ ᠵᠠᠩᠭᠢᠯᠠᠭ᠎ᠠ ᠢᠢᠨ ᠴᠠᠭ ᠮᠥᠴᠡ ᠳᠦ ᠢᠲᠡᠭᠡᠯ ᠲᠠᠢ ᠪᠠᠷ ᠬᠠᠨᠳᠤᠵᠤ᠂ ᠠᠵᠠ ᠲᠣᠬᠢᠶᠠᠯ ᠢ ᠡᠵᠡᠮᠳᠡᠵᠦ ᠴᠢᠳᠠᠨ᠎ᠠ᠃ ᠲᠤᠬᠠᠶ ᠢᠢᠨ ᠭᠠᠵᠠᠷ ᠤᠨ ᠳᠠᠪᠠᠭᠤᠯᠢᠭ ᠳᠤᠲᠠᠭᠤᠳᠠᠯ ᠨᠢ ᠶᠠᠭᠤ ᠪᠣᠶ ︖ᠠᠵᠤ ᠠᠬᠤᠶᠢᠯᠠᠯ ᠤᠯᠠᠨ ᠲᠦᠮᠡᠨ ᠶᠠᠭᠤ ᠢᠢ ᠬᠦᠰᠡᠵᠦ ᠪᠠᠶᠢᠬᠤ ᠪᠤᠢ︖ ᠶᠠᠮᠠᠷ ᠶᠠᠮᠠᠷ ᠲᠤᠷᠰᠢᠯᠭ᠎ᠠ ᠨᠢ ᠰᠤᠷᠤᠯᠴᠠᠭᠤᠰᠢᠲᠠᠶ ᠪᠤᠢ︖ ᠮᠠᠰᠢ ᠤᠯᠠᠨ ᠠᠰᠠᠭᠤᠳᠠᠯ ᠳᠤ ᠪᠡᠯᠡᠨ ᠪᠦᠭᠡᠳ ᠪᠠᠷᠢᠮᠵᠢᠶ᠎ᠠ ᠬᠠᠷᠢᠭᠤᠯᠲᠠ ᠪᠠᠶᠢᠬᠤ ᠦᠭᠡᠢ ᠪᠣᠯᠬᠣᠷ ᠺᠠᠳ᠋ᠷᠴᠤᠳ ᠠᠵᠢᠯ ᠬᠢᠬᠦ ᠬᠠᠯᠠᠭᠤᠨ ᠰᠡᠳᠭᠢᠯᠭᠡ ᠪᠡᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠠᠶ ᠤᠶᠠᠯᠳᠤᠭᠤᠯᠵᠤ᠂ ᠲᠣᠬᠢᠷᠠᠮᠵᠢᠲᠠᠶ ᠵᠢᠮ᠎ᠡ ᠶᠣᠰᠣ ᠪᠠ ᠠᠷᠭ᠎ᠠ ᠢᠢ ᠡᠷᠢᠵᠦ ᠤᠯᠬᠤ ᠴᠢᠬᠤᠯᠠᠲᠠᠶ ᠶᠤᠮ᠃ ᠤᠯᠠᠨ ᠤᠴᠢᠷ ᠢ ᠲᠤᠭᠤᠯᠵᠤ᠂ ᠤᠯᠠᠨ ᠦᠩᠭᠡᠷᠡᠯᠲᠡ ᠵᠢ ᠦᠩᠭᠡᠷᠡᠭᠦᠯᠬᠦ ᠶᠠᠪᠤᠴᠠ ᠳᠤᠮᠳᠠ ᠡᠷᠳᠡᠮ ᠴᠢᠳᠠᠪᠤᠷᠢ ᠲᠠᠶ ᠪᠤᠯᠵᠤ᠂ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠢᠳᠡᠭᠡᠯ ᠵᠤᠷᠢᠭ᠂ ᠤᠶᠤᠨ ᠤᠬᠠᠭᠠᠨ᠂ ᠠᠷᠭ᠎ᠠ ᠰᠠᠮᠪᠠᠭ᠎ᠠ ᠢᠢ ᠪᠤᠢ ᠪᠣᠯᠭᠠᠵᠤ ᠴᠢᠳᠠᠨ᠎ᠠ᠃