ᠰᠠᠭᠠᠯᠢ ᠢᠢᠨ ᠤᠶᠢᠯᠡᠰ ᠠᠴᠠ ᠰᠠᠷᠠᠭᠤᠯ ᠵᠠᠮ ᠲᠤᠷᠠᠶᠢᠨ᠎ᠠ

2026-02-09 11:33:28

ᠦᠤᠰᠢᠨ ᠬᠤᠰᠢᠭᠤᠨ ᠤ ᠤᠯᠠᠭᠠᠨᠳᠤᠯᠤᠭᠠᠢ ᠪᠠᠯᠭᠠᠰᠤᠨ ᠤ ᠪᠠᠶᠠᠠ᠊ᠠᠤᠪᠤᠭ᠎ᠠ ᠭᠠᠴᠠᠭᠠᠨ ᠤ ᠮᠠᠯᠴᠢᠨ ᠵᠠᠡᠭᠭ᠎ᠠ ᠵᠢᠨ ᠬᠢᠨ ᠠᠭᠤᠳᠠᠮ ᠮᠤᠩᠭᠤᠯ ᠨᠣᠳᠤᠭ ᠤᠨ ᠡᠯᠢᠭᠡᠨ ᠳᠤ ᠮᠠᠯᠴᠢᠨ ᠵᠠᠶᠠᠭ᠎ᠠ ᠪᠠᠨ ᠬᠤᠪᠢᠳᠠᠵᠤ᠂ ᠤᠳᠤᠮ ᠲᠠᠮᠵᠢᠭᠰᠠᠨ ᠮᠠᠯᠵᠢᠬᠤ ᠤᠬᠠᠭᠠᠨ ᠢᠶᠠᠨ ᠲᠦᠰᠢᠵᠦ᠂ ᠮᠠᠯ ᠤᠨ ᠢᠶᠠᠨ ᠠᠰᠢᠭ ᠰᠢᠮ᠎ᠡ ᠪᠠᠷ ᠦᠬᠡᠳᠡᠷᠭᠡᠭ ᠠᠮᠢᠳᠤᠷᠠᠯ ᠢᠶᠠᠨ ᠴᠤᠭᠴᠠᠯᠠᠵᠤ ᠶᠠᠪᠤᠨ᠎ᠠ᠃

ᠲᠡᠳᠡᠨ ᠤ ᠬᠢᠨ ᠰᠦ ᠰᠠᠭᠠᠯᠢ ᠢᠢᠨ ᠠᠵᠢᠯ ᠢ ᠡᠷᠬᠢᠯᠡᠭᠡᠳ ᠬᠤᠷᠢ ᠭᠠᠷᠤᠢ ᠵᠢᠯ ᠪᠤᠯᠤᠭᠰᠠᠨ ᠪᠣᠯᠬᠤᠷ ᠨᠠᠯᠢᠶᠠᠳ ᠲᠤᠭᠳᠠᠭᠰᠠᠨ ᠬᠡᠷᠡᠭ᠍ᠯᠡᠭ᠍ᠴᠢᠳ ᠲᠠᠢ ᠪᠤᠯᠵᠣ᠂ ᠤᠳᠣ ᠦᠷᠦᠮ᠎ᠡ᠂ ᠰᠢᠷ᠎ᠠ ᠲᠤᠰᠣ᠂ ᠴᠦᠷᠮ᠎ᠠ ᠵᠡᠷᠭᠡ ᠴᠠᠭᠠᠨ ᠢᠳᠡᠭᠡ ᠢᠢ ᠪᠤᠯᠪᠠᠰᠤᠷᠠᠭᠤᠯᠤᠨ ᠪᠤᠷᠤᠯᠠᠭᠤᠯᠵᠤ᠂ ᠰᠦ ᠰᠠᠭᠠᠯᠢ ᠢᠢᠨ ᠠᠵᠢᠯ ᠢ ᠦᠪᠡᠷ ᠤᠨ ᠲᠤᠬᠠᠶᠢᠯᠠᠭᠰᠠᠨ ᠠᠵᠢᠯ ᠤᠶᠢᠯᠡᠰ ᠢᠶᠠᠨ ᠪᠣᠯᠭᠠᠨ ᠡᠷᠬᠢᠯᠡᠨ ᠬᠢᠵᠦ ᠪᠤᠢ᠃ ᠤᠣᠯ ᠳ᠋ᠠᠭᠠᠨ ᠵᠦᠪᠭᠡᠨ ᠠᠶᠢᠯ ᠡᠷᠤᠭᠡ ᠢᠢᠨ ᠬᠡᠯᠪᠡᠷᠢ ᠪᠠᠷ ᠪᠠᠭ᠎ᠠ ᠭᠡᠪᠴᠢᠶ᠎ᠡ ᠪᠠᠷ ᠰᠦ ᠰᠠᠭᠠᠯᠢ ᠪᠠᠨ ᠬᠢᠵᠦ ᠪᠠᠶᠢᠭᠰᠠᠨ ᠠᠴᠠ ᠪᠠᠶᠠᠨ ᠰᠠᠭᠠᠯᠢ ᠴᠠᠭᠠᠨ ᠢᠳᠡᠭᠡᠨ ᠤ ᠲᠤᠰᠬᠠᠢ ᠬᠤᠷᠰᠢᠶᠠᠵᠢᠯ ᠢ ᠪᠠᠶᠢᠭᠤᠯᠵᠤ᠂ ᠭᠡᠪᠴᠢᠶᠡᠵᠢᠭ᠍ᠰᠡᠨ᠂ ᠪᠠᠷᠢᠮᠵᠢᠶᠠᠵᠢᠭᠰᠠᠨ ᠤᠶᠢᠯᠡᠳᠪᠤᠷᠢ ᠢᠢᠨ ᠲᠠᠰᠤᠭ ᠪᠣᠯᠭᠠᠨ ᠲᠡᠰ ᠲᠠᠪᠰᠢᠭᠦᠯᠵᠦ ᠤᠯᠠᠨ ᠲᠦᠷᠥᠯ ᠤᠨ ᠴᠠᠭᠠᠨ ᠢᠳᠡᠭᠡ ᠢᠢ ᠪᠤᠯᠪᠠᠰᠤᠷᠠᠭᠤᠯᠬᠤ ᠨᠦᠭᠦᠴᠡᠯ ᠪᠤᠯᠤᠮᠵᠢ ᠲᠠᠢ ᠪᠤᠯᠵᠤ᠂ ᠤᠷᠳᠤᠰ ᠤᠨ ᠡᠯ᠎ᠡ ᠬᠤᠰᠢᠭᠤ ᠲᠤᠭᠤᠷᠢᠭ ᠵᠢᠴᠢ ᠪᠤᠭᠤᠳᠤ᠂ ᠬᠦᠬᠡᠬᠤᠳᠠ᠂ ᠲᠡᠮᠡᠭᠡᠳᠤ ᠵᠡᠷᠭᠡ ᠭᠠᠵᠠᠷ ᠤᠳ ᠵᠢᠡᠷ ᠪᠤᠷᠤᠯᠠᠭᠤᠯᠬᠤ ᠪᠤᠯᠵᠠᠢ᠃

ᠮᠡᠳᠡᠭᠡᠵᠢ ᠪᠠᠷ ᠤᠯᠠᠭᠠᠳᠤᠯᠤᠭᠠᠢ ᠪᠠᠯᠭᠠᠰᠤ ᠤᠶᠢᠷ᠎ᠠ ᠢᠢᠨ ᠵᠢᠯ ᠠᠴᠠ ᠬᠦᠳᠡᠭᠡ ᠲᠤᠰᠬᠤᠨ ᠢ ᠬᠦᠭ᠍ᠵᠢᠭᠦᠯᠦᠨ ᠮᠠᠨᠳᠤᠭᠤᠯᠬᠤ ᠲᠦᠷᠥ ᠢᠢᠨ ᠪᠤᠳᠣᠯᠭ᠎ᠠ ᠢᠢ ᠰᠡᠶᠢᠳᠤᠷ ᠲᠤᠭᠤᠰᠢᠯᠠᠭᠤᠯᠵᠤ᠂ ᠮᠠᠯ ᠲᠠᠷᠢᠶᠡᠯᠡᠩ ᠤᠨ ᠠᠵᠤ ᠤᠶᠢᠯᠡᠰ ᠤᠨ ᠴᠢᠨᠡᠷ ᠰᠡᠶᠢᠳᠡᠢ ᠬᠦᠭ᠍ᠵᠢᠯᠳᠡ ᠢᠢ ᠪᠠᠷᠢᠮᠳᠠᠯᠠᠵᠤ ᠪᠣᠬᠢᠷᠳᠤᠯ ᠦᠭᠡᠢ ᠬᠦᠭ᠍ᠵᠢᠯᠳᠡ ᠪᠠᠷ ᠭᠤᠤᠯᠳᠠᠯᠭ᠎ᠠ ᠪᠣᠯᠭᠠᠨ ᠤᠷᠤᠨ ᠨᠣᠳᠤᠭ ᠤᠨ ᠤᠨᠴᠠᠯᠢᠭᠳᠤ ᠠᠵᠤ ᠤᠶᠢᠯᠡᠰ ᠢ ᠰᠠᠶᠢᠳᠤᠷ ᠠᠳᠬᠤᠭᠰᠠᠭᠠᠷ ᠢᠷᠠᠵᠠᠢ᠃ ᠵᠠᠩᠭ᠎ᠠ ᠢᠢᠨ ᠬᠢᠨ ᠨᠠᠮ ᠵᠠᠰᠠᠭ ᠤᠨ ᠬᠦᠴᠦᠳᠡᠢ ᠳᠡᠮᠵᠢᠯᠭᠡ ᠪᠤᠯᠤᠨ ᠤᠷᠢᠶᠠᠯᠠᠭ᠎ᠠ ᠢᠢ ᠪᠤᠳᠠᠳᠠᠢ ᠠᠵᠢᠯ ᠳ᠋ᠠᠭᠠᠨ ᠲᠤᠭᠤᠰᠢᠯᠠᠭᠤᠯᠵᠤ᠂ ᠮᠠᠯ ᠤᠨ ᠠᠰᠢᠭ ᠰᠢᠮ᠎ᠡ ᠵᠢᠨ ᠠᠵᠤ ᠦᠢᠯᠡᠰ ᠢ ᠰᠠᠶᠢᠲᠤᠷ ᠡᠷᠬᠢᠯᠡᠬᠦ ᠡᠭᠦᠳᠡᠨ ᠡᠴᠡ ᠵᠢᠯ ᠪᠤᠯᠭᠠᠨ ᠤᠷᠤᠨ ᠨᠤᠲᠤᠭ ᠤᠨ ᠭᠠᠷᠤᠯᠳᠠ ᠵᠢᠨ ᠪᠤᠷᠤᠯᠠᠭᠤᠯᠭ᠎ᠠ ᠵᠢᠨ ᠠᠵᠢᠯᠯᠠᠭ᠎ᠠ ᠳ᠋ᠤ ᠢᠳᠡᠪᠬᠢᠲᠡᠢ ᠤᠷᠤᠯᠴᠠᠳᠠᠭ ᠪᠠᠶᠢᠨ᠎ᠠ᠃ ᠲᠦᠷᠦᠭᠦᠭᠡᠨ ᠦᠤᠰᠢᠨ ᠬᠤᠰᠢᠭᠤ ᠠᠴᠠ ᠡᠪᠣᠯ ᠤᠨ ᠤᠯᠠᠷᠢᠯ ᠤᠨ ᠮᠠᠯ ᠲᠠᠷᠢᠶᠠᠯᠡᠩ ᠤᠨ ᠤᠠᠴᠠᠯᠢᠭᠳᠤ ᠪᠦᠳᠤᠭᠡᠭ᠍ᠳᠡᠭᠦᠨ ᠤ ᠲᠡᠯᠭᠡᠨ ᠪᠤᠷᠤᠯᠠᠭᠤᠯᠭ᠎ᠠ ᠢᠢᠨ ᠠᠵᠢᠯᠯᠠᠭ᠎ᠠ ᠢᠢ ᠵᠤᠬᠢᠶᠠᠨ ᠪᠠᠶᠢᠭᠤᠯᠤᠨ ᠶᠠᠪᠤᠭᠳᠠᠭᠤᠯᠵᠤ ᠪᠠᠶᠢᠭ᠎ᠠ ᠬᠤᠭᠤᠴᠠᠭᠠᠨ ᠳ᠋ᠤ ᠵᠠᠩᠭ᠎ᠠ ᠴᠠᠭ ᠢ ᠵᠠᠪᠳᠤᠨ ᠤᠷᠤᠯᠴᠠᠵᠤ᠂ ᠦᠪᠡᠷ ᠤᠨ ᠬᠢᠭ᠍ᠰᠡᠨ ᠦᠷᠥᠮ᠎ᠡ᠂ ᠴᠦᠷᠮ᠎ᠠ ᠵᠡᠷᠭᠡ ᠴᠠᠭᠠᠨ ᠢᠳᠡᠭᠡᠨ ᠤ ᠪᠦᠳᠤᠭᠡᠭ᠍ᠳᠡᠭᠦᠨ ᠢᠶᠠᠨ ᠪᠤᠷᠤᠯᠠᠭᠤᠯᠤᠭᠠᠳ 6 ᠲᠦᠮᠡᠨ ᠲᠦᠭᠦᠷᠢᠭ ᠤᠨ ᠠᠰᠢᠭ ᠤᠯᠪᠠ᠃

ᠤᠶᠢᠯᠡᠰ ᠪᠤᠰᠬᠠᠨ᠎ᠠ ᠭᠡᠳᠡᠭ ᠲᠠᠶᠢᠮᠤ ᠬᠢᠯᠪᠡᠷ ᠶᠠᠪᠤᠳᠠᠯ ᠪᠢᠰᠢ᠃ ᠵᠠᠩᠭ᠎ᠠ ᠵᠢᠨ ᠤᠶᠢᠯᠡᠰ ᠪᠤᠰᠬᠠᠬᠤ ᠵᠠᠮ ᠨᠢ ᠢᠯᠭᠤᠮ ᠤᠷᠤᠭᠰᠢᠲᠠᠢ ᠴᠠᠭ ᠪᠠᠶᠢᠬᠤ ᠳᠤ ᠪᠤᠷᠤᠯᠠᠭᠤᠯᠭ᠎ᠠ ᠵᠤᠬᠰᠤᠡᠭᠭᠤᠶᠢᠷᠠᠬᠤ ᠭᠡᠴᠡᠭᠦᠤ ᠴᠠᠭ ᠦᠶ᠎ᠡ ᠪᠠᠰᠠ ᠲᠤᠯᠭᠠᠷᠠᠵᠤ ᠦᠡᠭᠭᠡᠷᠡᠵᠡᠢ᠃ ᠲᠡᠷᠡ 2024 ᠤᠨ ᠳ᠋ᠤ ᠰᠠᠭᠠᠯᠢ ᠵᠢᠨ ᠦᠢᠯᠡᠰ ᠲᠡᠬᠡᠨ ᠪᠦᠬᠦ ᠬᠦᠴᠦ ᠪᠠᠨ ᠡᠷᠭᠦᠵᠤ ᠰᠢᠨ᠎ᠡ ᠪᠦᠳᠤᠭᠡᠭ᠍ᠳᠡᠭᠦᠨ ᠢ ᠰᠦᠪᠡᠭ᠍ᠴᠢᠯᠡᠨ᠂ ︽ᠰᠦ ᠲᠠᠢ ᠴᠠᠢ︾ᠰᠢᠨ᠎ᠡ ᠲᠦᠷᠦᠯ ᠲᠡᠮᠲᠡᠭᠳᠤ  ᠢᠢ ᠡᠬᠢᠯᠡᠨ ᠬᠢᠵᠦ ᠵᠠᠬ᠎ᠠ ᠲᠡᠯᠭᠡᠭᠦᠷ ᠲᠡᠭᠡᠷ᠎ᠡ ᠪᠤᠷᠤᠯᠠᠭᠤᠯᠤᠨ ᠬᠡᠷᠡᠭ᠍ᠯᠡᠭ᠍ᠴᠢᠳ ᠤᠨ ᠬᠠᠯᠠᠭᠤᠨ ᠬᠦᠷᠢᠶᠠᠯᠠᠯ ᠢ ᠤᠯᠤᠭᠰᠠᠨ ᠪᠠᠶᠢᠨ᠎ᠠ᠃

ᠵᠠᠬ᠎ᠠ ᠲᠡᠯᠭᠡᠭᠦᠷ ᠤᠨ ᠦᠷᠢᠰᠦᠯᠳᠤᠭᠡᠨ ᠤ ᠲᠣᠮᠲᠠ ᠦᠪᠡᠷ ᠤᠨ ᠭᠡᠰᠡᠨ ᠤᠷᠤᠨ ᠵᠡᠢ ᠪᠠᠨ ᠣᠯᠵᠤ ᠪᠠᠷᠠᠭ᠎ᠠ ᠪᠦᠳᠤᠭᠡᠭ᠍ᠳᠡᠭᠦᠨ ᠢᠶᠠᠨ ᠪᠤᠷᠤᠯᠠᠭᠤᠯᠬᠤ ᠳᠤ ᠵᠠᠪᠠᠯ ᠪᠤᠰᠤᠳ ᠠᠴᠠ ᠤᠨᠴᠠᠯᠢᠭᠳᠠᠬᠤ ᠤᠨᠴᠠᠯᠢᠭ ᠲᠠᠢ ᠪᠠᠶᠢᠬᠤ ᠴᠢᠬᠤᠯᠠ ᠳᠠᠢ᠃ ᠡᠨᠡ ᠪᠥᠭᠦᠨ ᠢ ᠰᠤᠷᠭᠤᠭ ᠲᠠᠨᠢᠭᠰᠠᠨ ᠵᠠᠩᠭ᠎ᠠ ᠤᠷᠴᠢᠮᠬᠠᠨ︽ᠰᠦ ᠲᠠᠢ ᠴᠠᠢ︾ ᠪᠠᠨ ᠰᠢᠨᠡᠴᠢᠯᠡᠨ ᠬᠢᠵᠦ ᠬᠤᠰᠢᠭᠤᠨ ᠤ ᠵᠠᠬ᠎ᠠ ᠵᠡᠬᠡᠯᠢ ᠵᠢᠨ ᠲᠡᠯᠭᠡᠭᠦᠷ ᠲᠸ᠋ ᠬᠦᠷᠬᠡᠨ ᠪᠤᠷᠤᠯᠠᠭᠤᠯᠵᠤ ᠡᠬᠢᠯᠡᠯ᠎ᠡ᠃ ᠵᠠᠩᠭ᠎ᠠ ᠡᠨᠡ ᠭᠦ ᠤᠶᠢᠯᠡᠰ ᠤᠨ ᠲᠥᠯᠥᠭᠡ ᠡᠳᠤᠷ ᠰᠦᠨᠢ ᠢ ᠬᠠᠶᠢᠬᠤᠷᠤᠯ ᠦᠭᠡᠢ᠂ ᠪᠡᠶ᠎ᠡ ᠰᠡᠳᠭᠢᠯ ᠣᠶᠤᠨ ᠤᠬᠠᠭᠠᠨ ᠢᠶᠠᠨ ᠵᠤᠷᠢᠭᠤᠯᠵᠤ ᠭᠡᠷᠡᠭ᠍ᠯᠡᠭ᠍ᠴᠢᠳ ᠪᠦᠭᠦᠨ ᠳᠤ ᠬᠢᠨᠠᠮᠠᠭᠠᠢ ᠬᠠᠨᠳᠤᠵᠣ᠂ ᠤᠯᠠᠨ ᠤ ᠰᠠᠨᠠᠯ ᠢ ᠰᠤᠨᠤᠰᠴᠤ᠂ ᠰᠢᠨ᠎ᠡ ᠴᠠᠭ ᠡᠷᠢᠨ ᠳᠠᠬᠢ ᠠᠵᠤ ᠠᠬᠤᠶᠢᠯᠠᠯ ᠤᠨ ᠵᠠᠮ ᠢ ᠡᠷᠢᠯᠬᠢᠯᠡᠨ ᠤᠷᠤᠬᠰᠢᠯᠠᠨ᠎ᠠ᠃ ᠲᠡᠷᠡ ᠴᠠᠭᠠᠨ ᠢᠳᠡᠭᠡᠨ ᠤ ᠦᠢᠯᠡᠰ ᠢᠶᠠᠷ ᠢᠶᠠᠨ ᠤᠶᠢᠷ᠎ᠠ ᠬᠠᠪᠢ ᠢᠢᠨ ᠮᠠᠯᠴᠢᠳ ᠲᠠᠭᠠᠨ ᠵᠤᠷᠢᠬᠵᠢᠭᠤᠯᠤᠯ ᠪᠤᠯᠤᠬᠰᠠᠨ ᠵᠢᠡᠷ ᠪᠠᠷᠠᠬᠤ ᠦᠭᠡᠢ ᠤᠷᠤᠨ ᠨᠣᠳᠤᠭ ᠤᠨ ᠴᠠᠭᠠᠨ ᠢᠳᠡᠭᠡᠨ ᠤ ᠤᠶᠢᠯᠡᠰ ᠤᠨ ᠬᠦᠭ᠍ᠵᠢᠯᠳᠡ ᠢᠢ ᠠᠬᠢᠭᠤᠯᠵᠣ᠂ ᠬᠦᠳᠡᠭᠡ ᠲᠤᠰᠬᠤᠨ ᠤ ᠬᠦᠭ᠍ᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠦ ᠪᠠᠷ ᠴᠢᠷᠮᠠᠶᠢᠵᠤ ᠶᠠᠪᠤᠨ᠎ᠠ᠃

X