ᠣᠲᠣᠭ ᠬᠣᠰᠢᠭᠤ᠄ ᠪᠠᠭᠰᠢ ᠰᠤᠷᠤᠭᠴᠢ ᠵᠢ ᠬᠠᠶᠢᠷᠠᠯᠠᠨ ᠬᠠᠯᠠᠮᠵᠢᠯᠠᠵᠤ ᠡᠷᠡᠬᠦᠯ ᠴᠢᠬᠢᠷᠠᠭ ᠰᠤᠷᠤᠯᠴᠠᠯᠭ᠎ᠠ ᠵᠢᠨ ᠤᠷᠴᠢᠨ ᠢ ᠴᠤᠭᠴᠠᠯᠠᠨ᠎ᠠ
2024-10-10 10:15:42
ᠣᠷᠳᠣ ᠬᠤᠭᠤᠴᠠᠭᠠᠨ ᠤ ᠲᠤᠷᠰᠢ᠂ ᠣᠲᠣᠭ ᠬᠣᠰᠢᠭᠤᠨ ᠤ ᠬᠢᠨ ᠠᠷᠠᠳ ᠤᠨ ᠪᠠᠭᠰᠢ ᠵᠢ ᠬᠠᠯᠠᠮᠵᠢᠯᠠᠬᠤ ᠵᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠠᠮᠢᠳᠤᠷᠠᠯ ᠤᠨ ᠪᠠᠲᠤᠯᠠᠭ᠎ᠠ ᠠᠴᠠ ᠰᠡᠳᠭᠢᠴᠡ ᠢᠢᠨ ᠬᠠᠶᠢᠷ᠎ᠠ ᠬᠠᠯᠠᠮᠵᠢ ᠬᠦᠷᠲᠡᠯ᠎ᠡ ᠪᠠᠭᠰᠢ ᠢᠢ ᠪᠥᠬᠥ ᠲᠠᠯ᠎ᠠ ᠪᠠᠷ ᠬᠠᠯᠠᠮᠵᠢᠯᠠᠨ ᠬᠠᠮᠠᠭᠠᠯᠠᠬᠤ ᠵᠢᠨ ᠬᠠᠮᠳᠤ ᠰᠣᠷᠣᠭᠴᠢ ᠢᠢᠨ ᠶᠠᠷᠦᠡᠭᠭᠡᠶᠢᠯᠡᠭᠰᠡᠨ ᠬᠡᠪ ᠪᠣᠯᠪᠠᠰᠤᠷᠠᠯ ᠢ ᠳᠡᠭᠡᠭ᠍ᠰᠢᠯᠡᠭᠦᠯᠵᠦ᠂ ᠬᠡᠷ ᠪᠦᠯᠢ ᠪᠠ ᠰᠤᠷᠭᠠᠭᠤᠯᠢ ᠢᠢᠨ ᠬᠠᠮᠲᠤ ᠵᠢᠨ ᠬᠦᠮᠦᠵᠢᠯ ᠤᠨ ᠠᠵᠢᠯᠯᠠᠭ᠎ᠠ ᠢᠢ ᠢᠳᠡᠪᠬᠢᠲᠡᠶ ᠥᠷᠨᠢᠭᠦᠯᠵᠦ᠂ ᠣᠯᠠᠨ ᠠᠷᠭ᠎ᠠ ᠵᠠᠮ ᠢᠶᠠᠷ ᠰᠣᠷᠣᠭᠴᠢ ᠢᠢᠨ ᠪᠡᠶ᠎ᠡ ᠰᠡᠳᠭᠢᠴᠡ ᠡᠷᠡᠭᠦᠯ ᠮᠡᠨᠳᠦ ᠢᠢ ᠪᠠᠲᠤᠯᠠᠭᠰᠠᠭᠠᠷ ᠢᠷᠡᠵᠡᠶ᠃
ᠤᠳᠤᠭ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠨᠢ ᠪᠠᠭᠰᠢ ᠢᠢᠨ ᠪᠡᠶ᠎ᠡ ᠰᠡᠳᠭᠢᠴᠡ ᠵᠢᠨ ᠡᠷᠡᠭᠦᠯ ᠮᠡᠨᠳᠦ ᠢᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠰᠤᠷᠭᠠᠭᠤᠯᠢ ᠪᠠᠷ ᠨᠢᠭᠡᠴᠢ ᠪᠣᠯᠭᠠᠨ ᠪᠠᠭᠰᠢ ᠢᠢᠨ ᠰᠡᠳᠭᠢᠴᠡ ᠢᠢᠨ ᠬᠠᠶᠢᠷ᠎ᠠ ᠬᠠᠯᠠᠮᠵᠢ ᠢᠢᠨ ᠭᠣᠸᠯ ᠰᠡᠳᠦᠪᠲᠦ ᠠᠵᠢᠯᠯᠠᠭ᠎ᠠ ᠢᠢ ᠢᠳᠡᠪᠬᠢᠲᠡᠶ ᠵᠣᠬᠢᠶᠠᠨ ᠪᠠᠶᠢᠭᠤᠯᠪᠠ᠃ ᠠᠵᠢᠯᠯᠠᠭ᠎ᠠ ᠢᠢ ᠪᠡᠯᠡᠳᠭᠡᠬᠦ ᠱᠠᠲᠤᠨ ᠳᠤ ᠰᠤᠷᠭᠠᠭᠤᠯᠢ ᠢᠢᠨ ᠳᠣᠲᠣᠷᠠᠬᠢ ᠠᠯᠪᠠᠨ ᠵᠠᠷ ᠤᠨ ᠰᠠᠮᠪᠠᠷ᠎ᠠ᠂ ᠪᠠᠭᠰᠢ ᠢᠢᠨ ᠠᠵᠢᠯ ᠤᠨ ᠵᠢᠷᠬᠢᠶ᠎ᠠ ᠬᠤᠯᠪᠤᠭ᠎ᠠ ᠵᠡᠷᠭᠡ ᠤᠯᠠᠨ ᠲᠠᠪᠴᠡᠡᠭ ᠢᠶᠠᠷ ᠥᠷᠭᠡᠨ ᠳᠡᠯᠭᠡᠷ ᠤᠬᠠᠭᠤᠯᠭ᠎ᠠ ᠬᠢᠵᠦ᠂ ᠪᠠᠭᠰᠢ ᠨᠠᠷ ᠤ᠋ᠨ ᠢᠳᠡᠪᠬᠢᠲᠡᠢ ᠣᠷᠣᠯᠴᠠᠵᠠᠭᠠᠬᠤ ᠢᠢ ᠶᠡᠬᠡᠪᠡᠷ ᠤᠷᠢᠶᠠᠯᠠᠪᠠ᠃ ᠠᠵᠢᠯᠯᠠᠭᠠᠨ ᠤ ᠳᠤᠮᠳᠠ᠂ ᠲᠤᠰᠬᠠᠶ ᠮᠡᠷᠭᠡᠵᠢᠯ ᠦᠨ ᠰᠡᠳᠭᠢᠴᠡ ᠢᠢᠨ ᠪᠠᠭᠰᠢ ᠬᠥᠲᠥᠯᠥᠨ ᠳᠠᠭᠠᠭᠤᠯᠬᠤ ᠦᠢᠯᠡᠳᠦᠯ ᠢᠶᠡᠨ ᠭᠦᠢᠴᠡᠳ ᠪᠠᠳᠠᠷᠠᠭᠤᠯᠵᠤ᠂ ᠮᠥᠰᠥ ᠬᠠᠭᠠᠯᠬᠤ ᠲᠣᠭᠯᠠᠭᠠᠮ᠂ OH ᠺᠠᠷᠲ ᠤᠨ ᠪᠡᠶᠡᠴᠢ ᠣᠶᠢᠯᠠᠭᠠᠯᠲᠠ ᠵᠡᠷᠭᠡ ᠠᠯᠢ ᠣᠯᠠᠨ ᠰᠣᠨᠢᠷᠬᠠᠯᠳᠠᠢ ᠪᠦᠲᠦᠭᠡᠯᠴᠢ ᠲᠤᠭᠯᠠᠭᠠᠮ ᠢ ᠨᠠᠷᠢᠨ ᠨᠢᠮᠪᠠᠶ ᠤᠬᠠᠭᠠᠯᠠᠨ ᠰᠡᠳᠦᠵᠦ ᠥᠷᠨᠢᠭᠦᠯᠦᠭ᠍ᠰᠡᠨ ᠪᠠᠶᠢᠨ᠎ᠠ᠃ ᠡᠭᠦᠨ ᠡᠴᠡ ᠭᠠᠳᠠᠨ᠎ᠠ᠂ ᠰᠤᠷᠤᠭᠴᠢᠳ ᠪᠠᠭᠰᠢ ᠨᠠᠷ ᠲᠠᠭᠠᠨ ᠲᠠᠯᠠᠷᠬᠠᠯ ᠤᠨ ᠦᠬᠡ ᠪᠡᠨ ᠪᠢᠴᠢᠵᠦ ᠳᠡᠯᠭᠡᠨ ᠦᠵᠡᠭᠦᠯᠦᠭᠰᠡᠨ ᠠᠵᠢᠯᠯᠠᠭ᠎ᠠ ᠨᠢ ᠪᠠᠭᠰᠢ ᠨᠠᠷ ᠲᠤ ᠰᠤᠷᠤᠭᠴᠢᠳ ᠤᠨ ᠬᠦᠨᠳᠦᠳᠭᠡᠯ ᠬᠠᠶᠢᠷ᠎ᠠ ᠪᠠ ᠲᠠᠯᠠᠷᠬᠠᠯ ᠤᠨ ᠰᠡᠳᠭᠢᠯᠭᠡ ᠢᠢ ᠮᠡᠳᠡᠷᠡᠭᠦᠯᠪᠡ︔ ︽ᠪᠠᠭᠰᠢ ᠢᠢᠨ ᠰᠡᠳᠬᠢᠯ ᠤᠨ ᠦᠬᠡ︾ᠬᠤᠷᠠᠯ ᠨᠢ ᠪᠠᠭᠰᠢ ᠨᠠᠷ ᠲᠤ ᠵᠢᠭᠠᠨ ᠰᠤᠷᠭᠠᠯᠲᠠ ᠢᠢᠨ ᠲᠤᠷᠰᠢᠯᠭ᠎ᠠ ᠪᠠ ᠠᠮᠢᠳᠤᠷᠠᠯ ᠤᠨ ᠣᠶᠢᠯᠠᠭᠠᠯᠲᠠ ᠪᠠᠨ ᠰᠣᠯᠢᠯᠴᠠᠬᠤ ᠲᠠᠪᠴᠠᠩ ᠬᠠᠩᠭᠠᠪᠠ︔ ᠰᠡᠳᠭᠢᠴᠡ ᠢᠢᠨ ᠡᠷᠡᠭᠦᠯ ᠮᠡᠨᠳᠦ ᠢᠢᠨ ᠲᠤᠰᠬᠠᠶ ᠰᠡᠳᠦᠪᠲᠦ ᠲᠠᠶᠢᠯᠤᠮᠵᠢ ᠨᠢ ᠲᠤᠰᠬᠠᠶ ᠮᠡᠷᠭᠡᠵᠢᠯ ᠦᠨ ᠲᠠᠯ᠎ᠠ ᠠᠴᠠ ᠪᠠᠭᠰᠢ ᠨᠠᠷ ᠲᠤ ᠰᠡᠳᠭᠢᠴᠡ ᠢᠢᠨ ᠵᠣᠬᠢᠴᠠᠭᠤᠯᠭ᠎ᠠ ᠢᠢᠨ ᠪᠦᠲᠦᠮᠵᠢᠲᠡᠶ ᠠᠷᠭ᠎ᠠ ᠢᠢ ᠤᠯᠠᠮᠵᠢᠯᠠᠪᠠ︔ ᠳᠤᠷ᠎ᠠ ᠰᠣᠨᠢᠷᠬᠠᠯ ᠤᠨ ᠲᠠᠮᠢᠷ ᠤᠨ ᠴᠤᠭᠯᠠᠭᠠᠨ ᠨᠢ ᠪᠠᠭᠰᠢ ᠨᠠᠷ ᠢ ᠪᠠᠶᠠᠷ ᠪᠠᠶᠠᠰᠤᠯ ᠤᠨ ᠳᠤᠮᠳᠠ ᠪᠡᠶ᠎ᠡ ᠰᠡᠳᠭᠢᠯ ᠢ ᠨᠢ ᠲᠠᠶᠢᠪᠤᠰᠢᠷᠠᠭᠤᠯᠵᠤ᠂ ᠪᠦᠯᠬᠦᠮᠳᠡᠯ ᠨᠢᠭᠲᠠᠷᠠᠯ ᠤᠨ ᠬᠦᠴᠦᠨ ᠢ ᠨᠢ ᠴᠢᠩᠭᠠᠷᠠᠭᠤᠯᠤᠭᠰᠠᠨ ᠪᠠᠶᠢᠨ᠎ᠠ᠃ ᠰᠤᠷᠭᠠᠭᠤᠯᠢ ᠡᠴᠡ ᠪᠠᠰᠠ ᠣᠯᠠᠨ ᠵᠦᠢᠯ ᠦᠨ ᠪᠣᠯᠤᠮᠵᠢᠲᠠᠶ ᠠᠷᠭ᠎ᠠ ᠬᠡᠯᠪᠡᠷᠢ ᠪᠡᠷ ᠪᠠᠭᠰᠢ ᠨᠠᠷ ᠢ ᠬᠥᠲᠥᠯᠥᠨ ᠵᠢᠯᠣᠭᠣᠳᠴᠤ ᠰᠡᠳᠭᠢᠴᠡ ᠢᠢᠨ ᠡᠷᠡᠭᠦᠯ ᠮᠡᠨᠳᠦ ᠢᠢᠨ ᠮᠡᠳᠡᠯᠭᠡ ᠢᠢ ᠡᠵᠡᠮᠰᠢᠭᠦᠯᠵᠦ᠂ ᠳᠠᠷᠤᠭᠠᠰᠤ ᠢᠢ ᠨᠢ ᠪᠦᠲᠦᠮᠵᠢᠲᠡᠶ ᠪᠡᠷ ᠲᠣᠬᠢᠷᠠᠭᠤᠯᠪᠠ᠃ ᠵᠠᠷᠢᠮ ᠰᠤᠷᠭᠠᠭᠤᠯᠢ ᠲᠤᠰᠬᠠᠶᠢᠯᠠᠨ ᠪᠠᠭᠰᠢ ᠢᠢᠨ ᠰᠡᠳᠭᠢᠴᠡ ᠢᠢᠨ ᠯᠠᠪᠯᠠᠯᠲᠠ ᠢᠢᠨ ᠬᠠᠯᠠᠮᠰᠢᠯ ᠤᠲᠠᠰᠤ ᠪᠠ ᠰᠦᠯᠵᠢᠶᠡᠨ ᠳᠡᠭᠡᠷᠡᠬᠢ ᠯᠠᠪᠯᠠᠯᠲᠠ ᠢᠢᠨ ᠲᠠᠪᠴᠠᠩ ᠢ ᠪᠠᠶᠢᠭᠤᠯᠵᠤ᠂ ᠪᠠᠭᠰᠢ ᠨᠠᠷ ᠲᠤ ᠰᠡᠳᠭᠢᠴᠡ ᠢᠢᠨ ᠯᠠᠪᠯᠠᠯᠲᠠ ᠢᠢᠨ ᠦᠢᠯᠡᠴᠢᠯᠡᠭᠡ ᠬᠠᠩᠭᠠᠵᠤ᠂ ᠪᠠᠭᠰᠢ ᠨᠠᠷ ᠤᠨ ᠰᠡᠳᠭᠢᠴᠡ ᠢᠢᠨ ᠭᠠᠴᠢᠭᠳᠠᠯ ᠳᠤ ᠤᠴᠠᠷᠠᠪᠠᠯ ᠴᠠᠭ ᠲᠤᠬᠠᠶ ᠳᠤᠨᠢ ᠲᠤᠰᠬᠠᠶ ᠮᠡᠷᠭᠡᠵᠢᠯ ᠦᠨ ᠬᠠᠪᠰᠤᠷᠤᠯᠭ᠎ᠠ ᠪᠠ ᠳᠡᠮᠵᠢᠯᠭᠡ ᠭᠥᠷᠳᠡᠬᠦ ᠢᠢ ᠦᠨᠡᠨ ᠬᠦ ᠪᠠᠲᠤᠯᠠᠪᠠ᠃
ᠰᠢᠨ᠎ᠠ ᠰᠤᠷᠤᠯᠭ᠎ᠠ ᠵᠢᠨ ᠬᠤᠭᠤᠴᠠᠭ᠎ᠠ ᠡᠬᠢᠯᠡᠭᠰᠡᠨ ᠠᠩᠬᠠᠨ ᠤ ᠡᠳᠦᠷ᠂ ᠡᠯ᠎ᠠ ᠰᠤᠷᠭᠠᠭᠤᠯᠢ ᠵᠢᠨ ᠪᠠᠭᠰᠢ ᠨᠡᠷ ᠥᠩᠭᠡ ᠢᠯᠭᠠᠷᠠᠭᠰᠠᠨ ᠰᠠᠮᠪᠠᠷ᠎ᠠ ᠢᠢᠨ ᠰᠣᠨᠢᠨ ᠢ ᠵᠢᠷᠤᠵᠤ ᠲᠥᠯᠥᠪᠯᠡᠨ᠂ ᠤᠷᠢᠶ᠎ᠠ ᠯᠣᠽᠦᠩ ᠨᠠᠭᠠᠵᠤ᠂ ᠰᠤᠷᠭᠠᠭᠤᠯᠢ ᠵᠢᠨ ᠬᠦᠷᠢᠶ᠎ᠠ ᠪᠡᠷ ᠤᠷᠤᠵᠤ ᠢᠷᠡᠭᠰᠡᠨ ᠰᠤᠷᠤᠭᠴᠢ ᠨᠢᠬᠡᠪᠦᠷᠢ ᠳᠤ ᠬᠠᠯᠠᠭᠤᠨ ᠲᠤᠲᠤᠨᠤ ᠬᠠᠶᠢᠷ᠎ᠠ ᠬᠠᠯᠠᠮᠵᠢ ᠵᠢ ᠮᠡᠳᠡᠷᠡᠬᠦᠯᠪᠡ᠃ ᠡᠯ᠎ᠡ ᠳᠤᠮᠳᠠᠳᠤ ᠪᠠᠭ᠎ᠠ ᠰᠤᠷᠭᠠᠭᠤᠯᠢ ᠢᠢᠨ ᠰᠡᠳᠭᠢᠴᠡ ᠢᠢᠨ ᠡᠷᠡᠭᠦᠯ ᠮᠡᠨᠳᠦ ᠢᠢᠨ ᠬᠥᠮᠦᠵᠢᠯ ᠦᠨ ᠪᠠᠭᠰᠢ ᠨᠠᠷ ᠠᠳᠠᠯᠢ ᠪᠤᠰᠤ ᠣᠨ ᠤ ᠰᠤᠷᠤᠭᠴᠢᠳ ᠤᠨ ᠰᠡᠳᠭᠢᠴᠡ ᠢᠢᠨ ᠣᠨᠴᠠᠯᠢᠭ ᠲᠠᠶ ᠨᠢᠭᠲᠠ ᠤᠶᠠᠯᠳᠤᠭᠤᠯᠤᠨ᠂ ᠰᠤᠷᠤᠯᠴᠠᠯᠭ᠎ᠠ᠂ ᠬᠥᠮᠦᠰ ᠦᠨ ᠬᠠᠷᠢᠴᠠᠭ᠎ᠠ᠂ ᠣᠷᠴᠢᠨ ᠲᠣᠭᠣᠷᠢᠨ ᠤ ᠵᠣᠬᠢᠴᠠᠯ ᠵᠡᠷᠭᠡ ᠭᠤᠷᠪᠠᠨ ᠲᠠᠯ᠎ᠠ ᠠᠴᠠ ᠣᠯᠠᠨ ᠵᠦᠢᠯ ᠦᠨ ᠬᠡᠯᠪᠡᠷᠢ ᠢᠢᠨ ᠠᠵᠢᠯᠯᠠᠭ᠎ᠠ ᠢᠢ ᠨᠠᠷᠢᠨ ᠨᠢᠮᠪᠠᠶ ᠥᠷᠨᠢᠭᠦᠯᠵᠡᠶ᠃ ᠰᠢᠨ᠎ᠠ ᠰᠤᠷᠤᠯᠭ᠎ᠠ ᠵᠢᠨ ᠬᠤᠭᠤᠴᠠᠭᠠᠨ ᠤ ᠰᠡᠳᠭᠢᠴᠡ ᠢᠢᠨ ᠡᠷᠡᠭᠦᠯ ᠮᠡᠨᠳᠦ ᠢᠢᠨ ᠠᠩᠬᠠᠨ ᠤ ᠬᠢᠴᠢᠶᠡᠯ᠂ ᠰᠡᠳᠭᠢᠴᠡ ᠢᠢᠨ ᠡᠷᠡᠭᠦᠯ ᠮᠡᠨᠳᠦ ᠢᠢᠨ ᠲᠤᠰᠬᠠᠶ ᠰᠡᠳᠦᠪᠲᠦ ᠲᠠᠶᠢᠯᠤᠮᠵᠢ᠂ ᠰᠤᠷᠭᠠᠭᠤᠯᠢ ᠳᠤ ᠣᠷᠣᠬᠤ ᠰᠡᠳᠭᠢᠴᠡ ᠢᠢᠨ ᠷᠠᠳᠢᠣ᠋ ᠨᠡᠪᠲᠡᠷᠡᠭᠦᠯᠭᠡ ᠵᠡᠷᠭᠡ ᠨᠢ ᠠᠳᠠᠯᠢ ᠪᠤᠰᠤ ᠬᠠᠷᠠᠭᠠᠰᠤ ᠠᠴᠠ ᠰᠤᠷᠤᠭᠴᠢᠳ ᠲᠤ ᠲᠤᠰᠬᠠᠶ ᠮᠡᠷᠭᠡᠵᠢᠯ ᠦᠨ ᠰᠡᠳᠭᠢᠴᠡ ᠢᠢᠨ ᠵᠢᠯᠣᠭᠣᠳᠣᠯᠭ᠎ᠠ ᠬᠠᠩᠭᠠᠵᠤ᠂ ᠰᠤᠷᠤᠭᠴᠢᠳ ᠢ ᠬᠠᠪᠳᠤᠷᠤᠨ ᠰᠢᠨ᠎ᠡ ᠰᠤᠷᠤᠯᠭ᠎ᠠ ᠢᠢᠨ ᠬᠤᠭᠤᠴᠠᠭ᠎ᠠ᠂ ᠰᠢᠨ᠎ᠡ ᠣᠷᠴᠢᠨ ᠲᠣᠭᠣᠷᠢᠨ ᠳᠤ ᠨᠠᠩ ᠰᠠᠶᠢᠨ ᠵᠣᠬᠢᠴᠠᠭᠤᠯᠬᠤ ᠢᠢᠨ ᠬᠠᠮᠲᠤ ᠰᠤᠷᠤᠭᠴᠢᠳ ᠤᠨ ᠰᠡᠳᠭᠢᠴᠡ ᠢᠢᠨ ᠬᠡᠪ ᠪᠣᠯᠪᠠᠰᠤᠷᠠᠯ ᠢ ᠪᠦᠲᠦᠮᠵᠢᠲᠡᠶ ᠪᠡᠷ ᠳᠡᠭᠡᠭ᠍ᠰᠢᠯᠡᠭᠦᠯᠪᠡ᠃
ᠬᠡᠷ ᠦᠨ ᠠᠬᠠᠮᠠᠳ ᠤᠨ ᠬᠡᠸᠬᠡᠳ ᠬᠥᠮᠦᠵᠢᠭᠦᠯᠬᠦ ᠴᠢᠳᠠᠪᠤᠷᠢ ᠢᠢ ᠪᠦᠲᠦᠮᠵᠢᠲᠡᠶ ᠳᠡᠭᠡᠭ᠍ᠰᠢᠯᠡᠭᠦᠯᠬᠦ ᠢᠢᠨ ᠲᠥᠯᠥᠭᠡ᠂ ᠪᠥᠬᠥ ᠬᠣᠰᠢᠭᠤᠨ ᠤ 15 ᠳᠤᠮᠳᠠᠳᠤ ᠪᠠᠭ᠎ᠠ ᠰᠤᠷᠭᠠᠭᠤᠯᠢ ᠨᠢ ᠰᠤᠷᠤᠯᠭ᠎ᠠ ᠡᠬᠢᠯᠡᠭ᠍ᠰᠡᠨ ᠨᠢᠭᠡᠳᠦᠭᠡᠷ ᠭᠠᠷᠠᠭ ᠲᠤ ᠵᠠᠯᠭᠠᠭ᠎ᠠ ᠪᠠᠷ ᠬᠡᠷ ᠦᠨ ᠠᠬᠠᠮᠠᠳ ᠤᠨ ᠬᠤᠷᠠᠯ ᠬᠢᠵᠦ᠂ ᠵᠠᠷᠢᠮ ᠰᠤᠷᠭᠠᠭᠤᠯᠢ ᠨᠢ ᠬᠡᠷ ᠦᠨ ᠠᠬᠠᠮᠠᠳ ᠤᠨ ᠬᠢᠴᠢᠶᠡᠯ ᠢ ᠢᠳᠡᠪᠬᠢᠲᠡᠶ ᠥᠷᠨᠢᠭᠦᠯᠪᠡ᠃ ᠭᠡᠷ ᠦᠨ ᠠᠬᠠᠮᠠᠳ ᠤᠨ ᠬᠤᠷᠠᠯ ᠳᠡᠭᠡᠷ᠎ᠡ᠂ ᠠᠩᠬᠢ ᠢᠢᠨ ᠡᠷᠬᠢᠯᠡᠭ᠍ᠴᠢ ᠭᠡᠷ ᠦᠨ ᠠᠬᠠᠮᠠᠳ ᠲᠠᠶ ᠨᠠᠷᠢᠨ ᠨᠢᠭᠲᠠ ᠶᠠᠷᠢᠯᠴᠠᠵᠤ᠂ ᠰᠤᠷᠭᠠᠭᠤᠯᠢ ᠡᠬᠢᠯᠡᠭ᠍ᠰᠡᠨ ᠦ ᠳᠠᠷᠠᠭᠠᠬᠢ ᠰᠤᠷᠤᠭᠴᠢᠳ ᠤᠨ ᠠᠵᠢᠯᠯᠠᠵᠤ ᠠᠮᠠᠷᠠᠬᠤ ᠲᠤᠬᠢᠷᠠᠭᠤᠯᠤᠯᠳᠠ᠂ ᠤᠷᠮ᠎ᠠ ᠰᠡᠳᠭᠢᠯᠭᠡ ᠢᠢᠨ ᠬᠤᠪᠢᠷᠠᠯᠲᠠ ᠵᠢᠴᠢ ᠰᠡᠳᠭᠢᠴᠡ ᠢᠢᠨ ᠡᠷᠡᠭᠦᠯ ᠮᠡᠨᠳᠦ ᠵᠡᠷᠭᠡ ᠪᠠᠶᠢᠳᠠᠯ ᠢ ᠨᠠᠷᠢᠨ ᠨᠢᠭᠲᠠ ᠲᠠᠨᠢᠯᠴᠠᠭᠤᠯᠪᠠ᠃ ᠡᠭᠦᠨ ᠦ ᠬᠠᠮᠲᠤ᠂ ᠭᠡᠷ ᠦᠨ ᠠᠬᠠᠮᠠᠳ ᠤᠨ ᠬᠡᠦᠬᠡᠳ ᠦᠨ ᠰᠡᠳᠭᠢᠯ ᠤᠨ ᠦᠬᠡ ᠵᠢ ᠰᠣᠨᠣᠰᠤᠭᠴᠢ ᠪᠠ ᠰᠠᠬᠢᠨ ᠬᠠᠮᠠᠭᠠᠯᠠᠭᠴᠢ ᠪᠣᠯᠬᠤ ᠢᠢ ᠵᠣᠷᠢᠭᠵᠢᠭᠤᠯᠵᠤ᠂ ᠡᠳᠦᠷ ᠲᠤᠲᠤᠮ ᠤᠨ ᠬᠠᠨᠢ ᠪᠠ ᠠᠵᠢᠭᠯᠠᠯᠲᠠ ᠪᠠᠷ ᠳᠠᠮᠵᠢᠨ ᠴᠠᠭ ᠲᠤᠬᠠᠶ ᠳᠤᠨᠢ ᠬᠡᠦᠬᠡᠳ ᠦᠨ ᠰᠡᠳᠭᠢᠴᠡ ᠢᠢᠨ ᠱᠠᠭᠠᠷᠳᠠᠯᠭ᠎ᠠ ᠢᠢ ᠣᠶᠢᠯᠠᠭᠠᠵᠤ᠂ ᠬᠡᠦᠬᠡᠳ ᠦᠨ ᠰᠡᠳᠭᠢᠴᠡ ᠢᠢᠨ ᠡᠷᠡᠭᠦᠯ ᠮᠡᠨᠳᠦ ᠢᠢ ᠬᠠᠯᠠᠮᠵᠢᠯᠠᠬᠤ ᠢᠢ ᠵᠣᠷᠢᠭᠵᠢᠭᠤᠯᠪᠠ᠃
ᠡᠯ᠎ᠠ ᠰᠤᠷᠭᠠᠭᠤᠯᠢ ᠢᠢᠨ ᠬᠢᠨ ᠪᠠᠰᠠ ᠰᠤᠷᠤᠭᠴᠢᠳ ᠤᠨ ᠰᠡᠳᠭᠢᠴᠡ ᠢᠢᠨ ᠨᠡᠶᠢᠳᠡᠮ ᠪᠠᠶᠢᠴᠠᠭᠠᠯᠲᠠ ᠢᠢᠨ ᠰᠢᠯᠭᠠᠨ ᠦᠨᠡᠯᠡᠬᠦ ᠠᠵᠢᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ᠂ ᠵᠢᠷᠬᠢᠶ᠎ᠠ ᠲᠠᠪᠴᠡᠡᠭ ᠳ᠋ᠤ ᠰᠡᠳᠭᠢᠴᠡ ᠢᠢᠨ ᠡ᠊ᠩ ᠦᠨ ᠰᠢᠯᠭᠠᠯᠲᠠ ᠢᠢᠨ ᠬᠡᠷ ᠦᠨ ᠠᠬᠠᠮᠠᠳ ᠲᠤ ᠮᠡᠳᠡᠭ᠍ᠳᠡᠬᠦ ᠪᠢᠴᠢᠭ ᠢ ᠤᠷᠢᠳᠴᠢᠯᠠᠨ ᠨᠡᠶᠢᠲᠡᠯᠡᠵᠦ᠂ ᠬᠡᠷ ᠦᠨ ᠠᠬᠠᠮᠠᠳ ᠲᠤ ᠰᠢᠯᠭᠠᠨ ᠦᠨᠡᠯᠡᠬᠦ ᠶᠠᠪᠤᠴᠠ᠂ ᠵᠣᠷᠢᠯᠭ᠎ᠠ ᠪᠠ ᠠᠴᠢ ᠬᠣᠯᠪᠣᠭᠳᠠᠯ ᠢ ᠨᠠᠷᠢᠨ ᠲᠠᠨᠢᠯᠴᠠᠭᠤᠯᠪᠠ᠃ ᠡᠭᠦᠨ ᠦ ᠬᠠᠮᠲᠤ᠂ ᠰᠡᠳᠭᠢᠴᠡ ᠢᠢᠨ ᠬᠠᠪᠰᠤᠷᠤᠨ ᠵᠢᠯᠣᠭᠣᠳᠬᠤ ᠲᠤᠰᠬᠠᠶ ᠠᠩᠭᠢ ᠢᠢᠨ ᠦᠢᠯᠡᠴᠢᠯᠡᠬᠦ ᠴᠠᠭ ᠪᠠ ᠬᠠᠷᠢᠯᠴᠠᠬᠤ ᠠᠷᠭ᠎ᠠ ᠮᠠᠶ᠋ᠢᠭ ᠢ ᠨᠡᠶᠢᠲᠡᠯᠡᠵᠦ᠂ ᠬᠡᠷ ᠦᠨ ᠠᠬᠠᠮᠠᠳ ᠪᠠ ᠰᠤᠷᠤᠭᠴᠢᠳ ᠤᠨ ᠬᠡᠷᠡᠭ᠍ᠴᠡᠭᠡ ᠲᠡᠶ ᠦᠶ᠎ᠡ ᠳᠦ ᠴᠠᠭ ᠲᠤᠬᠠᠶ ᠳᠤᠨᠢ ᠲᠤᠰᠬᠠᠶ ᠮᠡᠷᠭᠡᠵᠢᠯ ᠦᠨ ᠰᠡᠳᠭᠢᠴᠡ ᠢᠢᠨ ᠳᠡᠮᠵᠢᠯᠭᠡ ᠤᠯᠬᠤ ᠢᠢ ᠦᠨᠡᠨ ᠬᠦ ᠪᠠᠲᠤᠯᠠᠪᠠ ᠃ ᠪᠠᠰᠠ ᠰᠤᠷᠭᠠᠭᠤᠯᠢ ᠵᠢᠨ ᠵᠢᠷᠬᠢᠶ᠎ᠠ ᠲᠠᠪᠴᠡᠡᠭ ᠪᠠ ᠠᠩᠭᠢ ᠢᠢᠨ ᠵᠢᠷᠬᠢᠶ᠎ᠠ ᠬᠤᠯᠪᠤᠭ᠎ᠠ ᠳᠤ 96885᠂ 12355 ᠵᠡᠷᠭᠡ ᠨᠡᠶᠢᠭᠡᠮ ᠦᠨ ᠰᠡᠳᠭᠢᠴᠡ ᠢᠢᠨ ᠬᠠᠯᠠᠮᠰᠢᠯ ᠤᠲᠠᠰᠤᠨ ᠤ ᠲᠤᠰᠠᠯᠠᠮᠵᠢ ᠢᠢᠨ ᠡᠬᠢ ᠪᠠᠶᠠᠯᠢᠭ ᠢ ᠨᠡᠶᠢᠲᠡᠯᠡᠵᠦ᠂ ᠰᠣᠷᠣᠭᠴᠢ᠂ ᠬᠡᠷ ᠦᠨ ᠠᠬᠠᠮᠠᠳ ᠪᠠ ᠪᠠᠭᠰᠢ ᠢᠢᠨ ᠲᠤᠰᠠᠯᠠᠮᠵᠢ ᠭᠤᠶᠤᠴᠢᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠭᠡᠵᠦ᠂ ᠰᠤᠷᠤᠭᠴᠢᠳ ᠤᠨ ᠪᠡᠶ᠎ᠡ ᠰᠡᠳᠭᠢᠯ ᠦᠨ ᠡᠷᠡᠭᠦᠯ ᠮᠡᠨᠳᠦ ᠳᠦ ᠣᠯᠠᠨ ᠲᠠᠯ᠎ᠠ ᠢᠢᠨ ᠪᠠᠲᠤᠯᠠᠭ᠎ᠠ ᠬᠠᠩᠭᠠᠭᠰᠠᠨ ᠪᠠᠶᠢᠨ᠎ᠠ᠃